ᠵᠣᠬᠢᠶᠠᠭᠴᠢ᠄ ᠰᠣᠳᠤᠯᠠᠬᠤ ᠳᠠᠰᠤᠭ ᠯᠢ ᡁᠢ ᠴᠢ
ᠣᠢᠷ᠎ᠠ ᠶᠢᠨ ᠬᠤᠭᠤᠴᠠᠭᠠᠨ ᠳᠤ᠂ ᠮᠠᠨ ᠤ ᠬᠣᠷᠢᠶᠠᠨ ᠡᠴᠡ ᠥᠨᠳᠦᠷ ᠵᠡᠷᠭᠡ ᠶᠢᠨ ᠰᠢᠭᠦᠬᠦ ᠬᠣᠷᠢᠶᠠᠨ ᠳᠤ ᠰᠠᠨᠠᠯ ᠪᠣᠯᠭᠠᠭᠰᠠᠨ ᠰᠢᠯᠢᠳᠡᠭ ᠬᠠᠤᠯᠢ ᠬᠡᠷᠡᠭᠵᠢᠭᠦᠯᠦᠯᠲᠡ ᠶᠢᠨ ᠰᠠᠨᠠᠯ ᠳᠤ᠂ ᠦᠦᠰᠢᠨ ᠬᠣᠰᠢᠭᠤᠨ ᠤ ᠰᠢᠭᠦᠬᠦ ᠬᠣᠷᠢᠶᠠᠨ ᠤ ᠮᠡᠳᠡᠭᠦᠯᠦᠭᠰᠡᠨ(2016) ᠦᠦᠰᠢᠨ ᠰᠢᠭᠦᠬᠦ ᠰᠠᠨᠠᠯ ᠦᠰᠦᠭ34 ᠳ᠋ᠤᠭᠠᠷ ᠲᠣᠭᠠᠲᠤ ᠬᠠᠤᠯᠢ ᠬᠡᠷᠡᠭᠵᠢᠭᠦᠯᠦᠯᠲᠡ ᠶᠢᠨ ᠰᠠᠨᠠᠯ ᠨᠢ ᠪᠥᠬᠦ ᠣᠷᠤᠨ ᠤ ᠰᠢᠯᠢᠳᠡᠭ ᠬᠠᠤᠯᠢ ᠬᠡᠷᠡᠭᠵᠢᠭᠦᠯᠦᠯᠲᠡ ᠶᠢᠨ ᠰᠠᠨᠠᠯ ᠢᠶᠡᠷ ᠰᠣᠩᠭᠤᠭᠳᠠᠪᠠ᠃
ᠦᠦᠰᠢᠨ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠬᠡᠷᠡᠭ ᠢ ᠰᠢᠢᠳᠪᠦᠷᠢᠯᠡᠬᠦ ᠶᠠᠪᠤᠴᠠ ᠳᠤᠮᠳᠠ ᠦᠦᠰᠢᠨ ᠬᠣᠰᠢᠭᠤᠨ ᠤ ᠤᠢ ᠰᠢᠭᠤᠢ ᠶᠢᠨ ᠲᠤᠪᠴᠢᠶ᠎ᠠ ᠨᠢ ᠲᠤᠬᠠᠢ ᠶᠢᠨ ᠭᠠᠵᠠᠷ ᠤᠨ ᠲᠠᠷᠢᠶᠠᠴᠢᠨ ᠢ ᠬᠥᠯᠦᠰᠦᠯᠡᠨ ᠤᠢ ᠬᠠᠮᠠᠭᠠᠯᠠᠭᠴᠢ ᠪᠣᠯᠭᠠᠬᠤ ᠳᠤ᠂ ᠶᠡᠷᠦᠩᠬᠡᠢ ᠰᠣᠶᠤᠯ ᠤᠨ ᠬᠡᠮᠵᠢᠶ᠎ᠡ ᠨᠢ ᠳᠣᠣᠷ᠎ᠠ᠂ ᠲᠤᠰᠭᠠᠢ ᠮᠡᠷᠭᠡᠵᠢᠯ ᠤᠨ ᠪᠣᠯᠪᠠᠰᠤᠷᠠᠯ ᠳᠤᠲᠠᠮᠠᠭ᠂ ᠬᠠᠤᠯᠢ ᠴᠠᠭᠠᠵᠠ ᠶᠢᠨ ᠤᠬᠠᠮᠰᠠᠷ ᠨᠢᠮᠭᠡᠨ᠂ ᠴᠢᠯᠠᠩ ᠬᠥᠯᠦᠰᠦ ᠨᠢ ᠥᠨᠳᠦᠷ ᠪᠢᠰᠢ᠂ ᠶᠠᠯ᠎ᠠ ᠬᠢᠬᠦ ᠬᠠᠷᠢᠴᠠᠯ ᠨᠢ ᠬᠠᠷᠢᠴᠠᠩᠭᠤᠢ ᠥᠨᠳᠦᠷ ᠪᠠᠢᠭ᠎ᠠ ᠵᠢ ᠢᠯᠡᠷᠡᠭᠦᠯᠪᠡ᠃ ᠡᠭᠦᠨ ᠳᠤ ᠬᠠᠨᠳᠤᠭᠤᠯᠵᠤ ᠦᠦᠰᠢᠨ ᠬᠣᠰᠢᠭᠤᠨ ᠤ ᠰᠢᠭᠦᠬᠦ ᠬᠣᠷᠢᠶᠠᠨ ᠡᠴᠡ ᠭᠤᠷᠪᠠᠨ ᠰᠠᠨᠠᠭᠤᠯᠭ᠎ᠠ ᠳᠤᠷᠠᠳᠪᠠ᠄1. ᠤᠢ ᠬᠠᠮᠠᠭᠠᠯᠠᠭᠴᠢ ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠯ ᠤᠨ ᠠᠵᠢᠯ ᠢ ᠴᠢᠩᠭᠠᠳᠭᠠᠨ᠎ᠠ᠃2. ᠤᠢ ᠰᠢᠭᠤᠢ ᠶᠢᠨ ᠰᠠᠯᠠᠭ᠎ᠠ ᠮᠥᠴᠢᠷ ᠡᠴᠡ ᠬᠢᠨᠠᠯᠲᠠ ᠲᠠᠯᠪᠢᠵᠤ ᠬᠠᠮᠢᠶᠠᠷᠬᠤ ᠠᠵᠢᠯ ᠢᠶᠡᠨ ᠴᠢᠩᠭᠠᠳᠭᠠᠨ᠎ᠠ᠃3. ᠲᠠᠷᠢᠶᠠᠴᠢᠨ ᠤᠢ ᠬᠠᠮᠠᠭᠠᠯᠠᠭᠴᠢ ᠶᠢᠨ ᠬᠥᠯᠦᠰᠦ ᠣᠯᠭᠤᠮᠵᠢ ᠵᠢ ᠥᠭᠡᠷᠡᠴᠢᠯᠡᠵᠦ᠂ ᠤᠢ ᠬᠠᠮᠠᠭᠠᠯᠠᠭᠴᠢ ᠶᠢᠨ ᠢᠳᠡᠪᠬᠢ ᠴᠢᠨᠠᠷ ᠢ ᠳᠡᠭᠡᠭᠰᠢᠯᠡᠭᠦᠯᠦᠨ᠎ᠡ᠃
ᠦᠦᠰᠢᠨ ᠬᠣᠰᠢᠭᠤᠨ ᠤ ᠤᠢ ᠰᠢᠭᠤᠢ ᠶᠢᠨ ᠲᠤᠪᠴᠢᠶ᠎ᠠ ᠨᠢ ᠬᠠᠤᠯᠢ ᠬᠡᠷᠡᠭᠵᠢᠭᠦᠯᠦᠯᠲᠡ ᠶᠢᠨ ᠰᠠᠨᠠᠯ ᠢ ᠣᠯᠤᠭᠰᠠᠨ ᠤ ᠳᠠᠷᠠᠭ᠎ᠠ ᠶᠡᠬᠡᠪᠡᠷ ᠬᠦᠨᠳᠦᠳᠭᠡᠵᠦ᠂ ᠲᠣᠪᠴᠢᠶᠠᠨ ᠤ ᠶᠠᠪᠤᠳᠠᠯ ᠤᠨ ᠬᠤᠷᠠᠯ ᠢ ᠬᠤᠷᠠᠯᠳᠤᠭᠰᠠᠨ ᠤ ᠳᠠᠷᠠᠭ᠎ᠠ᠂ ᠥᠭᠡᠷᠡᠴᠢᠯᠡᠨ ᠰᠠᠢᠵᠢᠷᠠᠭᠤᠯᠤᠭᠰᠠᠨ ᠪᠠᠢᠳᠠᠯ ᠢᠶᠡᠨ ᠦᠦᠰᠢᠨ ᠬᠣᠰᠢᠭᠤᠨ ᠤ ᠰᠢᠭᠦᠬᠦ ᠬᠣᠷᠢᠶᠠᠨ ᠳᠤ ᠬᠠᠷᠢᠭᠤ ᠮᠡᠳᠡᠭᠦᠯᠪᠡ᠄1. ᠦᠨᠳᠦᠰᠦᠨ ᠱᠠᠲᠤᠨ ᠤ ᠠᠵᠢᠯᠲᠠᠨ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠲᠤᠬᠠᠢᠯᠠᠭᠰᠠᠨ ᠴᠢᠳᠠᠮᠵᠢ ᠵᠢ ᠤᠬᠠᠭᠤᠯᠬᠤ ᠪᠡᠨ ᠴᠢᠩᠭᠠᠳᠭᠠᠨ᠎ᠠ᠃2. ᠠᠵᠢᠯ ᠤᠨ ᠵᠠᠷᠤᠳᠠᠯ ᠢ ᠨᠠᠢᠳᠠᠪᠤᠷᠢᠵᠢᠭᠤᠯᠵᠤ᠂ ᠤᠬᠠᠭᠤᠯᠭ᠎ᠠ ᠬᠥᠮᠦᠵᠢᠯ ᠢᠶᠡᠨ ᠴᠢᠩᠭᠠᠳᠭᠠᠨ᠎ᠠ᠃3. ᠬᠠᠷᠢᠭᠤᠴᠠᠯᠭ᠎ᠠ ᠪᠡᠨ ᠲᠣᠳᠤᠷᠬᠠᠢ ᠬᠤᠪᠢᠶᠠᠷᠢᠯᠠᠵᠤ᠂ ᠬᠢᠨᠠᠯᠲᠠ ᠪᠠᠨ ᠴᠢᠩᠭᠠᠳᠭᠠᠨ᠎ᠠ᠃4. ᠬᠠᠮᠢᠶᠠᠷᠴᠤ ᠬᠠᠮᠠᠭᠠᠯᠠᠭᠰᠠᠨ ᠵᠠᠷᠤᠳᠠᠯ ᠢ ᠴᠠᠭ ᠲᠤᠬᠠᠢ ᠳᠤ ᠨᠢ ᠥᠭᠴᠦ᠂ ᠬᠠᠷᠢᠭᠤᠴᠠᠯᠭ᠎ᠠ ᠪᠡᠨ ᠪᠡᠶᠡᠯᠡᠭᠦᠯᠬᠦ ᠢᠳᠡᠪᠬᠢ ᠴᠢᠨᠠᠷ ᠢ ᠳᠡᠭᠡᠭᠰᠢᠯᠡᠭᠦᠯᠦᠨ᠎ᠡ᠃
2016 ᠣᠨ ᠳᠤ ᠮᠠᠨ ᠤ ᠬᠤᠷᠢᠶ᠎ᠠ ᠨᠢ ᠬᠠᠤᠯᠢ ᠬᠡᠷᠡᠭᠵᠢᠭᠦᠯᠦᠯᠲᠡ ᠶᠢᠨ ᠰᠠᠨᠠᠯ ᠤᠨ ᠠᠵᠢᠯ ᠢ ᠴᠢᠩᠭ᠎ᠠ ᠪᠠᠷᠢᠵᠤ᠂ ᠬᠠᠷᠢᠭᠤᠴᠠᠯᠭ᠎ᠠ ᠵᠢ ᠦᠨᠳᠦᠰᠦᠨ ᠱᠠᠲᠤᠨ ᠤ ᠰᠢᠭᠦᠬᠦ ᠬᠤᠷᠢᠶ᠎ᠠ ᠪᠣᠯᠤᠨ ᠲᠤᠰ ᠬᠣᠷᠢᠶᠠᠨ ᠤ ᠡᠯ᠎ᠡ ᠰᠠᠯᠠᠭ᠎ᠠ ᠮᠥᠴᠢᠷ ᠳᠤ ᠲᠤᠯᠭᠠᠵᠤ᠂ ᠲᠣᠭᠲᠠᠭᠰᠠᠨ ᠬᠤᠭᠤᠴᠠᠭ᠎ᠠ ᠲᠠᠢ ᠪᠡᠷ ᠥᠨᠳᠦᠷ ᠵᠡᠷᠭᠡ ᠶᠢᠨ ᠰᠢᠭᠦᠬᠦ ᠬᠣᠷᠢᠶᠠᠨ ᠳᠤ ᠬᠠᠤᠯᠢ ᠬᠡᠷᠡᠭᠵᠢᠭᠦᠯᠦᠯᠲᠡ ᠶᠢᠨ ᠰᠠᠨᠠᠯ ᠤᠨ ᠤᠯᠠᠷᠢᠯ ᠤᠨ ᠮᠡᠳᠡᠭᠦᠯᠦᠯᠲᠡ ᠬᠢᠵᠦ᠂ ᠮᠥᠨ ᠦᠨᠳᠦᠰᠦᠨ ᠱᠠᠲᠤᠨ ᠤ ᠰᠢᠭᠦᠬᠦ ᠬᠤᠷᠢᠶ᠎ᠠ ᠪᠣᠯᠤᠨ ᠲᠤᠰ ᠬᠣᠷᠢᠶᠠᠨ ᠤ ᠡᠯ᠎ᠡ ᠰᠠᠯᠠᠭ᠎ᠠ ᠮᠥᠴᠢᠷ ᠲᠤ ᠬᠠᠤᠯᠢ ᠬᠡᠷᠡᠭᠵᠢᠭᠦᠯᠦᠯᠲᠡ ᠶᠢᠨ ᠰᠠᠨᠠᠯ ᠢ ᠮᠡᠳᠡᠭᠦᠯᠦᠨ᠎ᠡ᠃ ᠬᠠᠤᠯᠢ ᠬᠡᠷᠡᠭᠵᠢᠭᠦᠯᠦᠯᠲᠡ ᠶᠢᠨ ᠰᠠᠨᠠᠯ ᠤᠨ ᠠᠵᠢᠯ ᠨᠢ ᠦᠨᠳᠦᠰᠦᠨ ᠱᠠᠲᠤᠨ ᠤ ᠰᠢᠭᠦᠬᠦ ᠬᠤᠷᠢᠶ᠎ᠠ ᠪᠣᠯᠤᠨ ᠲᠤᠰ ᠬᠣᠷᠢᠶᠠᠨ ᠤ ᠡᠯ᠎ᠡ ᠰᠠᠯᠠᠭ᠎ᠠ ᠮᠥᠴᠢᠷ ᠤᠨ ᠬᠠᠯᠠᠭᠤᠨ ᠳᠡᠮᠵᠢᠯᠭᠡ ᠵᠢ ᠣᠯᠪᠠ᠃ ᠪᠥᠬᠦ ᠵᠢᠯ ᠳᠤ ᠬᠠᠮᠢᠶ᠎ᠠ ᠪᠥᠬᠦᠢ ᠰᠠᠯᠠᠭ᠎ᠠ ᠮᠥᠴᠢᠷ ᠡᠴᠡ457 ᠬᠤᠪᠢ ᠬᠠᠤᠯᠢ ᠬᠡᠷᠡᠭᠵᠢᠭᠦᠯᠦᠯᠲᠡ ᠶᠢᠨ ᠰᠠᠨᠠᠭᠠᠤᠯᠭᠠ ᠭᠠᠷᠭᠠᠵᠤ᠂ ᠬᠠᠷᠢᠭᠤ ᠲᠤᠰᠭᠠᠯ ᠣᠯᠤᠭᠰᠠᠨ ᠰᠠᠨᠠᠯ ᠨᠢ304 ᠬᠤᠪᠢ᠂ ᠬᠠᠤᠯᠢ ᠬᠡᠷᠡᠭᠵᠢᠭᠦᠯᠦᠯᠲᠡ ᠶᠢᠨ ᠰᠠᠨᠠᠯ ᠤᠨ ᠲᠣᠭ᠎ᠠ ᠬᠡᠮᠵᠢᠶ᠎ᠡ ᠪᠠ ᠬᠠᠷᠢᠭᠤ ᠳᠤᠰᠬᠠᠭᠰᠠᠨ ᠰᠠᠨᠠᠯ ᠨᠢ ᠴᠥᠮ ᠪᠥᠬᠦ ᠣᠷᠤᠨ ᠤ ᠲᠡᠷᠢᠭᠦᠨ ᠳᠤ ᠣᠷᠤᠪᠠ᠃
ᠦᠨᠡᠯᠡᠬᠦ 0ᠦᠨᠡᠯᠡᠯᠲᠡ ᠲᠠᠢ