ᠥᠰᠢᠨ ᠬᠣᠰᠢᠭᠤᠨ ᠤ ᠰᠢᠭᠦᠬᠦ ᠬᠣᠷᠢᠶᠠᠨ ᠤ ᠪᠦᠯᠭᠦᠮ ᠪᠠᠢᠭᠤᠯᠤᠯᠭᠳᠠᠭᠰᠠᠨ ᠡᠴᠡ ᠬᠣᠢᠰᠢ ᠠᠩᠬ᠎ᠠ ᠤᠳᠠᠭᠠᠨ ᠤ ᠬᠠᠮᠲᠤ ᠶᠢᠨ ᠠᠷᠢᠭᠤᠨ ᠴᠢᠭᠡᠴᠢ ᠪᠡᠷ ᠵᠠᠰᠠᠭ ᠪᠠᠷᠢᠬᠤ ᠶᠠᠷᠢᠯᠴᠠᠭ᠎ᠠ ᠬᠢᠵᠦ ᠠᠷᠢᠭᠤᠨ
2017.05.09 ᠲᠣᠰ ᠥᠷᠲᠡᠭᠡᠨ᠎ᠦ ᠨᠠᠢᠷᠠᠭᠤᠯᠤᠭᠴᠢ

ᠥᠰᠢᠨ ᠬᠣᠰᠢᠭᠤᠨ ᠤ ᠰᠢᠭᠦᠬᠦ ᠬᠣᠷᠢᠶᠠᠨ ᠤ ᠪᠦᠯᠭᠦᠮ ᠪᠠᠢᠭᠤᠯᠤᠯᠭᠳᠠᠭᠰᠠᠨ ᠡᠴᠡ ᠬᠣᠢᠰᠢ ᠠᠩᠬ᠎ᠠ ᠤᠳᠠᠭᠠᠨ ᠤ ᠬᠠᠮᠲᠤ ᠶᠢᠨ ᠠᠷᠢᠭᠤᠨ ᠴᠢᠭᠡᠴᠢ ᠪᠡᠷ ᠵᠠᠰᠠᠭ  ᠪᠠᠷᠢᠬᠤ  ᠶᠠᠷᠢᠯᠴᠠᠭ᠎ᠠ ᠬᠢᠵᠦ   ᠠᠷᠢᠭᠤᠨ ᠴᠢᠭᠡᠴᠢ ᠪᠡᠷ ᠵᠠᠰᠠᠭ ᠪᠠᠷᠢᠬᠤ ᠶᠢᠨ ᠰᠡᠷᠭᠡᠢᠯᠡᠬᠦ ᠠᠵᠢᠯ ᠢ ᠬᠢᠪᠡ

ᠵᠣᠬᠢᠶᠠᠭᠴᠢ᠄ ᠦᠦᠰᠢᠨ ᠬᠣᠰᠢᠭᠤᠨ ᠤ ᠰᠢᠭᠦᠬᠦ ᠬᠤᠷᠢᠶ᠎ᠠ    ᠼᠤᠤ ᠵᠢᠶᠸ

 

 

     ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠶᠢᠨ ᠲᠠᠯ᠎ᠠ ᠪᠡᠷ ᠰᠠᠢᠨ ᠢᠶᠡᠷ ᠡᠬᠢᠯᠡᠭᠦᠯᠵᠦ᠂ ᠰᠢᠨ᠎ᠡ ᠠᠵᠢᠯ ᠤᠨ ᠪᠠᠢᠷᠢ ᠳᠡᠭᠡᠷ᠎ᠡ ᠡᠩᠨᠡᠭᠡᠨ ᠡᠴᠡ ᠪᠡᠨ ᠬᠤᠴᠤᠷᠠᠬᠤ ᠦᠭᠡᠢ᠂  ᠵᠥᠪ ᠵᠠᠮ ᠢᠶᠡᠷ ᠶᠠᠪᠤᠬᠤ ᠶᠢᠨ ᠲᠥᠯᠦᠭᠡ᠂ ᠦᠦᠰᠢᠨ ᠬᠣᠰᠢᠭᠤᠨ ᠤ ᠰᠢᠭᠦᠬᠦ ᠬᠣᠷᠢᠶᠠᠨ ᠡᠴᠡ ᠪᠦᠯᠭᠦᠮ ᠢ ᠪᠠᠢᠭᠤᠯᠤᠭᠰᠠᠨ ᠤ ᠳᠠᠷᠠᠭ᠎ᠠ ᠠᠩᠬᠠᠳᠤᠭᠠᠷ ᠤᠳᠠᠭᠠᠨ ᠤ ᠨᠡᠢᠲᠡ ᠶᠢᠨ ᠠᠷᠢᠭᠤᠨ ᠴᠢᠬᠢᠴᠢ ᠪᠡᠷ ᠵᠠᠰᠠᠭ ᠪᠠᠷᠢᠬᠤ ᠶᠠᠷᠢᠯᠴᠠᠭᠠᠨ ᠤ ᠬᠤᠷᠠᠯ ᠬᠢᠵᠦ᠂ ᠪᠥᠬᠦ ᠺᠠᠲᠠᠷ ᠴᠠᠭᠳᠠᠭ᠎ᠠ ᠬᠤᠷᠠᠯ ᠳ᠋ᠤ ᠣᠷᠤᠯᠴᠠᠪᠠ᠃

      ᠡᠨᠡ ᠤᠳᠠᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠵᠢ ᠶᠠᠷᠢᠯᠴᠠᠬᠤ ᠦᠶᠡᠰ᠂ ᠰᠦᠨ ᠰᠢᠶᠣᠣ ᠴᠢᠶᠠᠩ ᠬᠣᠷᠢᠶᠠᠨ ᠳᠠᠷᠤᠭ᠎ᠠ ᠡᠴᠡ ᠳᠥᠷᠪᠡᠨ ᠣᠨᠴᠠᠯᠢᠭ ᠢ ᠳᠤᠷᠠᠳᠪᠠ᠄ ᠨᠢᠭᠡ ᠳᠤ ᠬᠣᠷᠢᠶᠠᠨ ᠤ ᠨᠠᠮ ᠤᠨ ᠤᠳᠤᠷᠢᠳᠬᠤ ᠪᠠᠭ ᠨᠢ ᠵᠣᠷᠢᠭᠲᠠᠢ ᠪᠡᠷ ᠬᠠᠷᠢᠭᠤᠴᠠᠯᠭ᠎ᠠ ᠵᠢ ᠡᠭᠦᠷᠭᠡᠯᠡᠵᠦ᠂ ᠵᠣᠷᠢᠭᠲᠠᠢ ᠪᠡᠷ ᠰᠢᠨ᠎ᠡ ᠵᠢ ᠡᠭᠦᠳᠴᠦ᠂ ᠴᠢᠭᠯᠡᠯ ᠢ ᠪᠠᠷᠢᠨ᠂ ᠶᠡᠬᠡ ᠲᠠᠯ᠎ᠠ ᠵᠢ ᠬᠠᠮᠢᠶᠠᠷᠴᠤ᠂ ᠨᠠᠢᠳᠠᠪᠤᠷᠢᠵᠢᠭᠤᠯᠬᠤ ᠵᠢ ᠪᠠᠲᠤᠯᠠᠨ᠎ᠠ᠃ ᠬᠤᠶᠠᠷ ᠲᠤ ᠨᠠᠮ  ᠤᠨ ᠤᠳᠤᠷᠢᠳᠬᠤ ᠪᠠᠭ ᠤᠨ ᠪᠥᠷᠢᠯᠳᠡᠭᠦᠨ᠂ ᠲᠤᠰᠭᠠᠢ ᠬᠡᠰᠢᠭᠦᠳ ᠪᠦᠯᠭᠦᠮ ᠤᠨ ᠳᠠᠷᠤᠭ᠎ᠠ ᠶᠢᠨ ᠰᠣᠩᠭᠤᠯᠲᠠ ᠳᠤᠮᠳᠠ ᠥᠪᠡᠷ ᠤᠨ ᠪᠡᠶ᠎ᠡ ᠪᠡᠷ ᠢᠶᠡᠨ ᠰᠢᠭᠦᠨ ᠳᠠᠰᠤᠯᠠᠬᠤ ᠳᠠᠷᠤᠴᠠᠭ᠎ᠠ ᠶᠢᠨ ᠲᠤᠰᠢᠶᠠᠯ ᠢ ᠬᠠᠷᠢᠭᠤᠴᠠᠵᠤ᠂ ᠤᠳᠤᠷᠢᠳᠤᠯᠭ᠎ᠠ ᠨᠠᠷ ᠤᠨ ᠤᠬᠠᠮᠰᠠᠷ ᠡᠴᠡ ᠪᠡᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠵᠢ ᠪᠠᠳᠠᠷᠠᠭᠤᠯᠪᠠ᠃ ᠭᠤᠷᠪᠠ ᠳᠤ ᠪᠥᠬᠦ ᠺᠠᠲᠠᠷ ᠴᠠᠭᠳᠠᠭ᠎ᠠ ᠶᠡᠬᠡ ᠲᠠᠯ᠎ᠠ ᠵᠢ ᠴᠢᠭᠡᠵᠢᠨ ᠳᠤ ᠪᠡᠨ ᠠᠬᠤᠭᠤᠯᠵᠤ᠂ ᠲᠤᠬᠠᠢᠯᠠᠭᠰᠠᠨ ᠠᠵᠢᠯ ᠢᠶᠡᠨ ᠰᠠᠢᠲᠤᠷ ᠬᠢᠵᠦ᠂ ᠡᠯ᠎ᠡ ᠲᠥᠷᠦᠯ ᠤᠨ ᠡᠭᠦᠷᠭᠡ ᠶᠢᠨ ᠤᠷᠤᠭᠰᠢᠲᠠᠢ ᠶᠠᠪᠤᠭᠳᠠᠬᠤ ᠵᠢ ᠠᠬᠢᠭᠤᠯᠪᠠ᠃ ᠳᠥᠷᠪᠡ ᠳᠤ ᠪᠦᠯᠭᠦᠮ ᠤᠨ ᠳᠠᠷᠤᠭ᠎ᠠ ᠶᠢᠨ ᠲᠤᠰᠢᠶᠠᠯ ᠥᠷᠢᠰᠦᠯᠳᠦᠬᠦ ᠶᠠᠷᠢᠶᠠᠨ ᠤ ᠶᠠᠪᠤᠴᠠ ᠳᠤᠮᠳᠠ᠂ ᠡᠯ᠎ᠡ ᠪᠦᠯᠭᠦᠮ ᠤᠨ ᠳᠠᠷᠤᠭ᠎ᠠ ᠡᠴᠡ ᠬᠣᠢᠰᠢᠬᠢ ᠶᠢᠨ ᠠᠵᠢᠯ ᠤᠨ ᠰᠡᠳᠭᠢᠴᠡ ᠪᠠ ᠲᠥᠯᠦᠪᠯᠡᠭᠡ ᠪᠡᠨ ᠳᠤᠷᠠᠳᠴᠤ᠂ ᠬᠥᠮᠦᠨ ᠪᠣᠯᠭᠠᠨ ᠦᠵᠡᠯ ᠰᠠᠨᠠᠭᠠᠨ ᠳᠡᠭᠡᠷ᠎ᠡ ᠪᠡᠨ ᠴᠢᠬᠤᠯᠠᠴᠢᠯᠠᠨ᠂ ᠭᠦᠢᠴᠡᠳ ᠪᠡᠯᠡᠳᠭᠡᠯ ᠬᠢᠭᠰᠡᠨ ᠢ ᠬᠠᠷᠠᠭᠤᠯᠪᠠ᠃

     ᠡᠭᠦᠨ ᠤ ᠵᠡᠷᠭᠡᠪᠡᠷ᠂ ᠰᠦᠨ ᠰᠢᠶᠣᠣ ᠴᠢᠶᠠᠩ ᠬᠣᠷᠢᠶᠠᠨ ᠳᠠᠷᠤᠭ᠎ᠠ ᠡᠴᠡ ᠤᠯᠠᠨ ᠳᠤ ᠭᠤᠷᠪᠠᠨ ᠲᠠᠯ᠎ᠠ ᠶᠢᠨ ᠲᠥᠷᠦᠭᠳᠡᠯ ᠢᠶᠡᠨ ᠶᠠᠷᠢᠵᠤ᠂  ᠬᠥᠮᠦᠰ ᠲᠤ ᠭᠦᠨ ᠰᠠᠭᠤᠭᠳᠠᠯ ᠥᠭᠪᠡ᠄ ᠨᠢᠭᠡ ᠨᠢ ᠥᠭᠡᠷᠡᠴᠢᠯᠡᠯᠲᠡ ᠨᠢ ᠦᠦᠰᠢᠨ ᠬᠣᠰᠢᠭᠤᠨ ᠤ ᠰᠢᠭᠦᠬᠦ ᠬᠣᠷᠢᠶᠠᠨ ᠤ ᠬᠥᠮᠦᠰ ᠤᠨ ᠬᠠᠮᠲᠤᠷᠠᠨ ᠪᠦᠯᠭᠦᠮᠳᠡᠵᠦ᠂ ᠬᠠᠷᠢᠯᠴᠠᠨ ᠬᠠᠢᠷᠠᠯᠠᠬᠤ ᠬᠠᠮᠲᠤ ᠨᠡᠢᠲᠡ ᠶᠢᠨ ᠵᠣᠷᠢᠭ ᠰᠠᠨᠠᠭ᠎ᠠ ᠵᠢ ᠲᠥᠪᠯᠡᠷᠡᠭᠦᠯᠦᠨ ᠢᠯᠡᠷᠡᠭᠦᠯᠪᠡ᠃ ᠬᠤᠶᠠᠷ ᠲᠤ ᠥᠭᠡᠷᠡᠴᠢᠯᠡᠯᠲᠡ ᠨᠢ ᠦᠦᠰᠢᠨ ᠬᠣᠰᠢᠭᠤᠨ ᠤ ᠰᠢᠭᠦᠬᠦ ᠬᠣᠷᠢᠶᠠᠨ ᠤ ᠠᠵᠢᠯᠲᠠᠳ ᠤᠨ ᠠᠭᠤᠳᠠᠮᠴᠢ ᠰᠡᠳᠭᠢᠯ᠂ ᠠᠭᠤᠴᠢᠯᠠᠬᠤ ᠵᠣᠷᠢᠭ ᠰᠠᠨᠠᠭ᠎ᠠ ᠵᠢ ᠲᠥᠪᠯᠡᠷᠡᠭᠦᠯᠦᠨ ᠢᠯᠡᠷᠡᠭᠦᠯᠵᠦ᠂ ᠥᠭᠡᠷᠡᠴᠢᠯᠡᠯᠲᠡ ᠵᠢ ᠬᠦᠯᠢᠶᠡᠭᠰᠡᠨ ᠡᠴᠡ ᠥᠭᠡᠷᠡᠴᠢᠯᠡᠯᠲᠡ ᠳᠤ ᠣᠷᠤᠯᠴᠠᠭᠰᠠᠨ᠂  ᠳᠠᠬᠢᠨ ᠪᠡᠶ᠎ᠡ ᠪᠡᠷ ᠢᠶᠡᠨ ᠢᠳᠡᠪᠬᠢᠯᠡᠨ ᠥᠭᠡᠷᠡᠴᠢᠯᠡᠯᠲᠡ ᠳᠤ ᠣᠷᠤᠯᠴᠠᠵᠤ᠂ ᠺᠠᠲᠠᠷ ᠴᠠᠭᠳᠠᠭ᠎ᠠ ᠶᠡᠬᠡ ᠲᠠᠯ᠎ᠠ ᠵᠢ ᠪᠠᠷᠢᠮᠲᠠᠯᠠᠨ᠂ ᠴᠠᠭ ᠲᠠᠢ ᠬᠠᠮᠲᠤ ᠳᠠᠪᠰᠢᠪᠠ᠃ ᠭᠤᠷᠪᠠ ᠨᠢ ᠥᠭᠡᠷᠡᠴᠢᠯᠡᠯᠲᠡ ᠨᠢ ᠦᠦᠰᠢᠨ ᠬᠣᠰᠢᠭᠤᠨ ᠤ  ᠰᠢᠭᠦᠬᠦ  ᠬᠣᠷᠢᠶᠠᠨ ᠤ ᠠᠵᠢᠯᠲᠠᠨ ᠤ ᠦᠨᠡᠨᠴᠢ ᠢᠲᠡᠭᠡᠮᠵᠢᠲᠠᠢ᠂ ᠵᠣᠷᠢᠭᠲᠠᠢ ᠪᠡᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠵᠢ ᠲᠥᠪᠯᠡᠷᠡᠭᠦᠯᠦᠨ ᠢᠯᠡᠷᠡᠭᠦᠯᠵᠦ᠂ ᠪᠥᠬᠦ ᠺᠠᠲᠠᠷ ᠴᠠᠭᠳᠠᠭ᠎ᠠ ᠡᠭᠦᠷᠢᠳᠡ ᠨᠠᠮ ᠤᠨ ᠤᠳᠤᠷᠢᠳᠬᠤ ᠪᠠᠭ ᠢ ᠳᠡᠮᠵᠢᠵᠤ᠂ ᠢᠲᠡᠭᠡᠵᠦ᠂ ᠬᠠᠮᠠᠭᠠᠯᠠᠵᠤ᠂ ᠨᠠᠮ ᠤᠨ ᠲᠣᠬᠢᠷᠠᠭᠤᠯᠤᠯᠲᠠ ᠵᠢ ᠳᠠᠭᠠᠵᠤ᠂ ᠣᠨᠴᠠᠭᠠᠢᠯᠠᠨ ᠥᠲᠡᠯᠡᠬᠡ ᠰᠢᠭᠦᠭᠴᠢ ᠶᠢᠨ ᠨᠠᠮᠴᠢ ᠴᠢᠨᠠᠷ ᠤᠨ ᠳᠠᠭᠠᠭᠤᠯᠬᠤ ᠦᠢᠯᠡᠳᠦᠯ ᠢᠶᠡᠷ ᠰᠠᠢᠨ ᠪᠠᠢᠵᠤ᠂  ᠵᠠᠯᠠᠭᠤ ᠺᠠᠲᠠᠷ ᠴᠠᠭᠳᠠᠭ᠎ᠠ ᠠᠵᠢᠯ ᠤᠨ ᠪᠠᠢᠷᠢ ᠪᠡᠨ ᠵᠥᠪ ᠣᠨᠤᠪᠴᠢᠲᠠᠢ ᠳᠤᠭᠲᠠᠭᠠᠨ ᠬᠠᠷᠢᠭᠤᠴᠠᠯᠭ᠎ᠠ ᠪᠡᠨ ᠭᠦᠢᠴᠡᠳᠬᠡᠬᠦ ᠵᠣᠷᠢᠭ ᠰᠠᠨᠠᠭ᠎ᠠ ᠨᠢ ᠲᠤᠢᠯ ᠤᠨ ᠡᠷᠬᠢᠮ ᠨᠠᠨᠳᠢᠨ ᠪᠠᠢᠳᠠᠭ᠃ ᠳᠠᠷᠠᠭ᠎ᠠ ᠨᠢ ᠰᠦᠨ ᠬᠣᠷᠢᠶᠠᠨ ᠳᠠᠷᠤᠭ᠎ᠠ ᠡᠴᠡ ᠪᠦᠯᠭᠦᠮ ᠤᠨ ᠡᠬᠢᠨ ᠤ ᠬᠤᠭᠤᠴᠠᠭᠠᠨ ᠤ ᠠᠵᠢᠯᠠᠯᠭᠠᠨ ᠳᠤᠮᠳᠠᠬᠢ ᠡᠯ᠎ᠡ ᠲᠥᠷᠦᠯ ᠤᠨ ᠠᠵᠢᠯ ᠳᠤ ᠲᠠᠪᠤᠨ ᠲᠠᠯ᠎ᠠ ᠶᠢᠨ ᠪᠤᠲᠠᠲᠠᠢ ᠱᠠᠭᠠᠷᠳᠠᠯᠭ᠎ᠠ ᠳᠤᠷᠠᠳᠪᠠ᠃

     ᠬᠤᠷᠠᠯ ᠤᠨ ᠬᠠᠮᠤᠭ ᠰᠡᠭᠦᠯ ᠳᠤ᠂  ᠰᠦᠨ ᠬᠣᠷᠢᠶᠠᠨ ᠳᠠᠷᠤᠭ᠎ᠠ ᠡᠴᠡ ᠬᠠᠮᠲᠤᠪᠠᠷ ᠠᠷᠢᠭᠤᠨ ᠴᠢᠭᠡᠴᠢ ᠪᠡᠷ ᠵᠠᠰᠠᠭ ᠪᠠᠷᠢᠬᠤ ᠲᠤᠬᠠᠢ ᠶᠠᠷᠢᠯᠴᠠᠭᠠᠨ ᠤ ᠬᠡᠯᠪᠡᠷᠢ ᠪᠡᠷ ᠪᠥᠬᠦ ᠬᠣᠷᠢᠶᠠᠨ ᠤ ᠺᠠᠲᠠᠷ ᠴᠠᠭᠳᠠᠭ᠎ᠠ ᠲᠠᠢ ᠰᠡᠳᠭᠢᠯ ᠢᠶᠡᠨ ᠰᠣᠯᠢᠯᠴᠠᠵᠤ᠂ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠴᠤ᠂ ᠭᠤᠷᠪᠠᠨ ᠠᠰᠠᠭᠤᠳᠠᠯ ᠢ ᠭᠣᠣᠯᠳᠠᠯᠭ᠎ᠠ ᠲᠠᠢ ᠶᠠᠷᠢᠯᠴᠠᠪᠠ᠄

     ᠨᠢᠭᠡ ᠨᠢ ᠬᠦᠰᠡᠯᠡᠩ ᠢᠲᠡᠭᠡᠯ ᠵᠣᠷᠢᠭ ᠤᠨ ᠠᠰᠠᠭᠤᠳᠠᠯ᠂《 ᠬᠦᠰᠡᠯᠡᠩ ᠦᠭᠡᠢ ᠪᠤᠯ ᠳᠡᠯᠡᠬᠡᠢ ᠳᠡᠭᠡᠷ᠎ᠡ ᠪᠦᠲᠦᠬᠦ ᠶᠠᠪᠤᠳᠠᠯ ᠠᠯᠠᠭ᠎ᠠ》᠃ ᠬᠦᠰᠡᠯᠡᠩ ᠢᠲᠡᠭᠡᠯ ᠵᠣᠷᠢᠭ ᠨᠢ ᠭᠤᠢᠪᠠᠯᠵᠠᠬᠤ ᠨᠢ ᠬᠠᠮᠤᠭ ᠠᠶᠤᠯ ᠲᠠᠢ ᠪᠠᠢᠳᠠᠯ ᠪᠠᠢᠵᠤ᠂ ᠬᠦᠰᠡᠯᠡᠩ ᠢᠲᠡᠭᠡᠯ ᠵᠣᠷᠢᠭ ᠤᠨ ᠤᠷᠤᠭᠤᠳᠠᠬᠤ ᠨᠢ ᠬᠠᠮᠤᠭ ᠤᠨ ᠠᠶᠤᠯᠲᠠᠢ ᠤᠷᠤᠭᠤᠳᠠᠯ ᠪᠠᠢᠵᠤ᠂ ᠭᠤᠢᠪᠠᠰᠢ ᠦᠭᠡᠢ ᠬᠦᠰᠡᠯᠡᠩ ᠢᠲᠡᠭᠡᠯ ᠵᠣᠷᠢᠭᠲᠠᠢ  ᠪᠠᠢᠬᠤ ᠨᠢ ᠨᠢᠭᠡ ᠰᠠᠢᠨ ᠺᠠᠲᠠᠷ ᠤᠨ ᠬᠡᠮᠵᠢᠭᠦᠷ ᠪᠣᠯᠳᠠᠭ᠃

   ᠬᠤᠶᠠᠷ ᠨᠢ ᠬᠣᠷᠢᠭ᠎ᠠ ᠨᠠᠭᠠᠲᠤ ᠵᠠᠬ᠎ᠠ ᠶᠢᠨ ᠱᠤᠭᠤᠮ ᠤ ᠠᠰᠠᠭᠤᠳᠠᠯ᠂ ᠥᠪᠡᠷ ᠤᠨ ᠬᠡᠪ ᠰᠤᠷᠲᠠᠯ ᠢᠶᠡᠨ ᠴᠢᠩᠭᠠᠳᠭᠠᠵᠤ᠂ ᠶᠣᠰᠤ ᠵᠢᠷᠤᠮ ᠢ ᠦᠷᠭᠦᠯᠵᠢ ᠴᠢᠭᠡᠵᠢᠨ ᠳᠤ ᠪᠡᠨ ᠠᠬᠤᠭᠤᠯᠵᠤ᠂ ᠬᠥᠮᠦᠨ ᠪᠣᠯᠬᠤ ᠨᠢ ᠦᠷᠭᠦᠯᠵᠢ ᠠᠩᠬᠠᠷᠴᠤ᠂ ᠲᠠᠷᠤᠤ ᠬᠢᠴᠢᠶᠡᠩᠭᠦᠢ ᠣᠪᠤᠷ ᠢ ᠪᠠᠷᠢᠵᠤ᠂ ᠬᠥᠮᠦᠨ ᠪᠣᠯᠬᠤ ᠶᠢᠨ ᠨᠠᠭᠠᠲᠤ ᠵᠠᠬ᠎ᠠ ᠶᠢᠨ ᠬᠣᠷᠢᠭ᠎ᠠ ᠱᠤᠭᠤᠮ ᠢ ᠰᠠᠬᠢᠨ᠎ᠠ᠃  ᠰᠡᠳᠭᠢᠯ ᠰᠠᠨᠠᠭ᠎ᠠ ᠪᠡᠨ《 ᠪᠤᠲᠠᠲᠠᠢ ᠶᠠᠪᠤᠳᠠᠯ ᠬᠢᠬᠦ》 ᠳᠡᠭᠡᠷ᠎ᠡ ᠲᠠᠯᠪᠢᠵᠤ᠂ ᠴᠢᠳᠠᠪᠤᠷᠢ ᠪᠡᠨ《 ᠢᠯᠡᠭᠦᠬᠡᠨ ᠶᠠᠪᠤᠳᠠᠯ ᠬᠢᠬᠦ》 ᠳᠡᠭᠡᠷ᠎ᠡ ᠵᠠᠷᠤᠵᠤ᠂ ᠬᠠᠷᠠᠯᠲᠠ ᠪᠡᠨ《 ᠶᠠᠪᠤᠳᠠᠯ ᠪᠦᠲᠦᠭᠡᠬᠦ》 ᠳᠡᠭᠡᠷ᠎ᠡ ᠲᠠᠯᠪᠢᠵᠤ᠂ ᠯᠠᠪᠳᠠᠭᠤᠨ ᠳᠤᠭᠲᠠᠭᠤᠨ ᠢᠶᠡᠷ ᠠᠵᠢᠯᠯᠠᠵᠤ᠂ ᠬᠡᠷᠡᠭ ᠶᠠᠪᠤᠳᠠᠯ ᠬᠢᠬᠦ ᠶᠢᠨ ᠬᠣᠷᠢᠭ᠎ᠠ ᠱᠤᠭᠤᠮ ᠢ ᠰᠠᠬᠢᠬᠤ ᠬᠡᠷᠡᠭᠲᠠᠢ᠃  ᠬᠥᠮᠦᠨ ᠤ ᠬᠤᠭᠤᠷᠤᠳᠤᠬᠢ ᠬᠠᠷᠢᠴᠠᠭ᠎ᠠ ᠳᠤ ᠬᠠᠨᠳᠤᠬᠤ ᠳᠤ ᠪᠡᠨ ᠰᠡᠷᠡᠮᠵᠢᠲᠠᠢ᠂ ᠬᠢᠴᠢᠶᠡᠮᠵᠢᠲᠠᠢ ᠪᠠᠢᠬᠤ ᠤᠪᠤᠷ ᠢ ᠪᠠᠷᠢᠮᠲᠠᠯᠠᠵᠤ᠂ ᠥᠪᠡᠷ ᠤᠨ ᠨᠡᠢᠭᠡᠮ ᠤᠨ ᠬᠠᠷᠢᠴᠠᠭᠠᠨ ᠤ ᠬᠦᠷᠢᠶ᠎ᠠ᠂ ᠠᠮᠢᠳᠤᠷᠠᠯ ᠤᠨ ᠬᠦᠷᠢᠶ᠎ᠠ ᠪᠣᠯᠤᠨ ᠬᠠᠮᠲᠤ ᠨᠠᠢᠵᠠ ᠶᠢᠨ ᠲᠣᠭᠤᠷᠢᠭ  ᠢᠶᠡᠨ ᠴᠡᠪᠡᠷ ᠪᠠᠢᠯᠭᠠᠬᠤ ᠵᠢ ᠠᠩᠬᠠᠷᠤᠨ᠎ᠠ᠃ ᠰᠠᠳᠤᠨ ᠤ ᠬᠠᠷᠢᠴᠠᠭ᠎ᠠ᠂ ᠨᠥᠬᠦᠷ ᠤᠨ ᠬᠠᠷᠢᠴᠠᠭ᠎ᠠ᠂ ᠬᠥᠮᠦᠨ ᠤ ᠬᠠᠷᠢᠴᠠᠭ᠎ᠠ ᠵᠢ ᠰᠠᠢᠲᠤᠷ ᠠᠳᠭᠤᠵᠤ᠂ ᠬᠥᠮᠦᠨ ᠤ ᠬᠠᠷᠢᠴᠠᠭᠠᠨ ᠤ ᠨᠠᠭᠠᠲᠤ ᠵᠠᠬ᠎ᠠ ᠶᠢᠨ ᠬᠣᠷᠢᠭ᠎ᠠ ᠱᠤᠭᠤᠮ ᠢ ᠰᠠᠬᠢᠬᠤ ᠬᠡᠷᠡᠭᠲᠠᠢ᠃

  ᠭᠤᠷᠪᠠ ᠳᠤ ᠪᠢᠰᠢᠷᠡᠨ ᠵᠢᠷᠦᠬᠡᠰᠢᠶᠡᠬᠦ ᠲᠤᠬᠠᠢ᠄ ᠬᠠᠤᠯᠢ ᠴᠠᠭᠠᠵᠠ ᠵᠢ ᠪᠢᠰᠢᠷᠡᠨ ᠵᠢᠷᠦᠬᠡᠰᠢᠶᠡᠬᠦ ᠬᠡᠷᠡᠭᠲᠠᠢ᠂ ᠬᠠᠤᠯᠢ ᠴᠠᠭᠠᠵᠠ ᠶᠢᠨ ᠪᠤᠲᠠᠲᠠᠢ ᠪᠠᠢᠳᠠᠯ ᠪᠣᠯᠤᠨ ᠬᠠᠤᠯᠢ ᠴᠠᠭᠠᠵᠠ ᠵᠢ ᠰᠢᠭᠦᠨ ᠳᠠᠰᠤᠯᠠᠬᠤ ᠴᠤᠷ ᠤᠨ ᠭᠠᠭᠴᠠ ᠪᠠᠷᠢᠮᠵᠢᠶ᠎ᠠ ᠪᠣᠯᠤᠨ ᠪᠠᠷᠢᠮᠲᠠ ᠪᠣᠯᠭᠠᠵᠤ᠂ ᠴᠢᠩᠭ᠎ᠠ ᠬᠢᠨᠠᠮᠠᠭᠠᠢ ᠪᠡᠷ ᠰᠠᠬᠢᠬᠤ ᠬᠡᠷᠡᠭᠲᠠᠢ᠃ ᠡᠷᠬᠡ ᠰᠦᠷ ᠳᠤ ᠪᠢᠰᠢᠷᠡᠨ ᠵᠢᠷᠦᠬᠡᠰᠢᠶᠡᠬᠦ ᠬᠡᠷᠡᠭᠲᠠᠢ᠂ ᠴᠠᠭ ᠢᠮᠠᠭᠲᠠ ᠥᠪᠡᠷ ᠢ ᠪᠡᠨ ᠲᠡᠭᠦᠯᠳᠡᠷᠵᠢᠭᠦᠯᠵᠦ ᠳᠡᠭᠡᠭᠰᠢᠯᠡᠭᠦᠯᠬᠦ ᠵᠢ ᠠᠩᠬᠠᠷᠴᠤ᠂ ᠥᠪᠡᠷ ᠢ ᠪᠡᠨ ᠬᠠᠮᠢᠶᠠᠷᠴᠤ ᠥᠪᠡᠷ ᠢ ᠪᠡᠨ ᠬᠦᠨᠳᠦᠳᠭᠡᠵᠦ ᠥᠪᠡᠷ ᠢ ᠪᠡᠨ ᠪᠠᠷᠢᠬᠤ ᠬᠡᠷᠡᠭᠲᠠᠢ᠃ ᠤᠯᠠᠨ ᠲᠦᠮᠡᠨ ᠢ ᠪᠢᠰᠢᠷᠡᠨ ᠵᠢᠷᠦᠬᠡᠰᠢᠶᠡᠬᠦ ᠬᠡᠷᠡᠭᠲᠠᠢ᠂ ᠤᠯᠠᠨ ᠲᠦᠮᠡᠨ ᠳᠤ ᠠᠭᠤᠳᠠᠮᠴᠢ ᠪᠠᠭᠲᠠᠭᠠᠮᠵᠢᠲᠠᠢ᠂ ᠲᠡᠰᠪᠦᠷᠢ ᠲᠡᠪᠴᠢᠶᠡᠷᠢ ᠲᠠᠢ᠂ ᠡᠶ᠎ᠡ ᠨᠠᠢᠷᠠᠮᠳᠤᠭᠤ ᠰᠡᠳᠭᠢᠯ ᠢ ᠪᠠᠷᠢᠵᠤ᠂ ᠦᠨᠡᠨ ᠰᠡᠳᠭᠢᠯ ᠡᠴᠡ ᠪᠡᠨ ᠡᠶᠡᠳᠡᠭᠦᠯᠵᠦ᠂ ᠲᠥᠪ ᠴᠢᠭᠡᠴᠢ ᠪᠡᠷ ᠰᠢᠭᠦᠨ ᠳᠠᠰᠤᠯᠠᠬᠤ ᠬᠡᠷᠡᠭᠲᠠᠢ᠃ ᠬᠠᠤᠯᠢ ᠴᠠᠭᠠᠵᠠ ᠳᠤ ᠪᠢᠰᠢᠷᠡᠨ ᠵᠢᠷᠤᠬᠡᠰᠢᠶᠡᠬᠦ ᠬᠡᠷᠡᠭᠲᠠᠢ᠂ ᠬᠠᠤᠯᠢ ᠴᠠᠭᠠᠵᠠ ᠳᠦᠷᠢᠮ ᠳᠤᠭᠲᠠᠭᠠᠯ ᠢ ᠰᠠᠬᠢᠬᠤ ᠤᠬᠠᠮᠰᠠᠷ ᠢ ᠪᠤᠢ ᠪᠣᠯᠭᠠᠵᠤ᠂ ᠨᠠᠮ ᠤᠨ ᠰᠠᠬᠢᠯᠭ᠎ᠠ ᠤᠯᠤᠰ ᠤᠨ ᠬᠠᠤᠯᠢ ᠪᠣᠯ ᠬᠦᠨᠳᠦᠵᠦ ᠪᠣᠯᠤᠰᠢ ᠦᠭᠡᠢ ᠨᠢᠭᠡ ᠱᠤᠭᠤᠮ ᠭᠡᠳᠡᠭ ᠢ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠠᠢ ᠪᠠᠢᠵᠤ᠂ ᠬᠣᠷᠢᠭ᠎ᠠ ᠬᠢᠵᠠᠭᠠᠷ ᠢ ᠳᠠᠪᠠᠬᠤ ᠦᠭᠡᠢ᠂ ᠳᠤᠷ᠎ᠠ ᠵᠣᠷᠢᠭ ᠪᠡᠷ ᠢᠶᠡᠨ ᠠᠭᠠᠰᠢᠯᠠᠬᠤ ᠦᠭᠡᠢ᠂ ᠬᠢᠵᠠᠭᠠᠷᠯᠠᠯ ᠬᠦᠯᠢᠶᠡᠬᠦ ᠡᠴᠡ ᠵᠠᠢᠯᠠᠬᠤ ᠦᠭᠡᠢ᠃

    ᠡᠭᠦᠨ ᠤ ᠵᠡᠷᠭᠡᠪᠡᠷ᠂ ᠰᠦᠨ ᠰᠢᠶᠣᠣ ᠴᠢᠶᠠᠩ ᠬᠣᠷᠢᠶᠠᠨ ᠳᠠᠷᠤᠭ᠎ᠠ ᠡᠴᠡ ᠳᠥᠷᠪᠡᠨ ᠬᠦᠰᠡᠯ ᠢᠶᠡᠨ ᠢᠯᠡᠳᠭᠡᠪᠡ᠄ ᠨᠢᠭᠡ ᠳᠤ ᠠᠴᠢ ᠡᠯᠪᠡᠷᠢᠯ ᠤᠨ ᠰᠡᠳᠭᠢᠯ ᠢ ᠦᠷᠭᠦᠯᠵᠢ ᠪᠠᠷᠢᠬᠤ ᠬᠡᠷᠡᠭᠲᠠᠢ᠃ ᠰᠢᠨ᠎ᠡ ᠪᠦᠯᠭᠦᠮ ᠤᠨ ᠬᠥᠮᠦᠨ ᠪᠣᠯᠭᠠᠨ ᠥᠪᠡᠷ ᠤᠨ ᠪᠦᠯᠭᠦᠮ ᠢᠶᠡᠨ   ᠬᠠᠢᠷᠠᠯᠠᠵᠤ᠂ ᠪᠠᠰᠠ ᠪᠥᠬᠦ ᠰᠡᠳᠭᠢᠯ ᠪᠥᠬᠦ ᠵᠣᠷᠢᠭ ᠢᠶᠡᠷ ᠢᠶᠡᠨ ᠦᠦᠰᠢᠨ ᠬᠣᠰᠢᠭᠤᠨ ᠤ ᠰᠢᠭᠦᠬᠦ ᠬᠤᠷᠢᠶ᠎᠎ᠠ ᠡᠨᠡᠬᠦ《 ᠶᠡᠬᠡ ᠭᠡᠷ》 ᠳᠤ ᠦᠢᠯᠡᠴᠢᠯᠡᠬᠦ ᠬᠡᠷᠡᠭᠲᠠᠢ᠃ ᠬᠤᠶᠠᠷ ᠳᠤ ᠱᠠᠮᠰᠢᠨ ᠪᠦᠷᠢᠯᠭᠡᠬᠦ ᠶᠢᠨ ᠬᠣᠣᠷ ᠬᠥᠨᠦᠭᠡᠯ ᠢ ᠦᠷᠭᠦᠯᠵᠢ ᠪᠣᠳᠤᠯᠬᠢᠯᠠᠬᠤ ᠬᠡᠷᠡᠭᠲᠠᠢ᠃ ᠥᠪᠡᠷ ᠤᠨ ᠲᠤᠰᠢᠶᠠᠯ ᠬᠠᠷᠢᠭᠤᠴᠠᠯᠭ᠎ᠠ ᠪᠡᠨ ᠴᠠᠭ ᠢᠮᠠᠭᠲᠠ ᠪᠠᠲᠤ ᠴᠡᠭᠡᠵᠢᠯᠡᠵᠦ᠂ ᠱᠠᠮᠰᠢᠨ ᠪᠦᠷᠢᠯᠭᠡᠬᠦ ᠨᠢ ᠬᠥᠮᠦᠨ ᠢ ᠬᠣᠬᠢᠷᠠᠭᠤᠯᠵᠤ  ᠥᠪᠡᠷ  ᠢ ᠪᠡᠨ ᠬᠣᠬᠢᠷᠠᠭᠤᠯᠳᠠᠭ ᠢ ᠮᠡᠳᠡᠵᠦ᠂ ᠳᠣᠲᠤᠭᠠᠳᠤ ᠰᠡᠳᠭᠢᠯ ᠡᠴᠡ ᠪᠡᠨ ᠤᠬᠠᠮᠰᠠᠷ ᠡᠴᠡ ᠪᠡᠨ ᠱᠠᠮᠰᠢᠨ ᠪᠦᠷᠢᠯᠭᠡᠬᠦ ᠵᠢ ᠲᠡᠪᠴᠢᠬᠦ ᠬᠡᠷᠡᠭᠲᠠᠢ᠃ ᠭᠤᠷᠪᠠ ᠳᠤ ᠵᠣᠷᠢᠭᠲᠠᠢ ᠪᠡᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ ᠵᠣᠷᠢᠭᠲᠠᠢ ᠪᠡᠷ ᠡᠭᠦᠷᠭᠡᠯᠡᠵᠦ᠂ ᠴᠢᠳᠠᠮᠠᠭᠠᠢ ᠪᠡᠷ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠪᠦᠯᠭᠦᠮ ᠤᠨ ᠠᠵᠢᠯ ᠤᠨ ᠬᠡᠯᠪᠡᠷᠢ ᠳᠣᠣᠷ᠎ᠠ ᠭᠠᠷᠴᠤ ᠮᠡᠳᠡᠬᠦ ᠠᠰᠠᠭᠤᠳᠠᠯ ᠬᠦᠴᠢᠷᠳᠠᠯ ᠢ ᠦᠨᠡᠨᠬᠦ ᠰᠢᠢᠳᠪᠦᠷᠢᠯᠡᠵᠦ᠂ ᠮᠥᠷᠦᠨ ᠳᠡᠭᠡᠷᠡᠬᠢ ᠬᠠᠷᠢᠭᠤᠴᠠᠯᠭ᠎ᠠ ᠪᠡᠨ ᠬᠦᠰᠡᠷᠳᠡᠭᠦᠯᠬᠦ ᠦᠭᠡᠢ ᠪᠠᠢᠬᠤ ᠬᠡᠷᠡᠭᠲᠠᠢ᠃

     ᠳᠥᠷᠪᠡ ᠳᠤ ᠥᠪᠡᠷ ᠤᠨ ᠪᠡᠶ᠎ᠡ ᠶᠢᠨ ᠠᠷᠢᠭᠤᠨ ᠴᠢᠭᠡᠴᠢ ᠪᠠᠢᠬᠤ ᠵᠢ ᠪᠠᠲᠤᠯᠠᠬᠤ  ᠬᠡᠷᠡᠭᠲᠠᠢ᠃ ᠨᠠᠮ ᠤᠨ ᠳᠦᠷᠢᠮ ᠳᠤᠭᠲᠠᠭᠠᠯ᠂ ᠬᠠᠤᠯᠢ ᠴᠠᠭᠠᠵᠠ ᠬᠠᠤᠯᠢ ᠳᠦᠷᠢᠮ  ᠪᠣᠯᠤᠨ ᠰᠢᠭᠦᠬᠦ ᠬᠣᠷᠢᠶᠠᠨ ᠤ ᠡᠯ᠎ᠡ ᠲᠥᠷᠦᠯ ᠤᠨ ᠳᠦᠷᠢᠮ ᠳᠤᠭᠲᠠᠭᠠᠯ ᠢ ᠬᠢᠨᠠᠮᠠᠭᠠᠢ ᠰᠤᠷᠤᠯᠴᠠᠨ ᠨᠠᠢᠳᠠᠪᠤᠷᠢᠵᠢᠭᠤᠯᠵᠤ᠂ ᠤᠬᠠᠮᠰᠠᠷ ᠡᠴᠡ ᠪᠡᠨ ᠠᠷᠢᠭᠤᠨ ᠴᠢᠭᠡᠴᠢ ᠪᠡᠷ ᠬᠠᠤᠯᠢ ᠬᠡᠷᠡᠭᠵᠢᠭᠦᠯᠬᠦ ᠤᠬᠠᠮᠰᠠᠷ ᠢ ᠪᠤᠢ ᠪᠣᠯᠭᠠᠵᠤ᠂  ᠴᠠᠭ ᠢᠮᠠᠭᠲᠠ ᠠᠷᠢᠭᠤᠨ ᠴᠢᠭᠡᠴᠢ ᠪᠡᠷ ᠲᠤᠬᠠᠢᠯᠠᠭᠰᠠᠨ ᠠᠵᠢᠯ ᠤᠨ ᠪᠠᠢᠷᠢ ᠪᠡᠨ ᠰᠠᠬᠢᠵᠤ᠂ ᠰᠢᠭᠦᠬᠦ ᠬᠣᠷᠢᠶᠠᠨ ᠤ ᠺᠠᠲᠠᠷ ᠴᠠᠭᠳᠠᠭᠠᠨ ᠤ ᠠᠷᠢᠭᠤᠨ ᠴᠢᠭᠡᠴᠢ ᠳᠦᠷᠢ ᠳᠥᠷᠬᠦ ᠵᠢ ᠪᠤᠢ ᠪᠣᠯᠭᠠᠬᠤ ᠬᠡᠷᠡᠭᠲᠠᠢ᠃  

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )