ᠵᠣᠬᠢᠶᠠᠭᠴᠢ᠄ ᠡᠵᠡᠨ ᠭᠣᠷᠤᠭᠠ ᠬᠣᠰᠢᠭᠤᠨ ᠤ ᠰᠢᠭᠦᠬᠦ ᠬᠤᠷᠢᠶ᠎ᠠ ᠯᠦ ᠢᠦᠢ ᠱᠢ
2016 ᠤᠨ ᠡᠴᠡ ᠨᠠᠭᠠᠰᠢ᠂ ᠡᠵᠡᠨ ᠬᠣᠷᠤᠭ᠎ᠠ ᠬᠣᠰᠢᠭᠤᠨ ᠤ ᠰᠢᠭᠦᠬᠦ ᠬᠤᠷᠢᠶ᠎ᠠ ᠨᠢ《 ᠭᠦᠢᠴᠡᠳᠬᠡᠬᠦ ᠵᠢᠯ》 ᠲᠤᠰᠭᠠᠢ ᠲᠥᠷᠦᠯ ᠤᠨ ᠬᠥᠳᠡᠯᠭᠡᠭᠡᠨ ᠢᠶᠡᠷ ᠲᠣᠬᠢᠶᠠᠯ ᠪᠣᠯᠭᠠᠨ᠂《 ᠡᠩᠨᠡᠭᠡ ᠵᠢ ᠵᠢᠩᠬᠢᠨᠢᠴᠢᠯᠡᠬᠦ᠂ ᠠᠵᠢᠯ ᠤᠨ ᠪᠦᠲᠦᠮᠵᠢ ᠶᠢᠨ ᠰᠢᠯᠭᠠᠯᠲᠠ ᠵᠢ ᠲᠣᠭᠠᠴᠢᠯᠠᠬᠤ᠂ ᠡᠳᠦᠷ ᠲᠤᠳᠤᠮ ᠤᠨ ᠬᠠᠮᠢᠶᠠᠷᠤᠯᠲᠠ ᠵᠢ ᠰᠢᠨᠵᠢᠯᠡᠬᠦ ᠤᠬᠠᠭᠠᠨᠴᠢᠯᠠᠬᠤ》 ᠪᠣᠯᠤᠨ《 ᠲᠦᠷ ᠬᠣᠷᠢᠬᠤ ᠵᠢ ᠡᠷᠡᠰ ᠲᠠᠰᠤᠷᠬᠠᠢ ᠪᠡᠷ ᠲᠦᠷ ᠬᠣᠷᠢᠵᠤ᠂ ᠢᠲᠡᠭᠡᠯ ᠠᠯᠳᠠᠭᠰᠠᠳ ᠤᠨ ᠨᠡᠷᠡᠰ ᠲᠤ ᠣᠷᠤᠭᠤᠯᠬᠤ ᠵᠢ ᠡᠷᠡᠰ ᠲᠠᠰᠤᠷᠬᠠᠢ ᠪᠡᠷ ᠢᠲᠡᠭᠡᠯ ᠠᠯᠳᠠᠭᠰᠠᠳ ᠤᠨ ᠨᠡᠷᠡᠰ ᠲᠤ ᠣᠷᠤᠭᠤᠯᠵᠤ᠂ ᠶᠠᠯ᠎ᠠ ᠬᠢᠭᠰᠡᠨ ᠡ ᠢ ᠡᠷᠡᠰ ᠲᠠᠰᠤᠷᠬᠠᠢ ᠪᠡᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ》 ᠵᠠᠷᠴᠢᠮ ᠶᠣᠰᠣᠭᠠᠷ᠂ ᠤᠷᠢᠳ ᠬᠣᠵᠢᠳ《ᠬᠤᠷᠴᠠ ᠰᠡᠯᠡᠮ᠎ᠡ ᠬᠥᠳᠡᠯᠭᠡᠭᠡᠨ》᠂《 ᠲᠠᠯ᠎ᠠ ᠨᠤᠲᠤᠭ ᠤᠨ ᠰᠢᠭᠤᠷᠭ᠎ᠠ》᠂《 ᠦᠨᠡᠭᠡ ᠠᠪᠠᠯᠠᠬᠤ ᠬᠥᠳᠡᠯᠭᠡᠭᠡᠨ》᠂《 ᠠᠷᠠᠳ ᠤᠨ ᠠᠮᠢᠳᠤᠷᠠᠯ ᠳᠤ ᠬᠣᠯᠪᠤᠭᠳᠠᠭᠰᠠᠨ ᠢ ᠭᠦᠢᠴᠡᠳᠬᠡᠬᠦ ᠭᠠᠷᠠᠭ ᠬᠥᠳᠡᠯᠭᠡᠭᠡᠨ》᠂《 ᠵᠠᠭᠤᠨ ᠡᠳᠦᠷ ᠤᠨ ᠪᠡᠬᠢᠯᠡᠯᠲᠡ ᠰᠢᠪᠲᠤᠯᠠᠬᠤ ᠬᠥᠳᠡᠯᠭᠡᠭᠡᠨ》᠂《 ᠨᠠᠮᠤᠷ ᠤᠨ ᠰᠠᠯᠬᠢ》 ᠵᠡᠷᠭᠡ ᠠᠯᠢ ᠤᠯᠠᠨ ᠲᠤᠰᠭᠠᠢ ᠠᠵᠢᠯᠠᠯᠭᠠᠨ ᠢ ᠥᠷᠨᠢᠭᠦᠯᠵᠦ᠂ ᠭᠦᠢᠴᠡᠳᠬᠡᠬᠦ ᠠᠵᠢᠯ ᠨᠢ ᠪᠠᠶᠠᠷᠯᠠᠭᠤᠰᠢᠲᠠᠢ ᠠᠮᠵᠢᠯᠲᠠ ᠣᠯᠪᠠ᠃ ᠲᠤᠰ ᠬᠤᠷᠢᠶ᠎ᠠ ᠨᠢ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠳᠤ《 ᠪᠥᠬᠦ ᠣᠷᠤᠨ ᠤ ᠰᠢᠭᠦᠬᠦ ᠬᠣᠷᠢᠶᠠᠨ ᠤ< ᠭᠦᠢᠴᠡᠳᠬᠡᠬᠦ ᠵᠢᠯ> ᠤᠨ ᠲᠤᠰᠭᠠᠢ ᠲᠥᠷᠦᠯ ᠤ ᠠᠵᠢᠯ ᠤᠨ ᠲᠡᠷᠢᠭᠦᠨ ᠤ ᠬᠠᠮᠲᠤ ᠨᠢᠭᠡᠴᠡ 》 ᠪᠡᠷ ᠦᠨᠡᠯᠡᠭᠳᠡᠵᠦ᠂ ᠳᠡᠳ᠋ ᠬᠣᠷᠢᠶᠠᠨ ᠳᠠᠷᠤᠭ᠎ᠠ ᠱᠠᠨ ᠵᠢᠶᠠᠨ ᠫᠢᠩ ᠪᠥᠬᠦ ᠣᠷᠤᠨ ᠤ ᠰᠢᠭᠦᠬᠦ ᠬᠣᠷᠢᠶᠠᠨ ᠤ《 ᠭᠦᠢᠴᠡᠳᠬᠡᠬᠦ ᠵᠢᠯ》 ᠲᠤᠰᠭᠠᠢ ᠲᠥᠷᠦᠯ ᠤᠨ ᠠᠵᠢᠯᠠᠯᠭᠠᠨ ᠤ ᠬᠤᠪᠢ ᠬᠥᠮᠦᠨ ᠤ ᠬᠣᠶᠠᠳᠤᠭᠠᠷ ᠳᠡᠰ ᠤᠨ ᠭᠠᠪᠢᠶ᠎ᠠ ᠪᠠᠢᠭᠤᠯᠪᠠ᠃ ᠡᠭᠦᠨ ᠡᠴᠡ ᠭᠠᠳᠠᠨ᠎ᠠ ᠤᠯᠠᠨ ᠺᠠᠲᠠᠷ ᠴᠠᠭᠳᠠᠭ᠎ᠠ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠤᠷᠢᠶ᠎ᠠ ᠪᠠ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ《 ᠭᠦᠢᠴᠡᠳᠬᠡᠬᠦ ᠠᠵᠢᠯ ᠤᠨ ᠲᠡᠷᠢᠭᠦᠨ ᠤ ᠬᠤᠪᠢ ᠬᠥᠮᠦᠨ》 ᠢᠶᠡᠷ ᠦᠨᠡᠯᠡᠭᠳᠡᠨ ᠭᠠᠪᠢᠶ᠎ᠠ ᠲᠡᠮᠳᠡᠭᠯᠡᠨ ᠰᠠᠢᠰᠢᠶᠠᠭᠳᠠᠪᠠ᠃
ᠮᠡᠳᠡᠭᠡ ᠵᠢ ᠦᠨᠳᠦᠰᠦᠯᠡᠪᠡᠯ᠂2016 ᠤᠨ ᠳᠤ᠂ ᠡᠵᠡᠨ ᠬᠣᠷᠤᠭ᠎ᠠ ᠬᠣᠰᠢᠭᠤᠨ ᠤ ᠰᠢᠭᠦᠬᠦ ᠬᠤᠷᠢᠶ᠎ᠠ ᠨᠢ ᠨᠡᠢᠲᠡ8508 ᠰᠢᠨ᠎ᠡ ᠬᠠᠭᠤᠴᠢᠨ ᠬᠡᠷᠡᠭ ᠢ ᠰᠢᠭᠦᠨ ᠰᠢᠢᠳᠪᠦᠷᠢᠯᠡᠵᠦ᠂ ᠲᠥᠰᠦᠪ ᠡᠴᠡ ᠭᠠᠳᠠᠭᠤᠷ ᠣᠷᠴᠢᠨ ᠰᠢᠢᠳᠪᠦᠷᠢᠯᠡᠭᠰᠡᠨ ᠬᠡᠷᠡᠭ ᠦᠭᠡᠢ᠃ ᠰᠢᠭᠦᠨ ᠳᠠᠭᠤᠰᠭᠠᠭᠰᠠᠨ ᠬᠡᠷᠡᠭ ᠨᠡᠢᠲᠡ7226 ᠪᠠᠢᠵᠤ᠂ ᠭᠦᠢᠴᠡᠳᠭᠡᠨ ᠳᠠᠭᠤᠰᠭᠠᠭᠰᠠᠨ ᠨᠤᠷᠮ᠎ᠠ ᠨᠢ85.01% ᠡᠴᠡ ᠳᠡᠭᠡᠭᠰᠢ ᠬᠦᠷᠴᠦ᠂ ᠭᠦᠢᠴᠡᠳᠭᠡᠨ ᠳᠠᠭᠤᠰᠭᠠᠭᠰᠠᠨ ᠬᠠᠷᠠᠯᠲᠠ ᠡᠳ᠋46.68 ᠳ᠋ᠦᠩᠰᠢᠭᠤᠷ ᠲᠥᠭᠦᠷᠢᠭ ᠬᠦᠷᠪᠡ᠃186 ᠬᠥᠮᠦᠨ ᠢ ᠢᠲᠡᠭᠡᠯ ᠠᠯᠳᠠᠭᠰᠠᠳ ᠤᠨ ᠨᠡᠷᠡᠰ ᠲᠤ ᠣᠷᠤᠭᠤᠯᠵᠤ᠂336 ᠨᠡᠷ᠎ᠡ ᠬᠦᠴᠦᠨ ᠲᠠᠢ ᠪᠣᠯᠤᠭᠰᠠᠨ ᠰᠢᠭᠦᠨ ᠳᠠᠰᠤᠯᠠᠯᠲᠠ ᠵᠢ ᠭᠦᠢᠴᠡᠳᠬᠡᠬᠦ ᠵᠢ ᠲᠡᠪᠴᠢᠭᠰᠡᠨ ᠢ ᠬᠠᠤᠯᠢ ᠶᠣᠰᠣᠭᠠᠷ ᠲᠦᠷ ᠬᠣᠷᠢᠵᠤ᠂ ᠴᠡᠪᠡᠷᠯᠡᠨ ᠪᠤᠴᠠᠭᠠᠭᠰᠠᠨ ᠭᠡᠷ4 ᠢᠵᠢ᠂1 ᠨᠡᠷ᠎ᠡ ᠭᠦᠢᠴᠡᠳᠭᠡᠭᠳᠡᠭᠴᠢ ᠵᠢ ᠭᠦᠢᠴᠡᠳᠬᠡᠬᠦ ᠵᠢ ᠲᠡᠪᠴᠢᠭᠰᠡᠨ ᠶᠠᠯ᠎ᠠ ᠪᠡᠷ ᠰᠢᠭᠦᠨ ᠰᠢᠢᠳᠭᠡᠪᠡ᠃ ᠨᠤᠲᠠᠯᠠᠨ ᠳᠤᠭᠲᠠᠭᠠᠵᠤ ᠦᠨ᠎ᠡ ᠵᠢᠱᠢᠬᠦ ᠪᠣᠯᠤᠨ ᠵᠠᠭᠠᠯᠳᠤᠯᠭ᠎ᠠ ᠳᠤ ᠬᠣᠯᠪᠤᠭᠳᠠᠭᠰᠠᠨ ᠬᠥᠷᠦᠩᠭᠡ ᠶᠢᠨ ᠰᠦᠯᠵᠢᠶᠡᠨ ᠳᠡᠭᠡᠷᠡᠬᠢ ᠦᠨ᠎ᠡ ᠬᠠᠶᠠᠨ ᠬᠤᠳᠠᠯᠳᠤᠬᠤ ᠠᠵᠢᠯ ᠢ ᠴᠢᠩᠭᠠᠳᠭᠠᠵᠤ᠂ ᠨᠡᠢᠲᠡ330 ᠬᠡᠷᠡᠭ ᠢ ᠦᠨᠡᠯᠡᠨ ᠵᠢᠱᠢᠵᠦ᠂ 92 ᠬᠡᠷᠡᠭ ᠢ ᠰᠢᠯᠭᠠᠨ ᠨᠤᠲᠠᠯᠠᠵᠤ᠂187 ᠬᠡᠷᠡᠭ ᠢ ᠦᠨ᠎ᠡ ᠬᠠᠶᠠᠨ ᠬᠤᠳᠠᠯᠳᠤᠵᠤ᠂318 ᠬᠡᠷᠡᠭ ᠢ ᠰᠦᠯᠵᠢᠶᠡᠨ ᠳᠡᠭᠡᠷ᠎ᠡ ᠦᠨ᠎ᠡ ᠬᠠᠶᠠᠨ ᠬᠤᠳᠠᠯᠳᠤᠬᠤ ᠪᠡᠷ ᠭᠠᠷᠭᠠᠵᠤ᠂29 ᠬᠡᠷᠡᠭ ᠨᠢ ᠠᠷᠠᠯᠵᠢᠵᠤ᠂ ᠠᠷᠠᠯᠵᠠᠭᠰᠠᠨ ᠬᠠᠷᠠᠯᠲᠠ ᠡᠳ᠋ ᠨᠢ1098.56 ᠲᠦᠮᠡᠨ ᠲᠥᠭᠦᠷᠢᠭ ᠬᠦᠷᠴᠦ᠂ ᠳᠡᠭᠰᠢᠳᠬᠡᠭᠰᠡᠨ ᠦᠨ᠎ᠡ ᠥᠰᠦᠭᠰᠡᠨ ᠨᠤᠷᠮ᠎ᠠ ᠨᠢ7.49% ᠬᠦᠷᠴᠦ᠂1.2 ᠳ᠋ᠦᠩᠰᠢᠭᠤᠷ ᠬᠡᠷᠡᠭ ᠤᠨ ᠵᠣᠭᠤᠰ ᠢ ᠴᠡᠪᠡᠷᠯᠡᠪᠡ᠃
ᠭᠦᠢᠴᠡᠳᠬᠡᠬᠦ ᠠᠵᠢᠯ ᠢ ᠥᠷᠨᠢᠭᠦᠯᠬᠦ ᠶᠠᠪᠤᠴᠠ ᠳᠤᠮᠳᠠ᠂ ᠡᠵᠡᠨ ᠬᠣᠷᠤᠭ᠎ᠠ ᠬᠣᠰᠢᠭᠤᠨ ᠤ ᠰᠢᠭᠦᠬᠦ ᠬᠤᠷᠢᠶ᠎ᠠ ᠨᠢ ᠰᠢᠭᠦᠨ ᠳᠠᠰᠤᠯᠠᠬᠤ ᠳᠠᠷᠤᠭ᠎ᠠ ᠭᠦᠢᠴᠡᠳᠬᠡᠬᠦ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠪᠠ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠢᠭᠤᠯᠤᠯᠲᠠ ᠵᠢ ᠠᠰᠢᠭᠯᠠᠨ᠂ ᠭᠦᠢᠴᠡᠳᠭᠡᠭᠳᠡᠬᠦ ᠡᠳ᠋ ᠬᠥᠷᠦᠩᠭᠡ ᠵᠢ ᠢᠯᠡᠷᠡᠭᠦᠯᠬᠦ ᠠᠷᠭ᠎ᠠ ᠵᠠᠮ ᠢᠶᠡᠨ ᠥᠷᠭᠡᠳᠭᠡᠵᠦ᠂ ᠲᠦᠷᠭᠡᠨ ᠲᠤᠰᠭᠠᠯ ᠭᠠᠷᠭᠠᠬᠤ ᠵᠤᠬᠢᠵᠠᠮᠵᠢ ᠵᠢ ᠠᠬᠢᠭᠤᠯᠵᠤ᠂ ᠣᠨᠳᠣᠣ ᠭᠠᠵᠠᠷ ᠭᠦᠢᠴᠡᠳᠬᠡᠬᠦ ᠰᠢᠨ᠎ᠡ ᠬᠡᠯᠪᠡᠷᠢ ᠵᠢ ᠡᠷᠢᠯᠬᠢᠯᠡᠵᠦ᠂ ᠭᠦᠢᠴᠡᠳᠬᠡᠬᠦ ᠪᠦᠲᠦᠮᠵᠢ ᠵᠢ ᠳᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠭᠦᠨ ᠳᠠᠰᠤᠯᠠᠬᠤ ᠺᠣᠮᠢᠰ ᠤᠨ ᠰᠤᠷᠪᠤᠯᠵᠢᠯᠠᠭ᠎ᠠ ᠬᠦᠯᠢᠶᠡᠬᠦ ᠵᠤᠬᠢᠵᠠᠮᠵᠢ᠂ ᠭᠦᠢᠴᠡᠳᠬᠡᠬᠦ ᠳᠠᠷᠤᠭ᠎ᠠ ᠶᠢᠨ ᠬᠣᠯᠪᠤᠭᠠᠲᠤ ᠬᠤᠷᠠᠯ ᠤᠨ ᠪᠠᠢᠭᠤᠯᠤᠯ ᠪᠣᠯᠤᠨ ᠬᠣᠷᠢᠶᠠᠨ ᠤ ᠤᠳᠤᠷᠢᠳᠤᠯᠭ᠎ᠠ ᠨᠠᠷ ᠡᠴᠡ ᠬᠡᠷᠡᠭ ᠢ ᠳᠠᠭᠠᠬᠤ ᠳᠦᠷᠢᠮ ᠢ ᠠᠬᠢᠭᠤᠯᠵᠤ᠂ ᠭᠦᠢᠴᠡᠳᠬᠡᠬᠦ ᠠᠵᠢᠯ ᠳᠤ ᠬᠦᠴᠦᠨ ᠲᠠᠢ ᠪᠠᠢᠭᠤᠯᠤᠯ ᠤᠨ ᠪᠠᠲᠤᠯᠠᠭ᠎ᠠ ᠬᠠᠩᠭᠠᠪᠠ᠃ ᠠᠷᠢᠭᠤᠨ ᠴᠢᠭᠡᠴᠢ ᠪᠡᠷ ᠭᠦᠢᠴᠡᠳᠬᠡᠬᠦ ᠵᠢ ᠭᠦᠨᠵᠡᠭᠡᠢᠷᠡᠭᠦᠯᠵᠦ᠂ ᠭᠦᠢᠴᠡᠳᠬᠡᠬᠦ ᠬᠥᠮᠦᠰ ᠤᠨ ᠳᠤᠮᠳᠠ ᠡᠴᠡ ᠬᠠᠤᠯᠢ ᠳᠦᠷᠢᠮ ᠢ ᠵᠤᠷᠢᠴᠡᠭᠰᠡᠨ ᠪᠠᠢᠳᠠᠯ ᠢᠯᠡᠷᠡᠭᠰᠡᠨ ᠦᠭᠡᠢ᠃
ᠡᠭᠦᠨ ᠤ ᠵᠡᠷᠭᠡᠪᠡᠷ᠂ ᠡᠵᠡᠨ ᠬᠣᠷᠤᠭ᠎ᠠ ᠬᠣᠰᠢᠭᠤᠨ ᠤ ᠰᠢᠭᠦᠬᠦ ᠬᠣᠷᠢᠶᠠᠨ ᠡᠴᠡ ᠤᠬᠠᠭᠤᠯᠬᠤ ᠬᠦᠴᠦᠯᠡᠴᠡ ᠪᠡᠨ ᠴᠢᠩᠭᠠᠳᠭᠠᠨ᠂ ᠦᠨᠡᠨᠴᠢ ᠢᠲᠡᠭᠡᠮᠵᠢᠲᠠᠢ ᠵᠢ ᠡᠷᠬᠢᠮᠯᠡᠵᠦ ᠢᠲᠡᠭᠡᠯ ᠠᠯᠳᠠᠭᠰᠠᠳ ᠢ ᠵᠠᠯᠬᠠᠭᠠᠬᠤ ᠨᠡᠢᠭᠡᠮ ᠤᠨ ᠣᠷᠴᠢᠨ ᠠᠬᠤᠢ ᠵᠢ ᠴᠢᠷᠮᠠᠢᠨ ᠪᠤᠢ ᠪᠣᠯᠭᠠᠪᠠ᠃ ᠠᠯᠲᠠᠨᠰᠢᠷᠡᠭᠡ ᠪᠠᠯᠭᠠᠰᠤᠨ ᠤ ᠡᠯ᠎ᠡ ᠪᠠᠭ᠎ᠠ ᠲᠣᠭᠤᠷᠢᠭ ᠪᠣᠯᠤᠨ ᠭᠦᠢᠴᠡᠳᠭᠡᠭᠳᠡᠭᠴᠢ ᠶᠢᠨ ᠪᠠᠢᠭ᠎ᠠ ᠪᠠᠢᠭᠤᠯᠭ᠎ᠠ ᠳᠤ《 ᠡᠵᠡᠨ ᠬᠣᠷᠤᠭ᠎ᠠ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠡᠴᠡ ᠭᠦᠢᠴᠡᠳᠭᠡᠭᠳᠡᠭᠴᠢ ᠵᠢ ᠱᠠᠭᠠᠷᠲᠠᠵᠤ ᠪᠠᠢᠮᠠᠨ ᠨᠢᠭᠡᠨᠲᠡ ᠬᠦᠴᠦᠨ ᠲᠠᠢ ᠪᠣᠯᠤᠭᠰᠠᠨ ᠰᠢᠭᠦᠨ ᠳᠠᠰᠤᠯᠠᠯᠲᠠ ᠵᠢ ᠪᠡᠶᠡᠯᠡᠭᠦᠯᠬᠦ ᠲᠤᠬᠠᠢ ᠮᠡᠳᠡᠭᠳᠡᠯ》 ᠢ1000 ᠭᠠᠷᠤᠢ ᠬᠠᠭᠤᠳᠠᠰᠤ ᠨᠠᠭᠠᠵᠤ᠂《 ᠭᠦᠢᠴᠡᠳᠬᠡᠬᠦ ᠵᠢᠯ ᠤᠨ ᠲᠤᠰᠭᠠᠢ ᠲᠥᠷᠦᠯ ᠤᠨ ᠠᠵᠢᠯᠯᠠᠭᠠᠨ ᠤ ᠳᠥᠭᠦᠮ ᠰᠣᠨᠢᠨ 》13 ᠬᠤᠭᠤᠴᠠᠭ᠎ᠠ ᠬᠡᠪᠯᠡᠨ ᠲᠠᠷᠬᠠᠭᠠᠪᠠ᠃ ᠡᠯ᠎ᠡ ᠱᠠᠲᠤᠨ ᠤ ᠵᠠᠭᠤᠴᠢᠯᠠᠭᠤᠷ ᠳᠤ ᠭᠦᠢᠴᠡᠳᠬᠡᠬᠦ ᠠᠵᠢᠯ ᠤᠨ ᠬᠥᠳᠡᠯᠦᠩᠭᠦᠢ ᠮᠡᠳᠡᠭᠡ 46 ᠵᠤᠷᠪᠤᠰ ᠨᠡᠢᠲᠡᠯᠡᠪᠡ( ᠡᠭᠦᠨ ᠤ ᠲᠤᠲᠤᠷ᠎ᠠ ᠤᠯᠤᠰ ᠤᠨ ᠳᠡᠰ ᠤᠨ12 ᠬᠤᠪᠢ ᠮᠡᠳᠡᠭᠡ)᠃ ᠥᠪᠦᠷ ᠮᠣᠩᠭᠤᠯ ᠤᠨ ᠬᠠᠤᠯᠢ ᠳᠦᠷᠢᠮ ᠤᠨ ᠰᠣᠨᠢᠨ᠂ ᠤᠷᠲᠤᠰ ᠣᠷᠤᠢ ᠶᠢᠨ ᠰᠣᠨᠢᠨ ᠵᠡᠷᠭᠡ ᠵᠠᠭᠤᠴᠢᠯᠠᠭᠤᠷ ᠢ ᠤᠷᠢᠵᠤ ᠭᠦᠢᠴᠡᠳᠬᠡᠬᠦ ᠠᠵᠢᠯ ᠤᠨ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ᠃
ᠦᠨᠡᠯᠡᠬᠦ 0ᠦᠨᠡᠯᠡᠯᠲᠡ᠎ᠲᠠᠢ