ᠵᠣᠬᠢᠶᠠᠭᠴᠢ᠄ ᠦᠦᠰᠢᠨ ᠬᠣᠰᠢᠭᠤᠨ ᠤ ᠰᠢᠭᠦᠬᠦ ᠬᠤᠷᠢᠶ᠎ᠠ ᠼᠤᠤ ᠵᠢᠶᠸ
3 ᠰᠠᠷ᠎ᠠ ᠶᠢᠨ23 ᠤ ᠦᠳᠡ ᠶᠢᠨ ᠡᠮᠦᠨ᠎ᠡ᠂ ᠦᠦᠰᠢᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠡᠴᠡ2017 ᠤᠨ ᠤ ᠨᠢᠭᠡᠳᠦᠭᠡᠷ ᠤᠯᠠᠷᠢᠯ ᠤᠨ ᠰᠣᠨᠢᠨ ᠮᠡᠳᠡᠭᠡ ᠨᠡᠢᠲᠡᠯᠡᠬᠦ ᠬᠤᠷᠠᠯ ᠢ ᠬᠤᠷᠠᠯᠳᠤᠵᠤ᠂ ᠮᠠᠨ ᠤ ᠬᠣᠷᠢᠶᠠᠨ ᠤ2016 ᠤᠨ ᠤ《 ᠭᠦᠢᠴᠡᠳᠬᠡᠬᠦ ᠵᠢᠯ》 ᠤ ᠲᠤᠰᠭᠠᠢ ᠲᠥᠷᠦᠯ ᠤᠨ ᠠᠵᠢᠯᠠᠯᠭᠠᠨ ᠤ ᠪᠠᠢᠳᠠᠯ ᠪᠠ2017 ᠤᠨ ᠤ ᠰᠢᠭᠦᠨ ᠳᠠᠰᠤᠯᠠᠵᠤ ᠭᠦᠢᠴᠡᠳᠬᠡᠬᠦ ᠠᠵᠢᠯ ᠤᠨ ᠴᠢᠬᠤᠯᠠ ᠴᠢᠭ ᠲᠤᠰᠭᠠᠢ ᠰᠡᠳᠦᠪ ᠢᠶᠡᠷ ᠨᠡᠢᠲᠡᠯᠡᠵᠦ᠂ ᠦᠦᠰᠢᠨ ᠬᠣᠰᠢᠭᠤᠨ ᠤ ᠲᠸᠯᠸᠢᠰ ᠬᠤᠷᠢᠶ᠎ᠠ᠂ ᠰᠣᠨᠢᠨ ᠤ ᠬᠤᠷᠢᠶ᠎ᠠ ᠵᠡᠷᠭᠡ ᠵᠠᠭᠤᠴᠢᠯᠠᠭᠤᠷ ᠤᠨ ᠬᠢᠨᠢ ᠨᠡᠢᠲᠡᠯᠡᠬᠦ ᠬᠤᠷᠠᠯ ᠳᠤ ᠣᠷᠤᠯᠴᠠᠪᠠ᠃
ᠤᠯᠠᠨ ᠲᠦᠮᠡᠨ ᠤ ᠪᠠᠢᠳᠠᠯ ᠢ ᠮᠡᠳᠡᠬᠦ ᠡᠷᠬᠡ ᠪᠠ ᠬᠢᠨᠠᠯᠲᠠ ᠲᠠᠯᠪᠢᠬᠤ ᠡᠷᠬᠡ ᠵᠢ ᠤᠯᠠᠮ ᠰᠠᠢᠨ ᠬᠠᠩᠭᠠᠵᠤ᠂ ᠬᠠᠤᠯᠢ ᠬᠡᠷᠡᠭᠵᠢᠭᠦᠯᠦᠯᠲᠡ ᠶᠢᠨ ᠢᠯᠡ ᠨᠥᠯᠦᠭᠡ ᠵᠢ ᠥᠷᠭᠡᠳᠭᠡᠬᠦ ᠶᠢᠨ ᠲᠤᠯᠠᠲᠠ᠂ ᠲᠤᠰ ᠤᠳᠠᠭᠠᠨ ᠤ ᠨᠡᠢᠲᠡᠯᠡᠬᠦ ᠬᠤᠷᠠᠯ ᠨᠢ ᠬᠢᠲᠠᠳ ᠮᠣᠩᠭᠤᠯ ᠬᠤᠶᠠᠷ ᠬᠡᠯᠡ ᠪᠡᠷ ᠨᠡᠢᠲᠡᠯᠡᠬᠦ ᠬᠡᠯᠪᠡᠷᠢ ᠵᠢ ᠬᠡᠷᠡᠭᠯᠡᠵᠦ᠂ ᠰᠣᠨᠢᠨ ᠮᠡᠳᠡᠭᠡ ᠨᠡᠢᠲᠡᠯᠡᠭᠴᠢ ᠾᠸ ᠺᠧ ᠳᠡᠳ᠋ ᠬᠣᠷᠢᠶᠠᠨ ᠳᠠᠷᠤᠭ᠎ᠠ ᠡᠴᠡ ᠮᠡᠳᠡᠭᠡᠯᠡᠯ ᠬᠢᠵᠦ᠂ ᠳᠠᠷᠠᠭ᠎ᠠ ᠨᠢ ᠮᠣᠩᠭᠤᠯ ᠰᠣᠨᠢᠨ ᠮᠡᠳᠡᠭᠡ ᠨᠡᠢᠲᠡᠯᠡᠭᠴᠢ ᠪᠣᠯᠤᠷ ᠲᠢᠩᠬᠢᠮ ᠤᠨ ᠳᠠᠷᠤᠭ᠎ᠠ ᠡᠴᠡ ᠮᠣᠩᠭᠤᠯ ᠢᠶᠡᠷ ᠣᠷᠴᠢᠭᠤᠯᠤᠨ ᠮᠡᠳᠡᠭᠡᠯᠡᠪᠡ᠃
ᠨᠡᠢᠲᠡᠯᠡᠬᠦ ᠬᠤᠷᠠᠯ ᠨᠢ ᠤᠷᠢᠳᠠᠪᠡᠷ ᠮᠠᠨ ᠤ ᠬᠣᠷᠢᠶᠠᠨ ᠤ2016 ᠤᠨ ᠤ《 ᠭᠦᠢᠴᠡᠳᠬᠡᠬᠦ ᠵᠢᠯ》 ᠲᠤᠰᠭᠠᠢ ᠲᠥᠷᠦᠯ ᠤᠨ ᠠᠵᠢᠯᠠᠯᠭᠠᠨ ᠤ ᠪᠠᠢᠳᠠᠯ ᠢ ᠮᠡᠳᠡᠭᠡᠯᠡᠪᠡ᠃2016 ᠤᠨ ᠳᠤ᠂ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠨᠢᠭᠡᠲᠦᠯᠲᠠᠢ ᠪᠠᠢᠷᠢᠯᠠᠭᠤᠯᠤᠯᠲᠠ ᠳᠣᠣᠷ᠎ᠠ᠂ ᠮᠠᠨ ᠤ ᠬᠤᠷᠢᠶ᠎ᠠ ᠨᠢ ᠪᠦᠬᠦ ᠬᠣᠷᠢᠶᠠᠨ ᠤ ᠬᠦᠴᠦᠨ ᠢ ᠵᠣᠬᠢᠶᠠᠨ ᠪᠠᠢᠭᠤᠯᠵᠤ᠂ ᠰᠦᠷ ᠵᠢᠪᠬᠤᠭ᠎ᠠ ᠲᠠᠢ ᠪᠡᠷ《 ᠭᠦᠢᠴᠡᠳᠬᠡᠬᠦ ᠵᠢᠯ》 ᠲᠤᠰᠭᠠᠢ ᠲᠥᠷᠦᠯ ᠤᠨ ᠬᠥᠳᠡᠯᠭᠡᠭᠡᠨ ᠢ ᠥᠷᠨᠢᠭᠦᠯᠵᠦ᠂ ᠭᠦᠢᠴᠡᠳᠬᠡᠬᠦ ᠠᠷᠭ᠎ᠠ ᠪᠠᠷᠢᠯ ᠂ ᠠᠵᠢᠯ ᠤᠨ ᠳᠤᠭᠲᠠᠴᠠ ᠵᠢ ᠲᠡᠭᠦᠯᠳᠡᠷᠵᠢᠭᠦᠯᠬᠦ᠂ ᠡᠩᠨᠡᠭᠡᠨ ᠤ ᠰᠠᠭᠤᠷᠢ ᠵᠢ ᠪᠠᠲᠤᠭᠬᠠᠬᠤ᠂ ᠵᠣᠬᠢᠶᠠᠨ ᠪᠠᠢᠭᠤᠯᠤᠯᠲᠠ ᠶᠢᠨ ᠤᠳᠤᠷᠢᠳᠤᠯᠭ᠎ᠠ ᠵᠢ ᠴᠢᠩᠭᠠᠳᠭᠠᠬᠤ ᠵᠡᠷᠭᠡ ᠵᠢ ᠴᠢᠩᠭᠠᠳᠬᠠᠬᠤ ᠪᠡᠷ ᠳᠠᠮᠵᠢᠨ᠂ ᠭᠦᠢᠴᠡᠳᠬᠡᠬᠦ ᠪᠦᠲᠦᠮᠵᠢ ᠪᠡᠨ ᠳᠠᠰᠤᠷᠠᠯᠲᠠ ᠦᠭᠡᠢ ᠳᠡᠭᠡᠭᠰᠢᠯᠡᠭᠦᠯᠦᠨ᠂ ᠭᠦᠢᠴᠡᠳᠬᠡᠬᠦ ᠠᠵᠢᠯ ᠨᠢ ᠰᠢᠪᠲᠤᠯᠤᠯᠲᠠ ᠶᠢᠨ ᠴᠢᠨᠠᠷᠲᠠᠢ ᠳᠠᠪᠰᠢᠯᠲᠠ ᠣᠯᠵᠤ᠂ ᠬᠡᠷᠡᠭ ᠢ ᠭᠦᠢᠴᠡᠳᠭᠡᠨ ᠳᠠᠭᠤᠰᠬᠠᠬᠭᠰᠠᠨ ᠲᠣᠭ᠎ᠠ᠂ ᠭᠡᠷᠡᠭ ᠢ ᠭᠦᠢᠴᠡᠳᠭᠡᠨ ᠰᠢᠢᠳᠪᠦᠷᠢᠯᠡᠭᠰᠡᠨ ᠨᠤᠷᠮ᠎ᠠ ᠴᠥᠮ ᠲᠡᠤᠬᠡᠨ ᠤ ᠰᠢᠨ᠎ᠡ ᠥᠨᠳᠦᠷ ᠲᠤ ᠬᠦᠷᠪᠡ᠃2016 ᠤᠨ ᠤ12 ᠰᠠᠷ᠎ᠠ ᠶᠢᠨ31 ᠤ ᠡᠳᠦᠷ ᠪᠣᠯᠲᠠᠯ᠎ᠠ᠂ ᠨᠡᠢᠲᠡ5021 ᠬᠡᠷᠡᠭ ᠢ ᠳᠠᠭᠤᠰᠭᠠᠵᠤ᠂ ᠭᠦᠢᠴᠡᠳᠭᠡᠭᠰᠡᠨ ᠬᠠᠷᠠᠯᠲᠠ ᠡᠳ᠋ ᠨᠢ67943.78 ᠲᠦᠮᠡᠨ ᠲᠥᠬᠦᠷᠢᠭ᠂ ᠭᠦᠢᠴᠡᠳᠭᠡᠭᠰᠡᠨ ᠨᠤᠷᠮ᠎ᠠ ᠨᠢ79.78% ᠬᠦᠷᠪᠡ᠃
ᠳᠠᠷᠠᠭ᠎ᠠ ᠨᠢ᠂ ᠮᠠᠨ ᠤ ᠬᠣᠷᠢᠶᠠᠨ ᠤ2017 ᠤᠨ ᠤ ᠠᠵᠢᠯ ᠤᠨ ᠴᠢᠬᠤᠯᠠ ᠴᠢᠭ ᠲᠤ ᠨᠡᠢᠲᠡᠯᠡᠯ ᠬᠢᠵᠦ᠂《 ᠢᠲᠡᠭᠡᠮᠵᠢᠲᠦ ᠬᠡᠯᠪᠡᠷᠢ》 ᠶᠢᠨ ᠰᠢᠭᠦᠬᠦ ᠬᠤᠷᠢᠶ᠎ᠠ ᠵᠢ ᠪᠦᠲᠦᠭᠡᠨ ᠪᠠᠢᠭᠤᠯᠬᠤ ᠵᠢ ᠠᠬᠢᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠥᠷᠢᠯᠷᠬᠦ ᠳᠤ ᠰᠢᠨ᠎ᠡ ᠳᠠᠪᠰᠢᠯᠲᠠ ᠲᠠᠢ᠂《 ᠰᠢᠨ᠎ᠡ ᠵᠢ ᠡᠭᠦᠳᠬᠦ ᠬᠡᠯᠪᠡᠷᠢ》 ᠶᠢᠨ ᠰᠢᠭᠦᠬᠦ ᠬᠤᠷᠢᠶ᠎ᠠ ᠵᠢ ᠪᠦᠲᠦᠭᠡᠨ ᠪᠠᠢᠭᠤᠯᠬᠤ ᠵᠢ ᠠᠬᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠰᠢᠨ᠎ᠡ ᠰᠢᠪᠲᠤᠯᠤᠯᠲᠠ ᠲᠠᠢ᠂《 ᠣᠶᠤᠨᠴᠢᠯᠠᠭᠰᠠᠨ ᠬᠡᠯᠪᠡᠷᠢ》 ᠶᠢᠨ ᠰᠢᠭᠦᠬᠦ ᠬᠤᠷᠢᠶ᠎ᠠ ᠵᠢ ᠪᠦᠲᠦᠭᠡᠨ ᠪᠠᠢᠭᠤᠯᠬᠤ ᠵᠢ ᠠᠬᠢᠭᠤᠯᠵᠤ᠂ ᠬᠡᠷᠡᠭ ᠤᠨ ᠴᠢᠨᠠᠷ ᠪᠦᠲᠦᠮᠵᠢ ᠰᠢᠨ᠎ᠡ ᠠᠬᠢᠯᠲᠠ ᠲᠠᠢ᠂《 ᠠᠷᠠᠳ ᠲᠤ ᠳᠥᠭᠦᠮ》 ᠬᠡᠯᠪᠡᠷᠢ ᠶᠢᠨ ᠰᠢᠭᠦᠬᠦ ᠬᠤᠷᠢᠶ᠎ᠠ ᠵᠢ ᠪᠦᠲᠦᠭᠡᠨ ᠪᠠᠢᠭᠤᠯᠬᠤ ᠵᠢ ᠠᠬᠢᠭᠤᠯᠵᠤ᠂ ᠠᠷᠠᠳ ᠤᠨ ᠲᠥᠯᠦᠭᠡ ᠬᠠᠤᠯᠢ ᠬᠡᠷᠡᠭᠵᠢᠭᠦᠯᠬᠦ ᠵᠢ ᠰᠢᠨ᠎ᠡ ᠠᠷᠭ᠎ᠠ ᠪᠠᠷᠢᠯ ᠲᠠᠢ ᠪᠣᠯᠭᠠᠵᠤ᠂《ᠬᠡᠪ ᠴᠢᠨᠠᠷ ᠤᠨ ᠬᠡᠯᠪᠡᠷᠢ》 ᠶᠢᠨ ᠰᠢᠭᠦᠬᠦ ᠬᠣᠷᠢᠶᠠᠨ ᠤ ᠪᠦᠲᠦᠭᠡᠨ ᠪᠠᠢᠭᠤᠯᠤᠯᠲᠠ ᠵᠢ ᠴᠢᠩᠭᠠᠳᠭᠠᠵᠤ᠂ ᠡᠩᠨᠡᠭᠡᠨ ᠤ ᠪᠠᠢᠭᠤᠯᠤᠯᠲᠠ ᠶᠢᠨ ᠰᠢᠨ᠎ᠡ ᠠᠭᠤᠷ ᠠᠮᠢᠰᠭᠤᠯ ᠢ ᠪᠤᠢ ᠪᠣᠯᠭᠠᠵᠤ᠂《 ᠠᠷᠢᠭᠤᠨ ᠴᠢᠭᠡᠴᠢ》 ᠬᠡᠯᠪᠡᠷᠢ ᠶᠢᠨ ᠰᠢᠭᠦᠬᠦ ᠬᠣᠷᠢᠶᠠᠨ ᠤ ᠪᠦᠲᠦᠭᠡᠨ ᠪᠠᠢᠭᠤᠯᠤᠯᠲᠠ ᠵᠢ ᠠᠬᠢᠭᠤᠯᠵᠤ᠂ ᠨᠠᠮ ᠤᠨ ᠰᠤᠷᠲᠠᠯ ᠤᠨ ᠪᠠᠢᠭᠤᠯᠤᠯᠲᠠ ᠵᠢ ᠰᠢᠨ᠎ᠡ ᠠᠮᠵᠢᠯᠲᠠ ᠲᠠᠢ ᠪᠣᠯᠭᠠᠵᠤ᠂《 ᠰᠣᠶᠤᠯᠵᠢᠭᠰᠠᠨ ᠬᠡᠯᠪᠡᠷᠢ》 ᠶᠢᠨ ᠰᠢᠭᠦᠬᠦ ᠬᠣᠷᠢᠶᠠᠨ ᠤ ᠪᠦᠲᠦᠭᠡᠨ ᠪᠠᠢᠭᠤᠯᠤᠯᠲᠠ ᠵᠢ ᠠᠬᠢᠭᠤᠯᠵᠤ᠂ ᠰᠣᠶᠤᠯ ᠤᠨ ᠪᠠᠢᠭᠤᠯᠤᠯᠲᠠ ᠵᠢ ᠰᠢᠨ᠎ᠡ ᠪᠦᠲᠦᠮᠵᠢ ᠲᠠᠢ ᠪᠣᠯᠭᠠᠬᠤ ᠡᠨᠡ ᠳᠣᠯᠤᠭᠠᠨ ᠲᠠᠯ᠎ᠠ ᠶᠢᠨ ᠠᠭᠤᠯᠭ᠎ᠠ ᠡᠴᠡ ᠳᠡᠯᠭᠡᠷᠡᠭᠦᠯᠦᠨ ᠲᠠᠢᠯᠪᠤᠷᠢᠯᠠᠪᠠ᠃
ᠾᠸ ᠺᠸ ᠵᠢᠭᠠᠵᠤ ᠭᠠᠷᠭᠠᠭᠰᠠᠨ ᠨᠢ᠂2016 ᠤᠨ ᠳᠤ᠂ ᠭᠦᠢᠴᠡᠳᠬᠡᠬᠦ ᠠᠵᠢᠯ ᠳᠤ ᠲᠤᠯᠭᠠᠷᠠᠭᠰᠠᠨ ᠤᠷᠢᠳ ᠡᠮᠦᠨ᠎ᠡ ᠪᠠᠢᠭ᠎ᠠ ᠦᠭᠡᠢ ᠲᠣᠬᠢᠶᠠᠯ ᠪᠣᠯᠤᠨ ᠥᠷᠢᠰᠦᠯᠲᠤᠭᠡᠨ ᠳᠤ ᠬᠠᠨᠳᠤᠵᠤ᠂ ᠺᠠᠲᠠᠷ ᠴᠠᠭᠳᠠᠭ᠎ᠠ ᠨᠠᠷ ᠡᠳᠦᠷᠵᠢᠨ ᠰᠥᠨᠢᠵᠢᠨ ᠶᠠᠭᠠᠷᠠᠯᠳᠤᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠭᠦᠢᠴᠡᠳᠬᠡᠬᠦ ᠠᠵᠢᠯ ᠢ ᠴᠢᠩᠭᠠᠳᠬᠠᠬᠤ ᠶᠢᠨ ᠵᠡᠷᠭᠡᠪᠡᠷ᠂ ᠪᠦᠬᠦ ᠬᠣᠷᠢᠶᠠᠨ ᠤ ᠡᠯ᠎ᠡ ᠲᠥᠷᠦᠯ ᠤᠨ ᠠᠵᠢᠯ ᠤᠨ ᠬᠥᠭᠵᠢᠯᠲᠡ ᠵᠢ ᠪᠥᠲᠦᠮᠵᠢᠲᠠᠢ ᠠᠬᠢᠭᠤᠯᠪᠠ᠃ ᠡᠨᠡ ᠨᠢᠭᠡ ᠵᠢᠯ ᠳᠤ᠂ ᠨᠢᠭᠡ ᠪᠥᠯᠦᠭ ᠨᠡᠢᠲᠡᠯᠢᠭ ᠵᠢᠱᠢᠶ᠎ᠡ ᠡᠯᠡᠷᠡᠭᠰᠡᠨ ᠢᠶᠡᠷ ᠪᠠᠷᠠᠬᠤ ᠦᠭᠡᠢ᠂ ᠮᠠᠨ ᠤ ᠬᠤᠷᠢᠶ᠎ᠠ ᠨᠢ ᠴᠦ ᠬᠣᠰᠢᠭᠤᠨ ᠤ ᠵᠠᠰᠠᠭ ᠤᠨ ᠣᠷᠳᠤᠨ ᠳᠤ《 ᠪᠥᠬᠦ ᠬᠤᠷᠰᠢᠭᠤᠨ ᠤ ᠨᠡᠢᠭᠡᠮ ᠤᠨ ᠠᠮᠤᠷ ᠳᠤᠭᠲᠠᠭᠤᠨ ᠢ ᠬᠠᠮᠠᠭᠠᠯᠠᠬᠤ ᠪᠠ ᠨᠡᠢᠭᠡᠮ ᠤᠨ ᠠᠮᠤᠷ ᠢ ᠬᠠᠮᠠᠭᠠᠯᠠᠬᠤ》 ᠪᠠ《 ᠪᠥᠬᠦ ᠬᠣᠰᠢᠭᠤᠨ ᠤ ᠨᠡᠢᠭᠡᠮ ᠤᠨ ᠵᠠᠰᠠᠯᠲᠠ ᠶᠢᠨ ᠰᠢᠨ᠎ᠡ ᠵᠢ ᠡᠭᠦᠳᠬᠦ ᠠᠵᠢᠯ ᠤᠨ ᠲᠡᠷᠢᠭᠦᠨ ᠤ ᠬᠠᠮᠲᠤ ᠨᠢᠭᠡᠴᠡ》 ᠪᠡᠷ ᠦᠨᠡᠯᠡᠭᠳᠡᠵᠦ᠂ ᠡᠨᠡ ᠨᠢ ᠥᠷᠭᠡᠨ ᠤᠯᠠᠨ ᠺᠠᠲᠠᠷ ᠴᠠᠭᠳᠠᠭᠠᠨ ᠤ ᠬᠦᠴᠦᠯᠡᠨ ᠴᠢᠷᠮᠠᠢᠭᠭᠰᠠᠨ ᠤ ᠬᠠᠷᠢᠭᠤ ᠪᠡᠯᠡᠭ ᠪᠠᠢᠵᠤ᠂ ᠮᠥᠨ ᠴᠦ ᠮᠠᠨ ᠤ ᠬᠣᠷᠢᠶᠠᠨ ᠤ ᠠᠵᠢᠯ ᠤᠨ ᠪᠦᠲᠦᠮᠵᠢ ᠳᠤ ᠥᠭᠭᠦᠭᠰᠡᠨ ᠨᠤᠲᠠᠯᠠᠯᠲᠠ ᠪᠣᠯᠤᠨ᠎ᠠ᠃2017 ᠤᠨ ᠳᠤ᠂ ᠦᠦᠰᠢᠨ ᠬᠣᠰᠢᠭᠤᠨ ᠤ ᠰᠢᠭᠦᠬᠦ ᠬᠤᠷᠢᠶ᠎ᠠ ᠨᠢ ᠦᠷᠭᠦᠯᠵᠢᠯᠡᠨ ᠬᠦᠴᠦᠯᠡᠨ ᠴᠢᠷᠮᠠᠢᠵᠤ᠂ ᠠᠵᠢᠯ ᠤᠨ ᠱᠠᠭᠠᠷᠳᠠᠯᠭ᠎ᠠ ᠶᠣᠰᠣᠭᠠᠷ ᠡᠯ᠎ᠡ ᠲᠥᠷᠦᠯ ᠤᠨ ᠠᠵᠢᠯ ᠢ ᠯᠠᠪᠳᠠᠭᠤᠨ ᠢᠶᠡᠷ ᠥᠷᠨᠢᠭᠦᠯᠵᠦ᠂ ᠨᠡᠢᠭᠡᠮ ᠤᠨ ᠶᠡᠬᠡ ᠲᠠᠯ᠎ᠠ ᠶᠢᠨ ᠳᠤᠭᠲᠠᠭᠤᠨ ᠢ ᠬᠠᠮᠠᠭᠠᠯᠠᠵᠤ᠂ ᠨᠡᠢᠭᠡᠮ ᠤᠨ ᠡᠷᠬᠡ ᠳᠡᠭᠰᠢ ᠲᠦᠭ ᠭᠣᠣᠯᠴᠢ ᠵᠢ ᠠᠬᠢᠭᠤᠯᠤᠨ᠂ ᠠᠷᠠᠳ ᠲᠦᠮᠡᠨ ᠤ ᠠᠮᠤᠷ ᠳᠤᠭᠲᠠᠭᠤᠨ ᠠᠵᠤ ᠲᠥᠷᠦᠬᠦ ᠳᠤ ᠨᠡᠩ ᠶᠡᠬᠡ ᠰᠢᠨ᠎ᠡ ᠬᠦᠴᠦᠨ ᠢᠶᠡᠨ ᠡᠷᠭᠦᠨ᠎ᠡ᠃
ᠦᠨᠡᠯᠡᠬᠦ 0ᠦᠨᠡᠯᠡᠯᠲᠡ ᠲᠠᠢ