ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠺᠠᠲᠠᠷ ᠴᠠᠭᠳᠠᠭ᠎ᠠ ᠴᠢᠬᠤᠯᠠ ᠶᠡᠬᠡ ᠬᠡᠷᠡᠭ ᠤᠨ ᠲᠢᠩᠬᠢᠮ ᠤᠨ ᠰᠢᠭᠦᠯᠲᠡ ᠶᠢᠨ ᠪᠠᠲᠤᠯᠠᠯᠲᠠ ᠶᠢᠨ ᠡᠭᠦᠷᠭᠡ ᠪᠡᠨ ᠲᠡᠭᠦᠰ ᠠᠮᠵᠢᠯᠲᠠ ᠲᠠᠢ ᠪᠡᠶᠡᠯᠡᠭᠦᠯᠪᠡ
ᠵᠣᠬᠢᠶᠠᠭᠴᠢ᠄ ᠰᠢᠭᠦᠬᠦ ᠳᠤ ᠬᠢᠨᠠᠯᠲᠠ ᠲᠠᠯᠪᠢᠬᠤ ᠲᠢᠩᠬᠢᠮ ᠯᠢᠦ ᠮᠸᠢ
3 ᠰᠠᠷ᠎ᠠ ᠶᠢᠨ23 ᠤ ᠡᠳᠦᠷ᠂ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠡᠴᠡ ᠪᠠᠢ ᠬᠣᠣ ᠵᠡᠷᠭᠡ ᠬᠥᠮᠦᠰ ᠤᠨ ᠬᠠᠤᠯᠢ ᠪᠤᠰᠤ ᠪᠡᠷ ᠤᠯᠠᠨ ᠲᠦᠮᠡᠨ ᠤ ᠬᠠᠳᠠᠭᠠᠯᠠᠮᠵᠢ ᠵᠢ ᠳᠠᠲᠠᠭᠰᠠᠨ ᠶᠠᠯ᠎ᠠ ᠵᠢ ᠳᠡᠭᠡᠭᠰᠢ ᠵᠠᠭᠠᠯᠳᠤᠭᠰᠠᠨ ᠬᠡᠷᠡᠭ ᠢ ᠬᠠᠤᠯᠢ ᠶᠣᠰᠣᠭᠠᠷ ᠢᠯᠡ ᠪᠡᠷ ᠲᠢᠩᠬᠢᠮ ᠨᠡᠭᠡᠭᠡᠨ ᠰᠢᠭᠦᠯᠲᠡ ᠬᠢᠪᠡ᠃ ᠲᠤᠰ ᠬᠡᠷᠡᠭ ᠨᠢ ᠬᠤᠯᠪᠤᠭᠲᠠᠭᠰᠠᠨ ᠬᠥᠮᠦᠨ ᠤ ᠲᠣᠭ᠎ᠠ ᠨᠢ ᠤᠯᠠᠨ᠂ ᠬᠡᠷᠡᠭ ᠤᠨ ᠪᠠᠢᠲᠠᠯ ᠪᠤᠳᠤᠯᠢᠶᠠᠨᠲᠠᠢ ᠪᠠᠢᠵᠤ᠂ ᠲᠤᠰ ᠬᠡᠷᠡᠭ ᠤᠨ ᠬᠣᠶᠠᠳᠤᠭᠠᠷ ᠰᠢᠭᠦᠯᠲᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠯᠠᠲᠠ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠶᠢᠨ ᠴᠠᠭᠳᠠᠭ᠎ᠠ ᠡᠴᠡ ᠡᠵᠡᠨ ᠬᠣᠷᠤᠭ᠎ᠠ ᠬᠣᠰᠢᠭᠤᠨ ᠤ ᠬᠠᠤᠯᠢ ᠶᠢᠨ ᠴᠠᠭᠳᠠᠭᠠᠨ ᠤ ᠶᠡᠬᠡ ᠠᠩᠬᠢ ᠳᠤ ᠴᠠᠭᠳᠠᠭ᠎ᠠ ᠰᠢᠯᠵᠢᠭᠦᠯᠬᠦ ᠵᠠᠷᠯᠢᠭ ᠭᠠᠷᠭᠠᠵᠤ᠂ ᠲᠤᠰ ᠬᠣᠷᠢᠶᠠᠨ ᠤ8 ᠨᠡᠷ᠎ᠡ ᠰᠢᠯᠢᠳᠡᠭ ᠬᠠᠤᠯᠢ ᠶᠢᠨ ᠴᠠᠭᠳᠠᠭ᠎ᠠ ᠵᠢ ᠰᠢᠯᠵᠢᠭᠦᠯᠵᠦ᠂ ᠶᠠᠯᠠᠲᠠᠨ ᠤ ᠲᠡᠷᠭᠡ2᠂ ᠴᠠᠭᠳᠠᠭᠠᠨ ᠤ ᠬᠤᠪᠢ ᠶᠢᠨ ᠲᠣᠨᠤᠭᠯᠠᠯ ᠢᠶᠡᠨ ᠳᠠᠢᠴᠢᠯᠠᠨ᠂ ᠲᠤᠰ ᠤᠳᠠᠭᠠᠨ ᠤ ᠲᠢᠩᠬᠢᠮ ᠤᠨ ᠰᠢᠭᠦᠯᠲᠡ ᠶᠢᠨ ᠠᠶᠤᠯ ᠦᠭᠡᠢ ᠶᠢᠨ ᠪᠠᠢᠴᠠᠭᠠᠯᠲᠠ᠂ ᠲᠢᠩᠬᠢᠮ ᠳᠤ ᠵᠢᠵᠢᠭᠦᠷᠯᠡᠬᠦ᠂ ᠲᠠᠷᠤᠵᠤ ᠬᠦᠷᠭᠡᠬᠦ᠂ ᠬᠠᠷᠠᠨ ᠬᠠᠮᠢᠶᠠᠷᠬᠤ ᠵᠡᠷᠭᠡ ᠠᠵᠢᠯ ᠢ ᠪᠥᠬᠦ ᠬᠦᠴᠦᠨ ᠢᠶᠡᠷ ᠢᠶᠡᠨ ᠰᠠᠢᠲᠤᠷ ᠬᠢᠬᠦ ᠵᠢ ᠱᠠᠭᠠᠷᠳᠠᠪᠠ᠃
ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠶᠢᠨ ᠴᠠᠭᠳᠠᠭᠠᠨ ᠤ ᠤᠳᠤᠷᠢᠳᠤᠯᠭ᠎ᠠ ᠲᠤᠰ ᠤᠳᠠᠭᠠᠨ ᠤ ᠲᠢᠩᠬᠢᠮ ᠤᠨ ᠰᠢᠭᠦᠯᠲᠡ ᠵᠢ ᠲᠤᠢᠯ ᠢᠶᠡᠷ ᠴᠢᠬᠤᠯᠠᠴᠢᠯᠠᠨ ᠦᠵᠡᠵᠦ᠂ ᠪᠥᠬᠦ ᠬᠠᠤᠯᠢ ᠶᠢᠨ ᠴᠠᠭᠳᠠᠭᠠᠨ ᠤ ᠡᠩᠨᠡᠭᠡ ᠵᠢ ᠵᠣᠬᠢᠶᠠᠨ ᠪᠠᠢᠭᠤᠯᠤᠨ ᠪᠠᠴᠢᠮ ᠬᠤᠷᠠᠯ ᠬᠤᠷᠠᠯᠳᠤᠨ᠂ ᠬᠢᠨᠠᠮᠠᠭᠠᠢ ᠵᠣᠬᠢᠶᠠᠨ ᠪᠠᠢᠭᠤᠯᠵᠤ᠂ ᠨᠠᠷᠢᠨ ᠨᠢᠭᠲᠠ ᠲᠥᠰᠦᠪᠯᠡᠨ᠂ ᠲᠢᠩᠬᠢᠮ ᠤᠨ ᠰᠢᠭᠦᠯᠲᠡ ᠶᠢᠨ ᠴᠠᠭ᠂ ᠲᠠᠯᠠᠪᠤᠷ ᠤᠨ ᠨᠥᠬᠦᠴᠡᠯ᠂ ᠵᠠᠭᠠᠯᠳᠤᠯᠭ᠎ᠠ ᠳᠤ ᠤᠷᠤᠯᠴᠠᠬᠤ ᠬᠥᠮᠦᠨ ᠤ ᠲᠣᠭ᠎ᠠ ᠵᠡᠷᠭᠡ ᠵᠢ ᠦᠨᠳᠦᠰᠦᠯᠡᠨ᠂ ᠨᠠᠷᠢᠯᠢᠭ ᠢᠶᠡᠷ ᠲᠢᠩᠬᠢᠮ ᠳᠤ ᠵᠢᠵᠢᠭᠦᠷᠯᠡᠬᠦ᠂ ᠲᠠᠷᠤᠵᠤ ᠬᠦᠷᠭᠡᠬᠦ᠂ ᠬᠠᠷᠠᠨ ᠬᠠᠮᠢᠶᠠᠷᠬᠤ ᠵᠡᠷᠭᠡ ᠠᠵᠢᠯ ᠤᠨ ᠲᠥᠰᠦᠯ ᠢ ᠰᠤᠳᠤᠯᠤᠨ ᠳᠤᠭᠲᠠᠭᠠᠵᠤ᠂ ᠳᠡᠭᠲᠡᠷ ᠳᠡᠭᠲᠡᠷ ᠢᠶᠡᠷ ᠡᠭᠦᠷᠭᠡ ᠪᠡᠨ ᠬᠤᠪᠢᠶᠠᠷᠢᠯᠠᠨ᠂ ᠬᠠᠷᠢᠭᠤᠴᠠᠯᠭ᠎ᠠ ᠵᠢ ᠪᠤᠲᠠᠲᠠᠢ ᠨᠠᠢᠳᠠᠪᠤᠷᠢᠵᠢᠭᠤᠯᠤᠨ᠂ ᠭᠦᠢᠴᠡᠳ ᠪᠡᠯᠡᠳᠭᠡᠯ ᠬᠢᠪᠡ᠃ ᠡᠭᠦᠨ ᠤ ᠵᠡᠷᠭᠡᠪᠡᠷ ᠬᠠᠤᠯᠢ ᠶᠢᠨ ᠴᠠᠭᠳᠠᠭᠠᠨ ᠤ ᠡᠩᠨᠡᠭᠡᠨ ᠤ ᠬᠠᠤᠯᠢ ᠶᠢᠨ ᠴᠠᠭᠳᠠᠭ᠎ᠠ ᠪᠦᠬᠦᠨ ᠢᠶᠡᠷ ᠢᠶᠡᠨ ᠤᠷᠤᠯᠴᠠᠬᠤ ᠵᠢ ᠱᠠᠭᠠᠷᠳᠠᠵᠤ᠂2᠄1 ᠶᠢᠨ ᠳᠠᠷᠤᠵᠤ ᠬᠦᠷᠭᠡᠬᠦ ᠬᠠᠷᠢᠴᠠᠯ ᠤᠨ ᠱᠠᠭᠠᠷᠳᠠᠯᠭ᠎ᠠ ᠵᠢ ᠴᠢᠩᠭ᠎ᠠ ᠵᠢᠷᠤᠮᠯᠠᠨ᠂ ᠲᠢᠩᠬᠢᠮ ᠤᠨ ᠰᠢᠭᠦᠯᠲᠡ ᠳᠤᠮᠳᠠ4 ᠵᠠᠭᠠᠯᠳᠤᠭᠳᠠᠭᠴᠢ ᠳᠤ ᠬᠥᠮᠦᠨ ᠳᠤᠭᠲᠠᠭᠠᠨ ᠳᠠᠷᠤᠵᠤ ᠬᠦᠷᠭᠡᠬᠦ᠂ ᠪᠥᠬᠦ ᠶᠠᠪᠤᠴᠠ ᠳᠤ ᠰᠢᠲᠠᠷ ᠳᠠᠷᠤᠵᠤ ᠬᠦᠷᠭᠡᠬᠦ ᠠᠷᠭ᠎ᠠ ᠬᠡᠮᠵᠢᠶ᠎ᠡ ᠵᠢ ᠠᠪᠤᠪᠠ᠃ ᠪᠥᠬᠦ ᠬᠠᠤᠯᠢ ᠶᠢᠨ ᠴᠠᠭᠳᠠᠭ᠎ᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠰᠡᠳᠭᠢᠯᠭᠡ ᠪᠡᠷ᠂ ᠬᠠᠷᠠᠯᠲᠠ ᠪᠡᠨ ᠲᠣᠳᠤᠷᠬᠠᠢ ᠪᠣᠯᠭᠠᠨ᠂ ᠲᠤᠰ ᠲᠤᠰ ᠤᠨ ᠡᠭᠦᠷᠭᠡ ᠪᠡᠨ ᠭᠦᠢᠴᠡᠳᠭᠡᠵᠦ᠂ ᠲᠥᠰᠦᠪ ᠳᠤ ᠳᠤᠭᠲᠠᠭᠠᠭᠰᠠᠠ ᠶᠣᠰᠣᠭᠠᠷ ᠠᠵᠢᠯ ᠢᠶᠡᠨ ᠥᠷᠨᠢᠭᠦᠯᠵᠦ᠂ ᠲᠢᠩᠬᠢᠮ ᠤᠨ ᠰᠢᠭᠦᠯᠲᠡ ᠶᠢᠨ ᠡᠮᠬᠢ ᠵᠢᠷᠤᠮ ᠢ ᠬᠠᠮᠠᠭᠠᠯᠠᠵᠤ᠂ ᠲᠢᠩᠬᠢᠮ ᠤᠨ ᠰᠢᠭᠦᠯᠲᠡ ᠶᠢᠨ ᠤᠷᠤᠭᠰᠢᠲᠠᠢ ᠲᠡᠭᠦᠰᠬᠦ ᠵᠢ ᠪᠠᠲᠤᠯᠠᠪᠠ᠃
ᠲᠤᠰ ᠤᠳᠠᠭᠠᠨ ᠤ ᠲᠢᠩᠬᠢᠮ ᠤᠨ ᠰᠢᠭᠦᠯᠲᠡ ᠶᠢᠨ ᠪᠠᠲᠤᠯᠠᠭ᠎ᠠ ᠶᠢᠨ ᠠᠵᠢᠯ ᠨᠢ ᠮᠠᠨ ᠤ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠴᠠᠭᠳᠠᠭᠠᠨ ᠤ《 ᠮᠡᠷᠭᠡᠵᠢᠯ ᠤᠨ ᠲᠡᠮᠡᠴᠡᠭᠡᠨ》 ᠪᠣᠯᠪᠠᠰᠤᠷᠠᠯ ᠤᠨ ᠦᠷ᠎ᠡ ᠪᠦᠲᠦᠮᠵᠢ ᠵᠢ ᠭᠦᠢᠴᠡᠳ ᠪᠠᠳᠠᠷᠠᠭᠤᠯᠵᠤ᠂ ᠪᠣᠳᠠᠲᠤ ᠪᠠᠢᠯᠳᠤᠭᠠᠨ ᠤ ᠴᠢᠳᠠᠮᠵᠢ ᠢ ᠨᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠵᠤ᠂ ᠡᠭᠦᠨ ᠤ ᠵᠡᠷᠭᠡᠪᠡᠷ ᠰᠢᠭᠦᠬᠦ ᠬᠣᠷᠢᠶᠠᠨ ᠤ ᠬᠠᠤᠯᠢ ᠬᠡᠷᠡᠵᠢᠭᠦᠯᠦᠯᠲᠡ ᠶᠢᠨ ᠴᠠᠭᠳᠠᠭᠠᠨ ᠤ ᠰᠢᠯᠢᠳᠡᠭ ᠰᠠᠢᠨ ᠵᠣᠷᠢᠭ ᠰᠠᠨᠠᠭᠠᠨ ᠤ ᠲᠦᠷᠢ ᠳᠥᠷᠬᠦ ᠪᠠ ᠮᠠᠰᠢ ᠰᠠᠢᠨ ᠲᠤᠬᠠᠢᠯᠠᠭᠰᠠᠨ ᠠᠵᠢᠯ ᠤᠨ ᠬᠡᠪ ᠰᠤᠷᠲᠠᠯ ᠢ ᠪᠥᠬᠦ ᠲᠠᠯ᠎ᠠ ᠪᠡᠷ ᠢᠯᠡᠷᠡᠭᠦᠯᠪᠡ᠃
ᠦᠨᠡᠯᠡᠬᠦ 0ᠦᠨᠡᠯᠡᠯᠲᠡ᠎ᠲᠠᠢ