ᠳᠣᠲᠤᠭᠠᠳᠤ ᠵᠢ ᠬᠠᠮᠠᠭᠠᠯᠠᠬᠤ ᠪᠣᠯᠤᠨ ᠰᠢᠭᠦᠬᠦ ᠬᠤᠷᠢᠶ᠎ᠠ ᠬᠠᠮᠲᠤᠷᠠᠵᠤ《 ᠯᠤᠢᠪᠠᠷᠴᠢᠨ》  ᠢ ᠤᠷᠤᠬᠤ ᠭᠠᠵᠠᠷ ᠦᠭᠡᠢ ᠪᠣᠯᠭᠠᠪᠠ
2017.05.22 ᠲᠣᠰ ᠥᠷᠲᠡᠭᠡᠨ ᠦ ᠨᠠᠢᠷᠠᠭᠤᠯᠤᠭᠴᠢ

ᠵᠣᠬᠢᠶᠠᠭᠴᠢ᠄ ᠭᠦᠢᠴᠡᠳᠬᠡᠬᠦ ᠲᠣᠪᠴᠢᠶ᠎ᠠ   ᠸᠠᠩ ᠰᠢᠶᠣᠣ ᠯᠦᠩ

    5 ᠰᠠᠷ᠎ᠠ ᠶᠢᠨ14 ᠤ ᠡᠳᠦᠷ᠂ ᠪᠥᠬᠦ ᠬᠣᠲᠠ ᠶᠢᠨ《 ᠵᠤᠨ ᠤ ᠰᠢᠭᠤᠷᠭ᠎ᠠ》 ᠭᠦᠢᠴᠡᠳᠬᠡᠬᠦ ᠲᠤᠰᠭᠠᠢ ᠲᠥᠷᠦᠯ ᠤᠨ  ᠠᠵᠢᠯ ᠨᠢ ᠨᠢᠭᠡᠨᠲᠡ ᠬᠣᠷᠢᠳᠤᠭᠠᠷ ᠠᠵᠢᠯ ᠤᠨ ᠡᠳᠦᠷ ᠳᠤ ᠪᠡᠨ ᠣᠷᠤᠵᠤ᠂ ᠪᠥᠬᠦ ᠬᠣᠲᠠ ᠶᠢᠨ ᠰᠢᠭᠦᠬᠦ ᠬᠤᠷᠢᠶ᠎ᠠ ᠨᠡᠢᠲᠡ1290 ᠭᠦᠢᠴᠡᠳᠭᠡᠭᠳᠡᠭᠴᠢ ᠵᠢ ᠲᠦᠷ ᠬᠣᠷᠢᠵᠤ᠂ ᠡᠭᠦᠨ ᠤ ᠳᠣᠲᠤᠷ᠎ᠠ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠲᠤᠪᠴᠢᠶ᠎ᠠ᠂ ᠭᠦᠢᠴᠡᠳᠬᠡᠬᠦ ᠬᠣᠶᠠᠳᠤᠭᠠᠷ ᠲᠤᠪᠴᠢᠶ᠎ᠠ ᠨᠡᠢᠲᠡ106 ᠬᠥᠮᠦᠨ ᠤ ᠲᠦᠷ ᠬᠣᠷᠢᠪᠠ᠃ ᠣᠢᠷ᠎ᠠ ᠶᠢᠨ ᠡᠳᠦᠷ᠂ ᠳ᠋ᠦᠩᠱᠧᠩ ᠲᠣᠭᠤᠷᠢᠭ ᠤᠨ ᠳᠣᠲᠤᠭᠠᠳᠤ ᠵᠢ ᠬᠠᠮᠠᠭᠠᠯᠠᠬᠤ ᠲᠣᠪᠴᠢᠶᠠᠨ ᠡᠴᠡ ᠲᠠᠬᠢᠨ ᠰᠢᠨ᠎ᠡ ᠪᠡᠷ20  ᠺᠠᠲᠠᠷ ᠴᠠᠭᠳᠠᠭ᠎ᠠ ᠨᠡᠮᠡᠵᠦ ᠪᠥᠬᠦ ᠬᠦᠴᠦᠨ ᠢᠶᠡᠷ ᠢᠶᠡᠨ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠰᠠᠯᠠᠭ᠎ᠠ ᠮᠥᠴᠢᠷ ᠢ ᠬᠠᠮᠵᠢᠨ ᠤᠷᠲᠤ ᠬᠤᠭᠤᠴᠠᠭ᠎ᠠ ᠪᠡᠷ ᠮᠥᠷ ᠰᠤᠷᠠᠭ ᠦᠭᠡᠢ ᠪᠣᠯᠤᠭᠰᠠᠨ ᠭᠦᠢᠴᠡᠳᠭᠡᠭᠳᠡᠭᠴᠢ ᠵᠢ ᠪᠠᠢᠴᠠᠭᠠᠨ ᠡᠷᠢᠪᠡ᠃  ᠡᠨᠡ ᠵᠢ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ《 ᠵᠤᠨ ᠤ ᠰᠢᠭᠤᠷᠭ᠎ᠠ》 ᠭᠦᠢᠴᠡᠳᠬᠡᠬᠦ ᠲᠤᠰᠭᠠᠢ ᠲᠥᠷᠦᠯ ᠠᠵᠢᠯ ᠢ ᠡᠬᠢᠯᠡᠭᠦᠯᠦᠭᠰᠡᠨ ᠡᠴᠡ ᠨᠠᠭᠠᠰᠢᠬᠢ ᠤᠷᠲᠤ ᠬᠤᠭᠤᠴᠠᠭ᠎ᠠ ᠪᠡᠷ ᠮᠥᠷ ᠰᠤᠷᠠᠭ ᠦᠭᠡᠢ ᠪᠣᠯᠤᠭᠰᠠᠨ᠂ ᠭᠦᠢᠴᠡᠳᠬᠡᠬᠦ ᠡᠴᠡ ᠵᠠᠢᠯᠠᠭᠰᠠᠨ ᠭᠦᠢᠴᠡᠳᠭᠡᠭᠳᠡᠭᠴᠢ ᠵᠢ ᠡᠵᠡᠮᠳᠡᠭᠰᠡᠨ ᠲᠤᠢᠮᠦ ᠪᠠᠢᠳᠠᠯ ᠪᠠᠢᠵᠤ᠂ ᠲᠤᠲᠤᠭᠠᠳᠤ ᠵᠢ ᠬᠠᠮᠠᠭᠠᠯᠠᠬᠤ ᠪᠣᠯᠤᠨ ᠰᠢᠭᠦᠬᠦ ᠬᠣᠷᠢᠶᠠᠨ  ᠡᠴᠡ ᠬᠠᠮᠲᠤᠷᠠᠵᠤ ᠭᠦᠢᠴᠡᠳᠭᠡᠭᠳᠡᠭᠴᠢ ᠵᠢ ᠡᠷᠢᠭᠰᠡᠨ ᠭᠢᠯᠠᠰ ᠴᠢᠭ ᠪᠣᠯᠪᠠ᠃

   《 ᠵᠤᠨ ᠤ ᠰᠢᠭᠤᠷᠭ᠎ᠠ》 ᠭᠦᠢᠴᠡᠳᠬᠡᠬᠦ ᠲᠤᠰᠭᠠᠢ ᠲᠥᠷᠦᠯ ᠤᠨ ᠠᠵᠢᠯ ᠤᠨ ᠪᠤᠲᠠᠲᠠᠢ ᠦᠷ᠎ᠡ ᠪᠦᠲᠦᠮᠵᠢ ᠤᠯᠬᠤ ᠵᠢ ᠪᠠᠲᠤᠯᠠᠵᠤ᠂ ᠭᠦᠢᠴᠡᠳᠭᠡᠭᠳᠡᠭᠴᠢ ᠢ ᠤᠯᠬᠤ ᠳᠤ ᠬᠦᠴᠢᠷᠲᠠᠢ ᠠᠰᠠᠭᠤᠳᠠᠯ ᠢ ᠵᠣᠬᠢᠰᠲᠠᠢ ᠰᠢᠢᠳᠪᠦᠷᠢᠯᠡᠬᠦ ᠶᠢᠨ ᠲᠤᠯᠠ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠨᠢ4 ᠰᠠᠷ᠎ᠠ ᠶᠢᠨ ᠰᠡᠭᠦᠯᠴᠢ ᠪᠡᠷ ᠳᠣᠲᠤᠭᠠᠳᠤ ᠵᠢ ᠬᠠᠮᠠᠭᠠᠯᠠᠬᠤ ᠪᠠᠢᠭᠤᠯᠭ᠎ᠠ ᠲᠠᠢ ᠬᠠᠮᠵᠢᠯᠴᠠᠨ᠂ ᠳᠣᠲᠤᠭᠠᠳᠤ ᠵᠢ ᠬᠠᠮᠠᠭᠠᠯᠠᠬᠤ ᠪᠠᠢᠭᠤᠯᠭ᠎ᠠ ᠶᠢᠨ ᠪᠥᠬᠦ ᠬᠦᠴᠦᠨ ᠤ ᠬᠠᠪᠰᠤᠷᠠᠯᠭ᠎ᠠ ᠳᠣᠣᠷ᠎ᠠ᠂ ᠨᠢᠭᠡ ᠪᠥᠯᠦᠭ ᠰᠠᠭᠤᠭ᠎ᠠ ᠭᠠᠵᠠᠷ ᠢᠶᠡᠨ ᠦᠷᠭᠦᠯᠵᠢ ᠰᠣᠯᠢᠵᠤ᠂ ᠭᠠᠷ ᠤᠲᠠᠰᠤᠨ ᠳ᠋ᠤᠭᠠᠷ ᠢᠶᠡᠨ ᠪᠠᠢᠩᠭᠤ ᠰᠣᠯᠢᠨ᠂ ᠮᠥᠷ ᠰᠤᠷᠠᠭ ᠦᠭᠡᠢ᠂ ᠭᠦᠢᠴᠡᠳᠬᠡᠬᠦ ᠡᠴᠡ ᠵᠠᠢᠯᠠᠳᠠᠭ《 ᠯᠤᠢᠪᠠᠷᠴᠢᠨ》 ᠢ ᠲᠥᠪᠯᠡᠷᠡᠭᠦᠯᠦᠨ ᠪᠠᠢᠴᠠᠭᠠᠪᠠ᠃ ᠣᠳᠣᠬᠠᠨ ᠤ ᠪᠠᠢᠳᠠᠯ ᠡᠴᠡ ᠦᠵᠡᠪᠡᠯ ᠭᠦᠢᠴᠡᠳᠭᠡᠭᠳᠡᠭᠴᠢ ᠵᠢ ᠤᠯᠬᠤ ᠳᠤ ᠬᠦᠴᠢᠷᠲᠠᠢ ᠪᠠᠢᠳᠠᠭ ᠠᠰᠠᠭᠤᠳᠠᠯ ᠨᠡᠯᠢᠶᠡᠳ ᠵᠦᠭᠰᠢᠷᠡᠵᠦ᠂ ᠶᠡᠬᠡ ᠤᠯᠠᠨ ᠬᠡᠷᠡᠭ ᠤᠷᠲᠤ ᠬᠤᠭᠤᠴᠠᠭ᠎ᠠ ᠪᠡᠷ ᠪᠡᠶ᠎ᠡ ᠳᠠᠯᠳᠠᠯᠠᠭᠰᠠᠨ《 ᠯᠤᠢᠪᠠᠷᠴᠢᠨ》 ᠤ ᠢᠯᠡᠷᠡᠬᠦ ᠪᠡᠷ ᠳᠠᠮᠵᠢᠨ ᠰᠢᠢᠳᠪᠦᠷᠢᠯᠡᠭᠳᠡᠪᠡ᠃

      ᠣᠳᠣ ᠬᠣᠲᠠ ᠶᠢᠨ ᠰᠢᠭᠦᠬᠦ ᠬᠤᠷᠢᠶ᠎ᠠ ᠪᠣᠯᠤᠨ ᠳᠣᠲᠤᠭᠠᠳᠤ ᠵᠢ ᠬᠠᠮᠠᠭᠠᠯᠠᠬᠤ  ᠲᠤᠪᠴᠢᠶ᠎ᠠ ᠶᠠᠭ ᠰᠠᠢᠬᠠᠨ ᠤᠯᠠᠮ ᠨᠢᠭᠡ ᠠᠯᠬᠤᠮ ᠬᠠᠮᠲᠤᠷᠠᠯᠴᠠᠨ᠂ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠪᠣᠯᠤᠨ ᠲᠤᠳᠤᠭᠠᠳᠤ ᠵᠢ ᠬᠠᠮᠠᠭᠠᠯᠠᠬᠤ ᠲᠠᠢ ᠬᠠᠮᠲᠤᠷᠠᠯᠴᠠᠬᠤ ᠤᠷᠳᠤ ᠤᠳᠠᠭᠠᠨ ᠬᠦᠴᠦᠨ ᠪᠥᠬᠦᠢ ᠳᠤᠭᠲᠠᠴᠠ ᠵᠢ ᠢᠳᠡᠪᠬᠢᠲᠠᠢ ᠡᠷᠢᠯᠬᠢᠯᠡᠵᠦ ᠪᠠᠢᠨ᠎ᠠ᠃ ᠳᠠᠷᠠᠭᠠᠴᠢ ᠶᠢᠨ ᠠᠯᠬᠤᠮ ᠳᠤ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ ᠭᠦᠢᠴᠡᠳᠭᠡᠭᠳᠡᠭᠴᠢ ᠶᠢᠨ ᠵᠣᠷᠢᠭᠤᠳᠠ ᠪᠡᠷ ᠨᠢᠭᠤᠨ ᠳᠠᠯᠳᠠᠯᠠᠭᠰᠠᠨ ᠲᠡᠷᠭᠡ ᠬᠥᠰᠭᠡ ᠵᠢ ᠡᠷᠢᠵᠦ ᠤᠯᠬᠤ ᠲᠠᠯ᠎ᠠ ᠪᠡᠷ ᠮᠠᠨ ᠤ ᠬᠣᠲᠠ ᠶᠢᠨ ᠳᠣᠲᠤᠭᠠᠳᠤ ᠵᠢ ᠬᠠᠮᠠᠭᠠᠯᠠᠬᠤ ᠰᠠᠨᠯᠠᠭ᠎ᠠ ᠮᠥᠴᠢᠷ ᠲᠠᠢ ᠪᠤᠲᠠᠲᠠᠢ ᠰᠢᠢᠳᠪᠦᠷᠢᠯᠡᠬᠦ ᠠᠷᠭ᠎ᠠ ᠵᠢ ᠶᠠᠷᠢᠯᠴᠠᠵᠤ ᠪᠠᠢᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )