ᠣᠲᠤᠭ ᠬᠣᠰᠢᠭᠤᠨ ᠤ ᠰᠢᠭᠦᠬᠦ ᠬᠤᠷᠢᠶ᠎ᠠ᠄ ᠵᠠᠭᠠᠯᠳᠤᠯᠭ᠎ᠠ ᠶᠢᠨ ᠦᠢᠯᠡᠴᠢᠯᠡᠭᠡ《 ᠥᠷᠲᠡᠭᠡ ᠴᠢᠭ ᠲᠤ ᠬᠡᠰᠢᠭᠦᠨ》 ᠳᠤᠬᠢᠷᠠᠭᠤᠯᠵᠤ ᠠᠷᠠᠳ ᠤᠨ ᠲᠥᠯᠦᠭᠡ ᠬᠠᠤᠯᠢ ᠬᠡᠷᠡᠭᠵᠢᠭᠦᠯᠬᠦ《 ᠶᠡᠬᠡ ᠲᠣᠣᠷᠵᠢᠯ》 ᠢ ᠪᠠᠢᠭᠤᠯᠪᠠ
ᠵᠣᠬᠢᠶᠠᠭᠴᠢ᠄ ᠣᠲᠤᠭ ᠬᠣᠰᠢᠭᠤᠨ ᠤ ᠰᠢᠭᠦᠬᠦ ᠬᠤᠷᠢᠶ᠎ᠠ ᠸᠠᠩ ᠳ᠋ᠦᠩ ᠳ᠋ᠦᠩ
ᠣᠲᠤᠭ ᠬᠣᠰᠢᠭᠤᠨ ᠤ ᠬᠠᠷᠢᠶ᠎ᠠ ᠲᠠᠯᠠᠪᠠᠢ ᠨᠢ2.1 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠪᠠᠢᠵᠤ᠂ 6 ᠰᠤᠮᠤ ᠬᠠᠷᠢᠶᠠᠯᠠᠭᠳᠠᠵᠤ᠂ ᠶᠡᠷᠦᠩᠬᠡᠢ ᠬᠥᠮᠦᠨ ᠠᠮᠠ ᠨᠢ16.4 ᠲᠦᠮᠡ ᠪᠠᠢᠵᠤ᠂ ᠮᠠᠯᠵᠢᠬᠤ ᠲᠠᠷᠢᠶᠠᠯᠠᠬᠤ ᠣᠷᠤᠨ ᠤ ᠤᠯᠠᠨ ᠲᠦᠮᠡᠨ ᠵᠠᠭᠠᠯᠳᠤᠯᠭ᠎ᠠ ᠬᠢᠬᠦ ᠪᠡᠯᠡ ᠥᠨᠳᠦᠷ᠂ ᠶᠠᠪᠤᠵᠤ ᠰᠠᠭᠤᠬᠤ ᠳᠤ ᠬᠦᠴᠢᠷ ᠵᠡᠷᠭᠡ ᠠᠰᠠᠭᠤᠳᠠᠯ ᠳᠤ ᠲᠤᠯᠭᠠᠷᠠᠳᠠᠭ᠃
ᠵᠠᠭᠠᠯᠳᠤᠯᠭ᠎ᠠ ᠶᠢᠨ ᠳᠠᠷᠤᠭᠠᠰᠤ ᠵᠢ ᠬᠥᠩᠭᠡᠯᠡᠵᠦ᠂ ᠮᠠᠯᠴᠢᠨ ᠲᠠᠷᠢᠶᠠᠴᠢᠨ ᠣᠷᠤᠨ ᠤ ᠤᠯᠠᠨ ᠲᠦᠮᠡᠨ ᠳᠤ ᠲᠤᠬᠠᠢ ᠶᠢᠨ ᠭᠠᠵᠠᠷ ᠲᠤ ᠨᠢ ᠮᠠᠷᠭᠤᠯᠳᠤᠭᠠᠨ ᠢ ᠰᠢᠢᠳᠪᠦᠷᠢᠯᠡᠬᠦ ᠳᠤ ᠳᠥᠭᠦᠮ ᠦᠵᠡᠭᠦᠯᠬᠦ ᠶᠢᠨ ᠲᠤᠯᠠᠲᠠ᠂ ᠤᠯᠠᠭᠠᠨ ᠪᠠᠯᠭᠠᠰᠤ᠂ ᠠᠷᠪᠠᠰ ᠰᠤᠮᠤ᠂ ᠰᠦᠮᠡᠲᠦ ᠰᠤᠮᠤ᠂ ᠦᠮᠡᠬᠡᠢᠨᠠᠭᠤᠷ ᠪᠠᠯᠭᠠᠰᠤ᠂ ᠮᠸᠩᠱᠢ ᠪᠠᠯᠭᠠᠰᠤ᠂ ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ ᠲᠠᠢ ᠬᠠᠮᠲᠤᠪᠠᠷ ᠰᠤᠲᠤᠯᠠᠭᠰᠠᠨ ᠤ ᠳᠠᠷᠠᠭ᠎ᠠ᠂ ᠣᠲᠤᠭ ᠬᠣᠰᠢᠭᠤᠨ ᠤ ᠰᠢᠭᠦᠬᠦ ᠬᠤᠷᠢᠶ᠎ᠠ ᠨᠢ ᠡᠯ᠎ᠡ ᠰᠤᠮᠤᠨ ᠤ ᠲᠤᠰᠪᠥᠷᠢ ᠭᠤᠷᠪᠠᠨ ᠵᠠᠭᠠᠯᠳᠤᠯᠭ᠎ᠠ ᠶᠢᠨ ᠦᠢᠯᠡᠴᠢᠯᠡᠭᠡ ᠶᠢᠨ ᠥᠷᠲᠡᠭᠡ ᠪᠠᠢᠭᠤᠯᠵᠤ᠂ ᠪᠥᠬᠦ ᠬᠣᠰᠢᠭᠤᠨ ᠤ ᠵᠠᠰᠠᠭ ᠵᠠᠬᠢᠷᠭᠠᠨ ᠤ ᠭᠠᠴᠠᠭ᠎ᠠ( ᠲᠣᠰᠭᠤᠨ) ᠳᠤ75 ᠦᠢᠯᠡᠴᠢᠯᠡᠬᠦ ᠴᠢᠭ ᠪᠠᠢᠭᠤᠯᠵᠤ᠂ ᠦᠢᠯᠡᠴᠢᠯᠡᠬᠦ ᠥᠷᠲᠡᠭᠡ ᠪᠦᠷᠢ ᠳᠤ3 ᠨᠡᠷ᠎ᠡ᠂ ᠦᠢᠯᠡᠴᠢᠯᠡᠬᠦ ᠴᠢᠭ ᠪᠦᠷᠢ ᠳᠤ1 ᠨᠡᠷ᠎ᠡ᠂ ᠨᠡᠢᠲᠡ84 ᠨᠡᠷ᠎ᠡ ᠬᠣᠯᠪᠤᠭᠠᠴᠢᠨ ᠲᠣᠬᠢᠷᠠᠭᠤᠯᠵᠤ᠂ ᠵᠠᠭᠠᠯᠳᠤᠯᠭ᠎ᠠ ᠶᠢᠨ ᠦᠢᠯᠡᠴᠢᠯᠡᠭᠡ ᠶᠢᠨ《 ᠥᠷᠲᠡᠭᠡ ᠴᠢᠭ ᠤᠨ ᠬᠡᠰᠢᠭᠦᠨ》 ᠤ ᠪᠥᠬᠦᠨ ᠢ ᠪᠦᠷᠬᠦᠭᠦᠯᠬᠦ ᠵᠢ ᠪᠡᠶᠡᠯᠡᠭᠦᠯᠪᠡ᠃
ᠪᠠᠢᠭᠤᠯᠬᠤ ᠶᠠᠪᠤᠴᠠ ᠳᠤᠮᠳᠠ᠂ ᠣᠲᠤᠭ ᠬᠣᠰᠢᠭᠤᠨ ᠤ ᠰᠢᠭᠦᠬᠦ ᠬᠣᠷᠢᠶᠠᠨ ᠡᠴᠡ ᠰᠤᠮᠤ ᠪᠠᠯᠭᠠᠰᠤᠨ ᠤ ᠦᠢᠯᠡᠴᠢᠯᠡᠭᠡ ᠶᠢᠨ ᠶᠡᠬᠡ ᠲᠢᠩᠬᠢᠮ᠂ ᠬᠥᠳᠡᠯᠡᠩᠭᠦᠢ ᠵᠠᠰᠠᠭ ᠤᠨ ᠦᠢᠯᠡᠴᠢᠯᠡᠭᠡᠨ ᠤ ᠲᠡᠷᠭᠡ ᠬᠥᠰᠭᠡ ᠵᠡᠷᠭᠡ ᠵᠢ ᠭᠦᠢᠴᠡᠳ ᠠᠰᠢᠭᠯᠠᠵᠤ᠂ ᠦᠢᠯᠡᠴᠢᠯᠡᠭᠡᠨ ᠤ ᠥᠷᠲᠡᠭᠡ᠂ ᠴᠢᠭ ᠢ ᠲᠡᠭᠦᠨ ᠤ ᠳᠣᠲᠤᠷ᠎ᠠ ᠪᠠᠢᠭᠤᠯᠵᠤ᠂ ᠳᠡᠭᠡᠷ᠎ᠡ ᠡᠴᠡ ᠳᠣᠷᠤᠭᠰᠢ ᠨᠢᠭᠡᠲᠦᠯᠲᠡᠢ ᠪᠠᠢᠭᠤᠯᠬᠤ ᠪᠠᠷᠢᠮᠵᠢᠶ᠎ᠠ᠂ ᠲᠠᠯᠠᠪᠤᠷ ᠤᠨ ᠨᠡᠷ᠎ᠡ᠂ ᠫᠠᠢᠰᠠ ᠱᠤᠱᠤᠭᠠ᠂ ᠴᠢᠳᠠᠮᠵᠢ ᠶᠢᠨ ᠲᠣᠬᠢᠷᠠᠭᠤᠯᠤᠯᠲᠠ ᠵᠢ ᠳᠤᠭᠲᠠᠭᠠᠵᠤ᠂ ᠦᠢᠯᠡᠴᠢᠯᠡᠭᠡᠨ ᠤ ᠥᠷᠲᠡᠭᠡ᠂ ᠴᠢᠭ ᠪᠦᠷᠢ ᠶᠢᠨ ᠫᠠᠢᠰᠠ ᠡᠯᠭᠦᠬᠦ ᠳᠤ ᠡᠷᠬᠡ ᠣᠯᠭᠤᠨ᠎ᠠ᠃ ᠰᠤᠮᠤ ᠪᠠᠯᠭᠠᠰᠤᠨ ᠤ ᠤᠯᠤᠰ ᠲᠥᠷᠦ ᠬᠠᠤᠯᠢ ᠴᠠᠭᠠᠵᠠ ᠶᠢᠨ ᠱᠦᠵᠢ᠂ ᠭᠠᠴᠠᠭ᠎ᠠ ᠲᠣᠰᠭᠤᠨ ᠤ ᠬᠠᠷᠢᠭᠤᠴᠠᠯᠭᠠᠲᠠᠨ᠂ ᠬᠠᠤᠯᠢ ᠴᠠᠭᠠᠵᠠ ᠶᠢᠨ ᠭᠠᠵᠠᠷ ᠤᠨ ᠭᠠᠵᠠᠷ ᠤᠨ ᠲᠠᠷᠤᠭ᠎ᠠ᠂ ᠬᠥᠳᠡᠯᠡᠩᠭᠦᠢ ᠵᠠᠰᠠᠭ ᠵᠠᠬᠢᠷᠭᠠᠨ ᠤ ᠦᠢᠯᠡᠴᠢᠯᠡᠭᠡᠨ ᠤ ᠲᠡᠷᠭᠡ ᠬᠥᠰᠭᠡ ᠶᠢᠨ ᠬᠠᠷᠢᠭᠤᠴᠠᠯᠭᠠᠲᠠᠨ ᠵᠡᠷᠭᠡ ᠪᠡᠷ ᠬᠠᠷᠢᠴᠠᠭᠠᠨ ᠤ ᠬᠥᠮᠦᠨ ᠪᠣᠯᠭᠠᠵᠤ᠂ ᠰᠢᠭᠦᠭᠴᠢ ᠡᠴᠡ《 ᠵᠠᠭᠠᠯᠳᠤᠯᠭ᠎ᠠ ᠶᠢᠨ ᠦᠢᠯᠡᠴᠢᠯᠡᠭᠡ》 ᠳᠤ ᠣᠷᠤᠯᠴᠠᠭᠰᠠᠨ ᠸᠢᠴᠸᠲ ᠤᠨ ᠬᠣᠯᠪᠤᠭ᠎ᠠ ᠪᠠᠢᠭᠤᠯᠵᠤ᠂ ᠬᠠᠤᠯᠢ ᠴᠠᠭᠠᠵᠠ ᠶᠢᠨ ᠡᠬᠢ ᠪᠠᠶᠠᠯᠢᠭ ᠢ ᠵᠣᠬᠢᠰᠲᠠᠢ ᠠᠷᠪᠢᠯᠠᠪᠠ᠃
ᠡᠭᠦᠨ ᠤ ᠵᠡᠷᠭᠡᠪᠡᠷ᠂ ᠲᠣᠭᠤᠷᠢᠨ ᠰᠢᠭᠦᠨ ᠳᠠᠰᠤᠯᠠᠬᠤ ᠲᠡᠷᠭᠡᠨ ᠤ ᠦᠢᠯᠡᠳᠦᠯ ᠢ ᠳᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢᠯᠠᠭᠰᠠᠨ ᠰᠢᠭᠦᠬᠦ ᠲᠢᠩᠬᠢᠮ ᠤᠨ ᠰᠢᠰᠲ᠋ᠧᠮ ᠪᠣᠯᠤᠨ ᠬᠥᠳᠡᠯᠡᠩᠭᠦᠢ ᠰᠢᠭᠦᠬᠦ ᠬᠣᠷᠢᠶᠠᠨ ᠤ ᠦᠵᠦᠭᠦᠷ ᠤᠨ ᠳᠥᠬᠦᠭᠡᠷᠡᠮᠵᠢ ᠵᠢ ᠨᠡᠮᠡᠨ ᠤᠭᠰᠠᠷᠠᠵᠤ᠂ ᠬᠡᠷᠡᠭ ᠤᠨ ᠬᠠᠮᠢᠶᠠᠷᠤᠯᠲᠠ ᠶᠢᠨ ᠰᠢᠰᠲ᠋ᠧᠮ ᠳᠤ ᠵᠠᠯᠭᠠᠵᠤ᠂ ᠠᠯᠤᠰ ᠡᠴᠡ ᠡᠯᠧᠺᠲ᠋ᠷᠣᠨ ᠭᠠᠷ ᠤᠨ ᠦᠰᠦᠭ ᠵᠢᠷᠤᠵᠤ ᠲᠠᠮᠠᠭ᠎ᠠ ᠳᠠᠷᠤᠬᠤ᠂ ᠬᠥᠳᠡᠯᠡᠩᠭᠦᠢPOS ᠮᠠᠰᠢᠨ ᠪᠣᠯᠤᠨ ᠲᠣᠭᠤᠷᠢᠨ ᠰᠢᠭᠦᠬᠦ ᠲᠤᠰᠭᠠᠢ ᠪᠣᠭᠴᠤ ᠲᠣᠬᠢᠷᠠᠭᠤᠯᠤᠨ ᠥᠭᠴᠦ᠂ ᠠᠷᠠᠳ ᠳᠤ ᠳᠥᠭᠦᠮ ᠦᠵᠡᠭᠦᠯᠬᠦ ᠦᠢᠯᠡᠴᠢᠯᠡᠭᠡᠨ ᠤ ᠺᠠᠷᠲ ᠲᠦᠭᠡᠭᠡᠨ ᠥᠭᠭᠦᠨ᠎ᠡ᠃ ᠣᠲᠤᠭ ᠬᠣᠰᠢᠭᠤᠨ ᠤ ᠰᠢᠭᠦᠬᠦ ᠬᠣᠷᠢᠶᠠᠨ ᠡᠴᠡ ᠬᠥᠳᠡᠯᠡᠩᠭᠦᠢ ᠪᠡᠷ《 ᠭᠠᠳᠠᠭᠰᠢ ᠭᠠᠷᠴᠤ》 ᠮᠠᠯᠴᠢᠨ ᠳᠠᠷᠢᠶᠠᠴᠢᠨ ᠤᠯᠠᠨ ᠲᠦᠮᠡᠨ ᠳᠤ ᠦᠢᠯᠡᠴᠢᠯᠡᠭᠡ ᠬᠠᠩᠭᠠᠵᠤ᠂ ᠥᠷᠲᠡᠭᠡ᠂ ᠴᠢᠭ᠂ ᠬᠡᠰᠢᠭᠦᠨ ᠢᠶᠡᠷ《 ᠴᠢᠭ》 ᠪᠣᠯᠭᠠᠵᠤ᠂ ᠲᠣᠭᠤᠷᠢᠨ ᠰᠢᠭᠦᠬᠦ ᠲᠢᠩᠬᠢᠮ ᠪᠣᠯᠤᠨ ᠰᠢᠭᠦᠨ ᠲᠠᠰᠤᠯᠠᠬᠤ ᠲᠡᠷᠭᠡ ᠪᠡᠷ《 ᠵᠡᠭᠦᠦ》 ᠪᠣᠯᠭᠠᠵᠤ᠂ ᠠᠷᠠᠳ ᠤᠨ ᠲᠥᠯᠦᠭᠡ ᠬᠠᠤᠯᠢ ᠬᠡᠷᠡᠭᠵᠢᠭᠦᠯᠬᠦ《 ᠶᠡᠬᠡ ᠲᠣᠣᠷ》 ᠢ ᠪᠠᠢᠭᠤᠯᠪᠠ᠃
ᠦᠨᠡᠯᠡᠬᠦ 0ᠦᠨᠡᠯᠡᠯᠲᠡ ᠲᠠᠢ