ᠬᠥᠳᠡᠭᠡ ᠪᠠᠭᠤᠵᠤ ᠪᠠᠢᠴᠠᠭᠠᠯᠲᠠ ᠬᠢᠵᠦ ᠳᠠᠭᠠᠤ ᠳᠤ ᠨᠢ ᠡᠶᠡᠳᠡᠭᠦᠯᠵᠦ ᠬᠦᠴᠦ ᠪᠡᠨ ᠬᠠᠮᠳᠤᠳᠬᠠᠨ ᠵᠢᠭᠤᠷᠤᠯᠳᠤᠭᠠᠨ ᠢ ᠦᠭᠡᠢᠰᠭᠡᠬᠦ ᠵᠢ ᠪᠤᠢ ᠪᠣᠯᠭᠠᠪᠠ
2017.03.29 ᠲᠣᠰ ᠥᠷᠲᠡᠭᠡᠨ ᠦ ᠨᠠᠢᠷᠠᠭᠤᠯᠤᠭᠴᠢ

 ᠵᠣᠬᠢᠶᠠᠭᠴᠢ᠄ ᠰᠢᠭᠦᠬᠦ  ᠳᠤ ᠬᠢᠨᠠᠯᠲᠠ ᠲᠠᠯᠪᠢᠬᠤ ᠲᠢᠩᠬᠢᠮ   ᠯᠢᠦ ᠮᠸᠢ

 

     ᠣᠢᠷ᠎ᠠ ᠶᠢᠨ ᠵᠢᠯ ᠳᠤ ᠠᠵᠤ ᠠᠬᠤᠢ ᠶᠢᠨ ᠬᠥᠭᠵᠢᠯᠲᠡ ᠵᠢ ᠳᠠᠭᠠᠯᠳᠤᠨ᠂  ᠠᠷᠠᠳ ᠤᠨ ᠬᠣᠭᠤᠷᠤᠨᠳᠤᠬᠢ ᠵᠢᠭᠡᠯᠡᠯᠭᠡ ᠲᠠᠢ ᠬᠠᠮᠳᠤᠪᠡᠷ ᠨᠡᠮᠡᠭᠳᠡᠭᠰᠡᠨ ᠨᠢ ᠬᠥᠳᠡᠭᠡ ᠲᠣᠰᠭᠤᠨ ᠤ ᠭᠠᠵᠠᠷ ᠰᠢᠷᠤᠢ ᠶᠢᠨ ᠳᠠᠭᠠᠴᠢᠯᠠᠯᠲᠠ ᠶᠢᠨ ᠡᠷᠬᠢᠯᠡᠬᠦ ᠡᠷᠬᠡ ᠶᠢᠨ ᠰᠢᠯᠵᠢᠬᠦ ᠬᠠᠮᠢᠶᠠᠲᠠᠢ ᠵᠢᠭᠤᠷᠤᠯᠳᠤᠭᠠᠨ ᠪᠣᠯᠤᠨ᠎ᠠ᠃  ᠭᠠᠵᠠᠷ ᠰᠢᠷᠤᠢ ᠶᠢᠨ ᠵᠢᠭᠤᠷᠤᠯᠳᠤᠭᠠᠨ ᠨᠢ᠂ ᠲᠠᠭᠦᠨ ᠤ ᠣᠨᠴᠠᠭᠠᠢ ᠴᠢᠨᠠᠷ ᠪᠠ ᠪᠤᠳᠤᠯᠢᠶᠠᠨᠲᠤ ᠴᠢᠨᠠᠷ ᠲᠠᠢ ᠪᠠᠢᠳᠠᠭ᠃ ᠣᠨᠴᠠᠭᠠᠢ ᠴᠢᠨᠠᠷ ᠨᠢ᠂ ᠭᠠᠵᠠᠷ ᠰᠢᠷᠤᠢ ᠪᠡᠷ ᠠᠮᠢ ᠪᠣᠯᠭᠠᠵᠤ ᠪᠠᠢᠭ᠎ᠠ ᠮᠠᠯᠴᠢᠨ ᠳᠠᠲᠢᠶᠠᠴᠢᠨ ᠳᠤ ᠠᠪᠴᠤ ᠬᠡᠯᠡᠪᠡᠯ᠂ ᠭᠠᠵᠠᠷ ᠰᠢᠷᠤᠢ ᠪᠣᠯ ᠲᠡᠳᠡᠨᠦᠰ ᠤᠨ ᠠᠮᠢᠳᠤᠷᠠᠬᠤ ᠶᠢᠨ ᠰᠠᠭᠤᠷᠢ ᠪᠠᠢᠵᠤ᠂  ᠬᠡᠷᠪᠡ ᠡᠨᠡ ᠲᠥᠷᠦᠯ ᠤᠨ ᠵᠢᠭᠤᠷᠤᠯᠳᠤᠭᠠᠨ ᠢ ᠲᠣᠬᠢᠲᠠᠢ ᠰᠢᠢᠳᠪᠦᠷᠢᠯᠡᠵᠦ ᠳᠡᠢᠯᠬᠦ ᠦᠭᠡᠢ ᠪᠣᠯ᠂ ᠮᠠᠯᠴᠢᠨ ᠲᠠᠷᠢᠶᠠᠴᠢᠨ ᠤ ᠨᠠᠭᠠᠲᠤ ᠵᠠᠬ᠎ᠠ ᠶᠢᠨ ᠣᠷᠤᠰᠢᠨ ᠠᠮᠢᠳᠤᠷᠠᠬᠤ ᠠᠰᠠᠭᠤᠳᠠᠯ ᠲᠠᠢ ᠬᠣᠯᠪᠤᠭᠳᠠᠳᠠᠭ᠃ ᠲᠡᠭᠦᠨ ᠤ ᠪᠤᠳᠤᠯᠢᠶᠠᠨᠲᠤ ᠴᠢᠨᠠᠷ ᠨᠢ᠂ ᠬᠥᠳᠡᠭᠡ ᠲᠣᠰᠭᠤᠨ᠂  ᠮᠠᠯᠴᠢᠨ ᠲᠠᠷᠢᠶᠠᠴᠢᠨ ᠤ ᠠᠰᠠᠭᠤᠳᠠᠯ ᠨᠢ ᠴᠠᠭ ᠦᠶᠡᠴᠢ ᠴᠢᠨᠠᠷ ᠲᠠᠢ ᠪᠡᠷ ᠪᠠᠷᠠᠬᠤ ᠦᠭᠡᠢ᠂ ᠨᠡᠩ ᠢᠯᠡᠭᠦᠦ ᠨᠢ ᠲᠡᠤᠬᠡᠨ ᠬᠦᠴᠦᠨ ᠵᠦᠢᠯ ᠤᠨ ᠨᠥᠯᠦᠭᠡ ᠵᠢ ᠬᠦᠷᠲᠡᠵᠦ᠂ ᠮᠠᠯᠴᠢᠨ ᠲᠠᠷᠢᠶᠠᠴᠢᠨ ᠤ ᠬᠠᠤᠯᠢ ᠴᠠᠭᠠᠵᠠ ᠶᠢᠨ ᠤᠬᠠᠮᠰᠠᠷ ᠨᠢ ᠬᠢᠵᠠᠭᠠᠷ ᠲᠠᠢ ᠪᠠᠢᠵᠤ᠂ ᠬᠥᠳᠡᠭᠡ ᠲᠣᠰᠭᠤᠨ ᠤ  ᠵᠢᠭᠤᠷᠤᠯᠳᠤᠭᠠᠨ ᠨᠢ ᠣᠢᠷ᠎ᠠ ᠵᠡᠷᠭᠡᠯᠳᠡᠭᠡ ᠶᠢᠨ ᠬᠠᠷᠢᠴᠠᠭ᠎ᠠ ᠡᠴᠡ ᠪᠣᠯᠵᠤ ᠰᠢᠢᠳᠪᠦᠷᠢᠯᠡᠬᠦ ᠳᠤ ᠨᠡᠩ ᠬᠦᠴᠢᠷᠲᠠᠢ ᠪᠣᠯᠳᠠᠭ᠃ ᠶᠠᠭ ᠡᠢᠮᠦ ᠡᠴᠡ ᠭᠠᠵᠠᠷ ᠰᠢᠷᠤᠢ  ᠲᠠᠢ ᠬᠣᠯᠪᠤᠭᠳᠠᠭᠰᠠᠨ ᠵᠢᠭᠤᠷᠤᠯᠳᠤᠭᠠᠨ ᠢ ᠨᠡᠩ ᠬᠢᠴᠢᠶᠡᠨ ᠰᠢᠢᠳᠪᠦᠷᠢᠯᠡᠬᠦ ᠬᠡᠷᠡᠭᠲᠠᠢ᠃

     3 ᠰᠠᠷ᠎ᠠ ᠶᠢᠨ28 ᠤ ᠡᠳᠦᠷ᠂ ᠰᠢᠭᠦᠬᠦ ᠳᠤ ᠬᠢᠨᠠᠯᠲᠠ ᠲᠠᠯᠪᠢᠬᠤ ᠲᠢᠩᠬᠢᠮ ᠤᠨ ᠳᠠᠷᠤᠭ᠎ᠠ ᠵᠠᠩ ᠸᠸᠢ ᠫᠢᠩ ᠪᠣᠯᠤᠨ ᠰᠢᠭᠦᠭᠴᠢ᠂ ᠲᠡᠮᠳᠡᠭᠯᠡᠭᠴᠢ ᠲᠠᠢ ᠬᠠᠮᠲᠤ ᠬᠡᠷᠡᠭ ᠳᠠᠭᠠᠴᠢᠯᠠᠨ ᠬᠥᠳᠡᠭᠡ ᠪᠠᠭᠤᠵᠤ᠂ ᠣᠲᠤᠭ ᠤᠨ ᠡᠮᠦᠨᠡᠲᠦ ᠬᠣᠰᠢᠭᠤᠨ ᠤ  ᠪᠣᠷᠤ ᠪᠠᠯᠭᠠᠰᠤᠨ ᠤ ᠭᠤᠤ ᠴᠤᠤ ᠫᠠᠨ ᠭᠠᠴᠠᠭᠠᠨ ᠳᠤ ᠬᠦᠷᠴᠦ᠂ ᠨᠢᠭᠡ ᠬᠦᠷᠭᠡᠨ ᠠᠬ᠎ᠠ ᠪᠣᠯᠤᠨ ᠬᠦᠷᠢ ᠳᠡᠭᠦᠦ ᠶᠢᠨ ᠬᠣᠭᠤᠷᠤᠨᠳᠤᠬᠢ ᠭᠠᠵᠠᠷ ᠰᠢᠷᠤᠢ ᠶᠢᠨ ᠳᠠᠭᠠᠴᠢᠯᠠᠯᠲᠠ ᠶᠢᠨ ᠭᠡᠷ᠎ᠡ ᠶᠢᠨ ᠵᠢᠭᠤᠷᠤᠯᠳᠤᠭᠠᠨ ᠢ ᠪᠠᠢᠴᠠᠭᠠᠯᠲᠠ ᠬᠢᠵᠦ ᠡᠶᠡᠳᠡᠭᠦᠯᠪᠡ᠃ ᠡᠶᠡᠳᠡᠭᠦᠯᠬᠦ  ᠡᠴᠡ ᠡᠮᠦᠨ᠎ᠡ᠂ ᠵᠠᠩ ᠸᠸᠢ ᠫᠢᠩ ᠲᠢᠩᠬᠢᠮ ᠤᠨ ᠳᠠᠷᠤᠭ᠎ᠠ ᠤᠷᠢᠳᠠᠪᠡᠷ ᠪᠣᠷᠤ ᠪᠠᠯᠭᠠᠰᠤᠨ ᠤ ᠬᠥᠪᠴᠢᠨ ᠲᠢᠩᠬᠢᠮ ᠤᠨ ᠳᠠᠷᠤᠭ᠎ᠠ ᠲᠠᠢ ᠬᠠᠷᠢᠯᠴᠠᠵᠤ᠂ ᠮᠥᠨ ᠬᠥᠪᠴᠢᠨ ᠲᠢᠩᠬᠢᠮ ᠤᠨ ᠳᠠᠷᠤᠭ᠎ᠠ ᠪᠡᠷ ᠳᠠᠮᠵᠢᠨ ᠭᠤᠤ ᠴᠤᠤ ᠫᠠᠨ ᠭᠠᠴᠠᠭᠠᠨ ᠤ ᠨᠠᠮ ᠤᠨ ᠡᠭᠦᠷ ᠤᠨ ᠱᠦᠵᠢ᠂ ᠪᠣᠷᠤ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠪᠣᠷᠤ ᠪᠠᠯᠭᠠᠰᠤᠨ ᠤ ᠶᠡᠷᠦᠩᠬᠡᠢᠯᠡᠨ ᠵᠠᠰᠠᠬᠤ ᠠᠯᠪᠠᠨ ᠭᠡᠷ ᠵᠡᠷᠭᠡ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠷᠢᠯᠴᠠᠵᠤ᠂ ᠬᠠᠮᠲᠤᠪᠠᠷ ᠬᠦᠷᠴᠦ ᠰᠤᠳᠤᠯᠤᠯᠭ᠎ᠠ ᠬᠢᠵᠦ᠂ ᠴᠤᠭᠭᠠᠷ ᠵᠢᠭᠤᠷᠤᠯᠳᠤᠭᠠᠨ ᠢ ᠨᠠᠮᠵᠢᠭᠤᠯᠪᠠ᠃

    ᠪᠠᠢᠴᠠᠭᠠᠯᠲᠠ ᠬᠢᠵᠦ ᠡᠶᠡᠳᠡᠭᠦᠯᠬᠦ ᠠᠵᠢᠯ ᠨᠢ ᠡᠷᠲᠡ ᠶᠢᠨ ᠨᠠᠢ᠍ᠮᠠᠨ ᠴᠠᠭ ᠡᠴᠡ ᠦᠳᠡ ᠶᠢᠨ  ᠬᠣᠢᠨ᠎ᠠ ᠶᠢᠨ ᠭᠤᠷᠪᠠᠨ ᠴᠠᠭ ᠪᠣᠯᠲᠠᠯ᠎ᠠ ᠦᠷᠭᠦᠯᠵᠢᠯᠡᠪᠡ᠃ ᠵᠠᠩ ᠸᠧᠢ ᠫᠢᠩ ᠲᠢᠩᠬᠢᠮ ᠤᠨ ᠳᠠᠷᠤᠭ᠎ᠠ ᠬᠤᠶᠠᠷ ᠡᠲᠡᠭᠡᠳ ᠤᠨ ᠲᠤᠬᠠᠢ ᠶᠢᠨ ᠬᠥᠮᠦᠨ ᠡᠴᠡ ᠪᠠᠢᠳᠠᠯ ᠢ ᠣᠢᠯᠭᠠᠭᠰᠠᠨ ᠢᠶᠡᠷ ᠪᠠᠷᠠᠬᠤ ᠦᠭᠡᠢ᠂ ᠪᠠᠰᠠ ᠲᠤᠬᠠᠢ ᠶᠢᠨ ᠭᠠᠵᠠᠷ ᠤᠨ ᠠᠷᠠᠳ᠂ ᠭᠠᠴᠠᠭᠠᠨ ᠱᠦᠵᠢ᠂ ᠬᠠᠤᠯᠢ ᠴᠠᠭᠠᠵᠠ ᠶᠢᠨ ᠭᠠᠵᠠᠷ ᠵᠢᠴᠢ ᠶᠡᠷᠦᠩᠬᠡᠢᠯᠡᠨ ᠵᠠᠰᠠᠬᠤ ᠠᠯᠪᠠᠨ ᠭᠡᠷ ᠡᠴᠡ ᠭᠤᠤ ᠴᠤᠤ ᠫᠠᠨ ᠭᠠᠴᠠᠭᠠᠨ ᠤ ᠬᠣᠯᠪᠤᠭᠳᠠᠯ ᠪᠥᠬᠦᠢ ᠭᠠᠵᠠᠷ ᠰᠢᠷᠤᠢ ᠶᠢᠨ ᠵᠢᠭᠤᠷᠤᠯᠳᠤᠭᠠᠨ᠂ ᠣᠷᠤᠰᠢᠵᠤ ᠪᠠᠢᠭ᠎ᠠ ᠠᠰᠠᠭᠤᠳᠠᠯ  ᠢ ᠨᠠᠷᠢᠯᠢᠭ ᠣᠢᠯᠭᠠᠪᠠ᠃ ᠭᠠᠴᠠᠭ᠎ᠠ᠂ ᠬᠠᠤᠯᠢ ᠴᠠᠭᠠᠵᠠ ᠶᠢᠨ ᠭᠠᠵᠠᠷ᠂ ᠶᠡᠷᠦᠩᠬᠡᠢᠯᠡᠨ ᠵᠠᠰᠠᠬᠤ ᠠᠯᠪᠠᠨ ᠭᠡᠷ ᠪᠣᠯᠤᠨ ᠰᠢᠭᠦᠬᠦ ᠬᠣᠷᠢᠶᠠᠨ ᠤ ᠠᠵᠢᠯᠲᠠᠨ ᠲᠠᠢ ᠬᠠᠮᠲᠤ ᠬᠤᠶᠠᠷ ᠡᠲᠡᠭᠡᠳ ᠤᠨ ᠲᠤᠬᠠᠢ ᠶᠢᠨ ᠬᠥᠮᠦᠨ ᠳᠤ ᠡᠶᠡᠳᠡᠭᠦᠯᠬᠦ ᠠᠵᠢᠯ ᠢ ᠬᠢᠪᠡ᠃ ᠭᠡᠪᠡᠴᠦ ᠲᠤᠰ ᠬᠡᠷᠡᠭ ᠲᠤ ᠬᠤᠶᠠᠷ ᠲᠠᠯ᠎ᠠ ᠶᠢᠨ ᠲᠤᠬᠠᠢ ᠶᠢᠨ ᠬᠥᠮᠦᠨ ᠤ ᠬᠣᠭᠤᠷᠤᠨᠳᠤᠬᠢ ᠵᠥᠷᠢᠴᠡᠯ ᠨᠢ ᠲᠤᠢᠯ ᠤᠨ ᠭᠦᠨ ᠪᠠᠢᠵᠤ᠂  ᠵᠢᠭᠤᠷᠤᠯᠳᠤᠭᠠᠨ ᠡᠴᠡ ᠪᠣᠯᠵᠤ ᠬᠤᠶᠠᠷ ᠡᠲᠡᠭᠡᠳ ᠤᠨ ᠰᠠᠲᠤᠨ ᠲᠥᠷᠦᠯ ᠤᠨ ᠰᠡᠳᠭᠢᠯᠭᠡ ᠭᠡᠵᠦ ᠦᠭᠡᠢ ᠪᠣᠯᠵᠤ᠂ ᠬᠠᠷᠢᠯᠴᠠᠨ ᠶᠠᠭ ᠨᠠᠢᠷ ᠲᠠᠯᠪᠢᠬᠤ ᠦᠭᠡᠢ ᠪᠠᠢᠪᠠ᠃ ᠬᠡᠳᠦᠢᠪᠡᠷ ᠬᠠᠮᠤᠭ ᠰᠡᠭᠦᠯ ᠳᠤ ᠨᠢ ᠡᠶᠡᠳᠡᠭᠦᠯᠬᠦ ᠠᠵᠢᠯ ᠪᠦᠲᠦᠭᠰᠡᠨ ᠦᠭᠡᠢ ᠪᠣᠯᠪᠠᠴᠤ᠂ ᠡᠨᠡ ᠨᠢᠭᠡ ᠡᠳᠦᠷ ᠤᠨ ᠪᠠᠢᠴᠠᠭᠠᠯᠲᠠ ᠪᠣᠯᠤᠨ ᠪᠤᠲᠠᠳᠤ ᠭᠠᠵᠠᠷ  ᠢᠶᠡᠷ ᠲᠣᠭᠤᠷᠢᠨ ᠰᠤᠷᠪᠤᠯᠵᠢᠯᠠᠬᠤ ᠪᠡᠷ ᠳᠠᠮᠵᠢᠨ᠂ ᠵᠠᠩ ᠲᠢᠩᠬᠢᠮ ᠤᠨ ᠳᠠᠷᠤᠭ᠎ᠠ ᠪᠣᠯᠤᠨ ᠳᠠᠭᠠᠴᠢᠯᠠᠨ ᠭᠦᠢᠴᠡᠳᠬᠡᠬᠦ  ᠰᠢᠭᠦᠭᠴᠢ ᠡᠴᠡ ᠭᠤᠤ ᠴᠤᠤ ᠫᠠᠨ ᠭᠠᠴᠠᠭᠠᠨ ᠤ ᠭᠠᠵᠠᠷ ᠰᠢᠷᠤᠢ ᠶᠢᠨ ᠠᠰᠠᠭᠤᠳᠠᠯ ᠳᠤ ᠶᠡᠷᠦᠩᠬᠡᠢ ᠣᠢᠯᠭᠠᠯᠲᠠ ᠲᠠᠢ ᠪᠣᠯᠵᠤ᠂ ᠵᠠᠭᠠᠯᠳᠤᠯᠭ᠎ᠠ ᠡᠭᠦᠰᠭᠡᠭᠰᠡᠨ ᠨᠡᠢᠭᠡᠮ ᠤᠨ ᠠᠬᠤᠢ ᠪᠠᠢᠳᠠᠯ ᠪᠠ ᠲᠡᠤᠬᠡᠨ ᠰᠢᠯᠲᠠᠭᠠᠨ ᠳᠤ  ᠭᠦᠨᠵᠡᠭᠡᠢ ᠲᠠᠨᠢᠯᠲᠠ ᠲᠠᠢ ᠪᠣᠯᠵᠤ᠂ ᠬᠡᠷᠡᠭ ᠢ ᠳᠰᠤᠯᠤᠨ ᠳᠤᠭᠲᠠᠭᠠᠬᠤ ᠳᠤ ᠭᠦᠢᠴᠡᠳ ᠪᠡᠯᠡᠳᠭᠡᠯ ᠬᠢᠵᠦ᠂ ᠡᠭᠦᠨ ᠤ ᠵᠡᠷᠭᠡᠪᠡᠷ᠂ ᠰᠢᠭᠦᠬᠦ ᠬᠤᠷᠢᠶ᠎ᠠ ᠪᠣᠯᠤᠨ ᠭᠠᠴᠠᠭ᠎ᠠ᠂ ᠬᠠᠤᠯᠢ ᠴᠠᠭᠠᠵᠠ ᠶᠢᠨ ᠭᠠᠵᠠᠷ ᠪᠣᠯᠤᠨ ᠶᠡᠷᠦᠩᠬᠡᠢᠯᠡᠨ ᠵᠠᠰᠠᠬᠤ ᠠᠯᠪᠠᠨ ᠭᠡᠷ ᠨᠢ ᠤᠯᠠᠮ ᠨᠢᠭᠡ ᠠᠯᠬᠤᠮ ᠡᠶᠡᠳᠡᠭᠦᠯᠬᠦ ᠠᠵᠢᠯ ᠢᠶᠡᠨ ᠶᠡᠷᠦ ᠡᠴᠡ ᠬᠠᠶᠠᠭᠰᠠᠨ ᠦᠭᠡᠢ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )