ᠵᠣᠬᠢᠶᠠᠭᠴᠢ᠄ ᠵᠠᠷᠭᠤᠯᠳᠤᠭᠠᠨ ᠤ ᠦᠢᠯᠡᠴᠢᠯᠡᠭᠡᠨ ᠤ ᠲᠥᠪ ᠮᠸᠩ ᠰᠢᠶᠣᠣ ᠰᠢᠶᠠ
ᠮᠠᠨ ᠤ ᠤᠯᠤᠰ ᠤᠨ ᠪᠥᠬᠦ ᠲᠠᠯ᠎ᠠ ᠪᠡᠷ ᠭᠠᠳᠠᠭᠠᠳᠤ ᠳᠤ ᠨᠡᠭᠡᠭᠡᠯᠲᠡ ᠲᠠᠢ ᠪᠠᠢᠯᠭᠠᠬᠤ ᠰᠢᠨ᠎ᠡ ᠬᠡᠪ ᠪᠠᠢᠳᠠᠯ ᠤᠨ ᠪᠥᠷᠢᠯᠳᠤᠵᠦ ᠪᠠᠢᠭ᠎ᠠ ᠬᠢᠭᠡᠳ《 ᠨᠢᠭᠡ ᠪᠥᠰ ᠨᠢᠭᠡ ᠵᠠᠮ 》 ᠤᠨ ᠬᠥᠭᠵᠢᠭᠦᠯᠬᠦ ᠪᠠᠢᠯᠳᠤᠬᠤ ᠪᠣᠳᠤᠯᠭ᠎ᠠ ᠶᠢᠨ ᠡᠷᠴᠢ ᠨᠡᠮᠡᠨ ᠤᠷᠤᠭᠰᠢᠯᠠᠵᠤ ᠪᠠᠢᠭ᠎ᠠ ᠪᠠᠢᠳᠠᠯ ᠢ ᠳᠠᠭᠠᠯᠳᠤᠨ᠂ ᠵᠥᠷᠢᠴᠡᠯ ᠮᠠᠷᠭᠤᠯᠳᠤᠭᠠᠨ ᠤᠯᠠᠨ ᠡᠰᠢᠵᠢᠭᠰᠡᠨ ᠳᠤᠭᠲᠠᠴᠠ ᠰᠢᠨ᠎ᠡ ᠨᠢᠭᠡᠨ ᠲᠡᠤᠬᠡᠨ ᠴᠠᠭ ᠳᠤ ᠣᠷᠤᠪᠠ᠃ ᠣᠷᠳᠤᠰ ᠬᠣᠲᠠ ᠶᠢᠨ ᠵᠠᠷᠭᠤᠯᠳᠤᠭᠠᠨ ᠤ ᠦᠢᠯᠡᠴᠢᠯᠡᠭᠡ ᠶᠢᠨ ᠲᠥᠪ ᠨᠢ ᠬᠤᠪᠢᠷᠠᠯᠲᠠ ᠪᠡᠷ ᠬᠤᠪᠢᠷᠠᠯᠳᠠ ᠵᠢ ᠠᠷᠭᠠᠴᠠᠭᠠᠨ᠂ ᠰᠢᠨ᠎ᠡ ᠪᠡᠷ ᠰᠢᠨ᠎ᠡ ᠵᠢ ᠳᠠᠭᠠᠵᠤ᠂ ᠤᠯᠠᠨ ᠲᠦᠮᠡᠨ ᠳᠤ ᠳᠥᠭᠦᠮ ᠪᠦᠲᠦᠮᠵᠢ ᠨᠢ ᠥᠨᠳᠦᠷ ᠮᠠᠷᠭᠤᠯᠳᠤᠭᠠᠨ ᠢ ᠨᠠᠮᠵᠢᠭᠤᠯᠬᠤ ᠰᠢᠨ᠎ᠡ ᠠᠷᠭ᠎ᠠ ᠵᠠᠮ ᠢ ᠢᠳᠡᠪᠬᠢᠲᠠᠢ ᠰᠦᠪᠡᠭᠴᠢᠯᠡᠨ᠂ ᠰᠦᠯᠵᠢᠶᠡᠨ ᠳᠡᠭᠡᠷᠡᠬᠢ《e ᠡᠶᠡᠳᠡᠭᠦᠯᠭᠡ》 ᠶᠢᠨ ᠲᠠᠪᠴᠠᠩ ᠳᠤ ᠲᠦᠰᠢᠭᠯᠡᠨ᠂《 ᠢᠨᠲ᠋ᠸᠷ ᠰᠦᠯᠵᠢᠶ᠎ᠡ+》 ᠡᠶᠡᠳᠡᠭᠦᠯᠬᠦ ᠬᠡᠯᠪᠡᠷᠢ ᠵᠢ ᠪᠠᠢᠭᠤᠯᠤᠨ᠂ ᠠᠯᠤᠰ ᠡᠴᠡ ᠵᠥᠷᠢᠴᠡᠯ ᠮᠠᠷᠭᠤᠯᠳᠤᠭᠠᠨ ᠢ ᠡᠶᠡᠳᠡᠭᠦᠯᠪᠡ᠃
ᠲᠤᠬᠠᠢ ᠶᠢᠨ ᠬᠥᠮᠦᠨ ᠤ ᠪᠤᠲᠠᠲᠠᠢ ᠪᠠᠢᠳᠠᠯ ᠳ᠋ᠤ ᠰᠠᠭᠤᠷᠢᠯᠠᠨ᠂《e ᠡᠶᠡᠳᠡᠭᠦᠯᠭᠡ》 ᠶᠢᠨ ᠲᠠᠪᠴᠠᠩ ᠤᠨ ᠥᠨᠳᠦᠷ ᠠᠰᠢᠭᠯᠠᠮᠵᠢᠲᠠᠢ ᠳᠥᠭᠦᠮ ᠪᠠᠢᠳᠠᠭ ᠳᠠᠪᠠᠭᠤᠯᠢᠭ ᠢ ᠠᠰᠢᠭᠯᠠᠨ ---- ᠤᠯᠠᠮᠵᠢᠯᠠᠯᠲᠤ ᠡᠶᠡᠳᠡᠭᠦᠯᠭᠡ ᠶᠢᠨ ᠴᠠᠭ᠂ ᠣᠷᠤᠨ ᠵᠠᠢ᠂ ᠭᠠᠵᠠᠷ ᠣᠷᠤᠨ ᠤ ᠬᠢᠵᠠᠭᠠᠷᠯᠠᠯ ᠢ ᠰᠢᠪᠲᠤᠯᠠᠵᠤ᠂ ᠣᠢᠷ᠎ᠠ ᠶᠢᠨ ᠡᠳᠦᠷ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠢᠷᠭᠡᠨ ᠤ ᠭᠤᠷᠪᠠᠳᠤᠭᠠᠷ ᠲᠢᠩᠬᠢᠮ ᠤᠨ ᠰᠢᠭᠦᠭᠴᠢ ᠲᠤᠰ ᠲᠠᠪᠴᠠᠩ ᠢ ᠠᠰᠢᠭᠯᠠᠨ ᠵᠠᠯᠭᠠᠭᠠᠪᠡᠷ 4 ᠵᠥᠷᠢᠴᠡᠯ ᠮᠠᠷᠭᠤᠯᠳᠤᠭᠠᠨ ᠢ ᠡᠶᠡᠳᠡᠭᠦᠯᠵᠦ᠂ ᠢᠷᠭᠡᠨ ᠤ ᠬᠣᠶᠠᠳᠤᠭᠠᠷ ᠲᠢᠩᠬᠢᠮ ᠤᠨ ᠰᠢᠭᠦᠭᠴᠢ1 ᠬᠡᠷᠡᠭ ᠢ ᠠᠯᠤᠰ ᠡᠴᠡ ᠭᠡᠷᠡᠴᠢ ᠲᠤᠯᠭᠠᠵᠤ᠂ ᠲᠤᠬᠠᠢ ᠶᠢᠨ ᠬᠥᠮᠦᠨ ᠤ ᠶᠠᠳᠠᠷᠠᠯ ᠢ ᠦᠨᠡᠨᠬᠦ ᠬᠥᠩᠭᠡᠯᠡᠵᠦ᠂ ᠵᠠᠭᠠᠯᠳᠤᠯᠭ᠎ᠠ ᠶᠢᠨ ᠥᠷᠲᠡᠭ ᠢ ᠭᠠᠮᠨᠠᠨ᠂ ᠬᠡᠷᠡᠭ ᠰᠢᠢᠳᠪᠦᠷᠢᠯᠡᠬᠦ ᠪᠦᠲᠦᠮᠵᠢ ᠵᠢ ᠪᠥᠲᠦᠮᠵᠢᠲᠠᠢ ᠳᠡᠭᠡᠭᠰᠢᠯᠡᠭᠦᠯᠵᠦ᠂ ᠮᠠᠰᠢ ᠰᠠᠢᠨ ᠬᠠᠤᠯᠢ ᠴᠠᠭᠠᠵᠠ ᠶᠢᠨ ᠦᠷ᠎ᠡ ᠪᠦᠲᠦᠭᠡᠯ ᠪᠠ ᠨᠡᠢᠭᠡᠮ ᠤᠨ ᠦᠷ᠎ᠡ ᠪᠦᠲᠦᠭᠡᠯ ᠢ ᠣᠯᠤᠭᠰᠠᠨ ᠪᠠᠢᠨ᠎ᠠ᠃
ᠣᠳᠣᠬᠠᠨ ᠳᠤ ᠥᠨᠳᠦᠷ ᠪᠥᠲᠦᠮᠵᠢᠲᠠᠢ ᠠᠷᠠᠳ ᠳᠤ ᠳᠥᠭᠦᠮ ᠬᠠᠤᠯᠢ ᠬᠡᠷᠡᠭᠵᠢᠭᠦᠯᠬᠦ ᠦᠢᠯᠡᠴᠢᠯᠡᠭᠡ ᠶᠢᠨ ᠤᠬᠠᠭᠳᠠᠬᠤᠨ ᠢ ᠪᠡᠶᠡᠯᠡᠭᠦᠯᠬᠦ ᠶᠢᠨ ᠲᠤᠯᠠᠳᠠ᠂ ᠢᠷᠭᠡᠨ ᠤ ᠭᠤᠷᠪᠠᠳᠤᠭᠠᠷ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠪᠢᠶᠠᠨ ᠰᠢᠶᠣᠣ ᠶᠠᠨ ᠶᠠᠭ ᠰᠠᠢᠬᠠᠨ ᠲᠡᠭᠦᠨ ᠤ ᠪᠠᠢᠭ᠎ᠠ ᠬᠠᠮᠲᠤᠷᠠᠨ ᠵᠥᠪᠯᠡᠬᠦ ᠲᠢᠩᠬᠢᠮ ᠢ ᠵᠣᠬᠢᠶᠠᠨ ᠪᠠᠢᠭᠤᠯᠵᠤ᠂ ᠰᠦᠯᠵᠢᠶᠡᠨ ᠳᠡᠭᠡᠷᠡᠬᠢ ᠰᠢᠭᠦᠬᠦ ᠬᠣᠷᠢᠶᠠᠨ ᠤ ᠲᠠᠪᠴᠠᠩ ᠢ ᠠᠰᠢᠭᠯᠠᠨ ᠰᠦᠯᠵᠢᠶᠡᠨ ᠳᠡᠭᠡᠷ᠎ᠡ ᠲᠢᠩᠬᠢᠮ ᠤᠨ ᠰᠢᠭᠦᠯᠲᠡ ᠬᠢᠬᠦ ᠵᠢ ᠢᠳᠡᠪᠬᠢᠲᠠᠢ ᠰᠦᠪᠡᠭᠴᠢᠯᠡᠵᠦ ᠪᠠᠢᠨ᠎ᠠ᠃ ᠡᠭᠦᠨ ᠤ ᠲᠤᠯᠠ᠂ ᠵᠠᠷᠭᠤᠯᠳᠤᠭᠠᠨ ᠤ ᠦᠢᠯᠡᠴᠢᠯᠡᠭᠡ ᠶᠢᠨ ᠲᠥᠪ ᠡᠴᠡ ᠡᠯ᠎ᠡ ᠰᠢᠭᠦᠨ ᠳᠠᠰᠤᠯᠠᠬᠤ ᠠᠵᠢᠯ ᠤᠨ ᠲᠢᠩᠬᠢᠮ ᠠᠯᠪᠠᠨ ᠭᠡᠷ ᠰᠦᠯᠵᠢᠶᠡᠨ ᠳᠡᠭᠡᠷᠡᠬᠢ ᠰᠢᠭᠦᠬᠦ ᠬᠣᠷᠢᠶᠠᠨ ᠤ ᠳᠠᠪᠴᠠᠩ ᠢ ᠢᠯᠡᠭᠦᠬᠡᠨ ᠬᠡᠷᠡᠭᠯᠡᠨ᠂ ᠲᠡᠭᠦᠨ ᠤ ᠤᠯᠠᠨ ᠲᠦᠮᠡᠨ ᠳᠤ ᠦᠢᠯᠡᠴᠢᠯᠡᠬᠦ ᠰᠢᠭᠦᠨ ᠳᠠᠰᠤᠯᠠᠯᠲᠠ ᠳᠤ ᠦᠢᠯᠡᠴᠢᠯᠡᠬᠦ ᠴᠢᠳᠠᠮᠵᠢ ᠵᠢ ᠬᠠᠮᠤᠭ ᠶᠡᠬᠡ ᠳᠤ ᠬᠦᠷᠭᠡᠵᠦ᠂ ᠰᠢᠭᠦᠬᠦ ᠬᠣᠷᠢᠶᠠᠨ ᠤ ᠰᠢᠭᠦᠨ ᠳᠠᠰᠤᠯᠠᠬᠤ ᠰᠢᠰᠲ᠋ᠧᠮ ᠪᠠ ᠰᠢᠭᠦᠨ ᠳᠠᠰᠤᠯᠠᠬᠤ ᠴᠢᠳᠠᠪᠤᠷᠢ ᠶᠢᠨ ᠤᠳᠤᠬᠢᠵᠢᠯᠠᠯᠲᠠ ᠵᠢ ᠠᠬᠢᠭᠤᠯᠵᠤ᠂《 ᠣᠶᠤᠨᠵᠢᠭᠰᠠᠨ ᠰᠢᠭᠦᠬᠦ ᠬᠤᠷᠢᠶ᠎ᠠ》 ᠵᠢ ᠪᠦᠲᠦᠭᠡᠨ ᠪᠠᠢᠭᠤᠯᠬᠤ ᠳᠤ ᠪᠠᠲᠤ ᠪᠡᠬᠢ ᠰᠠᠭᠤᠷᠢ ᠲᠠᠯᠪᠢᠬᠤ ᠵᠢ ᠰᠠᠨᠠᠭᠠᠴᠢᠯᠠᠪᠠ᠃
ᠦᠨᠡᠯᠡᠬᠦ 0ᠦᠨᠡᠯᠡᠯᠲᠡ ᠲᠠᠢ