ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠯᠪᠠᠨ ᠭᠡᠷ ᠤᠨ ᠯᠢ ᠫᠸᠩ ᠨᠥᠬᠦᠷ《2017 ᠣᠨ ᠤ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠡᠬᠢ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠡᠷᠢᠭᠦᠨ ᠤ ᠬᠤᠪᠢ ᠬᠥᠮᠦᠨ》 ᠤ ᠢᠷᠠᠭᠤ ᠠᠯᠳᠠᠷ ᠢ ᠬᠦᠷᠲᠡᠪ
2017.09.29 ᠲᠣᠰ ᠥᠷᠲᠡᠭᠡᠨ᠎ᠦ ᠨᠠᠢᠷᠠᠭᠤᠯᠤᠭᠴᠢ

    ᠣᠢᠷ᠎ᠠ ᠶᠢᠨ ᠡᠳᠦᠷ᠂ ᠳᠡᠭᠡᠳᠦ ᠵᠡᠷᠭᠡ ᠶᠢᠨ ᠰᠢᠭᠦᠬᠦ ᠬᠣᠷᠢᠶᠠᠨ ᠡᠴᠡ《2017 ᠣᠨ ᠤ ᠪᠥᠬᠦ  ᠤᠯᠤᠰ ᠤᠨ< ᠬᠤᠶᠠᠷ ᠬᠤᠷᠠᠯ> ᠤᠨ ᠬᠤᠭᠤᠴᠠᠭᠠᠨ  ᠤ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠠᠵᠢᠯ ᠳᠤ ᠢᠯᠡᠷᠬᠡᠢ ᠬᠤᠪᠢ ᠨᠡᠮᠡᠷᠢ ᠦᠵᠡᠭᠦᠯᠦᠭᠰᠡᠨ ᠬᠠᠮᠲᠤ ᠨᠢᠭᠡᠴᠡ ᠪᠠ ᠬᠤᠪᠢ ᠬᠥᠮᠦᠨ ᠳᠤ ᠰᠠᠢᠰᠢᠶᠠᠯ ᠬᠦᠷᠲᠡᠭᠡᠬᠦ ᠲᠤᠬᠠᠢ ᠮᠡᠳᠡᠭᠳᠡᠯ》 ᠢ ᠳᠣᠷᠤᠭᠰᠢ ᠪᠠᠭᠤᠯᠭᠠᠵᠤ᠂ ᠪᠥᠬᠦ ᠤᠯᠤᠰ ᠤᠨ《 ᠬᠤᠶᠠᠷ ᠬᠤᠷᠠᠯ》 ᠤᠨ ᠬᠤᠭᠤᠴᠠᠭᠠᠨ ᠳᠤ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤᠮᠳᠠ ᠢᠯᠡᠷᠬᠡᠢ ᠬᠤᠪᠢ ᠨᠡᠮᠡᠷᠢ ᠲᠠᠢ12 ᠬᠠᠮᠲᠤ ᠨᠢᠭᠡᠴᠡ ᠪᠠ97 ᠨᠡᠷ᠎ᠡ ᠬᠤᠪᠢ ᠬᠥᠮᠦᠨ ᠢ ᠮᠡᠳᠡᠭᠳᠡᠯ ᠨᠡᠢᠲᠡᠯᠡᠨ ᠰᠠᠢᠰᠢᠶᠠᠪᠠ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠯᠪᠠᠨ ᠭᠡᠷ ᠤᠨ ᠯᠢ ᠫᠧᠩ ᠨᠥᠬᠦᠷ《2017 ᠣᠨ ᠤ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠡᠬᠢ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠡᠷᠢᠭᠦᠨ ᠤ ᠬᠤᠪᠢ ᠬᠥᠮᠦᠨ》 ᠭᠡᠬᠦ ᠢᠷᠠᠭᠤ ᠠᠯᠲᠠᠷ ᠢ ᠬᠦᠷᠲᠡᠪᠡ᠃

   ᠣᠢᠷ᠎ᠠ ᠶᠢᠨ ᠵᠢᠯ ᠳᠤ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠨᠢ ᠵᠠᠬᠢᠳᠠᠯ ᠰᠤᠷᠪᠤᠯᠵᠢᠯᠠᠭ᠎ᠠ ᠶᠢᠨ ᠠᠵᠢᠯ  ᠢ ᠢᠮᠠᠭᠲᠠ ᠠᠮᠤᠷ ᠳᠤᠭᠲᠠᠭᠤᠨ ᠢ ᠬᠠᠮᠠᠭᠠᠯᠠᠵᠤ᠂ ᠡᠶ᠎ᠡ ᠨᠠᠢᠷᠠᠮᠳᠤᠭᠤ ᠵᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠶᠢᠨ ᠲᠡᠷᠢᠭᠦᠨ ᠳᠤ ᠲᠠᠯᠪᠢᠵᠤ᠂ ᠪᠥᠬᠦ ᠰᠡᠳᠭᠢᠯ ᠪᠥᠬᠦ ᠵᠣᠷᠢᠭ ᠢᠶᠡᠷ ᠢᠶᠡᠨ ᠠᠷᠠᠳ ᠤᠨ ᠲᠥᠯᠦᠭᠡ ᠦᠢᠯᠡᠴᠢᠯᠡᠬᠦ ᠤᠬᠠᠮᠰᠠᠷ ᠢ ᠪᠠᠲᠤᠵᠢᠭᠤᠯᠵᠤ᠂ ᠬᠠᠷᠢᠭᠤᠴᠠᠯᠭ᠎ᠠ ᠵᠢ ᠲᠣᠳᠤᠷᠬᠠᠢ ᠪᠣᠯᠭᠠᠨ᠂ ᠠᠷᠭ᠎ᠠ ᠠᠪᠴᠢᠯ ᠢᠶᠡᠨ ᠴᠢᠩᠭᠠᠳᠭᠠᠵᠤ᠂ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠠᠮᠵᠢᠭᠤᠯᠬᠤ ᠤᠷᠲᠤ ᠬᠤᠭᠤᠴᠠᠭ᠎ᠠ ᠲᠤᠰᠠᠲᠠᠢ ᠳᠤᠭᠲᠠᠯᠴᠠᠭ᠎ᠠ ᠵᠢ ᠢᠳᠡᠪᠬᠢᠲᠠᠢ ᠪᠡᠷ ᠡᠷᠢᠯᠬᠢᠯᠡᠨ᠂ ᠤᠭ ᠰᠤᠷᠪᠤᠯᠵᠢ ᠡᠴᠡ ᠨᠢ ᠵᠠᠰᠠᠬᠤ ᠵᠢ ᠴᠢᠬᠤᠯᠠᠴᠢᠯᠠᠨ᠂ ᠪᠥᠬᠦ ᠬᠣᠲᠠ ᠶᠢᠨ ᠰᠢᠭᠦᠬᠦ ᠬᠣᠷᠢᠶᠠᠨ ᠤ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠢᠳᠡᠪᠬᠢᠲᠠᠢ ᠪᠡᠷ ᠤᠳᠤᠷᠢᠳᠤᠨ᠂ ᠨᠢᠭᠡ ᠪᠥᠯᠦᠭ ᠬᠦᠨᠳᠦ ᠶᠡᠬᠡ ᠮᠠᠳᠠᠭᠲᠠᠢ ᠪᠤᠳᠤᠯᠢᠶᠠᠨᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠥᠪᠯᠡᠷᠡᠭᠦᠯᠦᠨ ᠰᠢᠢᠳᠪᠦᠷᠢᠯᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠤᠨ ᠪᠣᠯᠤᠨ ᠥᠨᠳᠦᠷ ᠵᠡᠷᠭᠡ ᠶᠢᠨ ᠰᠢᠭᠦᠬᠦ ᠬᠣᠷᠢᠶᠠᠨ ᠡᠴᠡ ᠲᠤᠰᠢᠶᠠᠨ ᠥᠭᠭᠦᠭᠰᠡᠨ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠠᠮᠵᠢᠭᠤᠯᠬᠤ ᠡᠭᠦᠷᠭᠡ ᠵᠢ ᠠᠮᠵᠢᠯᠲᠠ ᠲᠠᠢ ᠳᠠᠭᠤᠰᠭᠠᠵᠤ᠂ ᠪᠥᠬᠦ ᠬᠣᠲᠠ ᠶᠢᠨ ᠰᠢᠭᠦᠬᠦ ᠬᠣᠷᠢᠶᠠᠨ ᠤ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠨᠢ ᠰᠠᠢᠨ ᠰᠠᠢᠬᠠᠨ ᠤᠷᠴᠢᠬᠤ ᠬᠠᠨᠳᠤᠰᠢ ᠲᠠᠢ ᠪᠣᠯᠪᠠ᠃

    2017 ᠤᠨ ᠤ ᠪᠥᠬᠦ ᠤᠯᠤᠰ ᠤᠨ《 ᠬᠤᠶᠠᠷ ᠬᠤᠷᠠᠯ》 ᠤᠨ ᠬᠤᠭᠤᠴᠠᠭᠠᠨ ᠳᠤ᠂ ᠮᠠᠨ ᠤ ᠬᠣᠲᠠ ᠶᠢᠨ ᠬᠤᠶᠠᠷ ᠱᠠᠲᠤᠨ ᠤ ᠰᠢᠭᠦᠬᠦ ᠬᠤᠷᠢᠶ᠎ᠠ ᠨᠢ ᠲᠥᠪ ᠬᠤᠷᠢᠶ᠎ᠠ ᠪᠠ ᠳᠡᠭᠡᠳᠦ ᠵᠡᠷᠭᠡ ᠶᠢᠨ ᠰᠢᠭᠦᠬᠦ ᠬᠤᠷᠢᠶ᠎ᠠ ᠵᠢᠴᠢ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠲᠣᠬᠢᠷᠠᠭᠤᠯᠭ᠎ᠠ ᠶᠣᠰᠣᠭᠠᠷ᠂ ᠨᠠᠷᠢᠨ ᠨᠢᠭᠲᠠ ᠲᠥᠰᠦᠪᠯᠡᠨ᠂ ᠬᠢᠨᠠᠮᠠᠭᠠᠢ ᠵᠣᠬᠢᠶᠠᠨ ᠪᠠᠢᠭᠤᠯᠵᠤ᠂ ᠤᠷᠢᠳᠴᠢᠯᠠᠨ ᠰᠤᠳᠤᠯᠤᠨ ᠰᠢᠭᠦᠨ᠂ ᠪᠥᠬᠦ ᠲᠠᠯ᠎ᠠ ᠪᠡᠷ ᠪᠠᠢᠴᠠᠭᠠᠨ ᠢᠯᠭᠠᠷᠠᠭᠤᠯᠵᠤ᠂ ᠯᠠᠪᠳᠠᠭᠤᠨ ᠢᠶᠡᠷ ᠠᠵᠢᠯᠯᠠᠨ᠂ ᠥᠷᠭᠡᠨ ᠤᠯᠠᠨ ᠵᠠᠬᠢᠳᠠᠯ ᠰᠤᠷᠪᠤᠯᠵᠢᠯᠠᠭ᠎ᠠ ᠶᠢᠨ ᠺᠠᠲᠠᠷ ᠴᠠᠭᠳᠠᠭ᠎ᠠ ᠪᠠᠲᠤ ᠴᠢᠩᠭ᠎ᠠ ᠤᠯᠤᠰ ᠲᠥᠷᠦ ᠶᠢᠨ ᠬᠠᠷᠢᠭᠤᠴᠠᠯᠭᠠᠲᠤ ᠰᠡᠳᠭᠢᠯᠭᠡ ᠪᠣᠯᠤᠨ ᠵᠣᠷᠢᠭᠲᠠᠢ ᠪᠡᠷ ᠡᠭᠦᠷᠭᠡᠯᠡᠬᠦ ᠵᠣᠷᠢᠭ ᠰᠠᠨᠠᠭ᠎ᠠ ᠪᠡᠷ ᠪᠥᠬᠦ ᠬᠦᠴᠦᠨ ᠢᠶᠡᠷ ᠢᠶᠡᠨ ᠵᠠᠬᠢᠳᠠᠯ ᠰᠤᠷᠪᠤᠯᠵᠢᠯᠠᠭ᠎ᠠ ᠵᠢ ᠬᠦᠯᠢᠶᠡᠨ ᠠᠪᠬᠤ᠂ ᠬᠡᠷᠡᠭ ᠢ ᠡᠶᠡᠳᠡᠭᠦᠯᠬᠦ᠂ ᠵᠥᠷᠢᠴᠡᠯ ᠢ ᠨᠠᠮᠵᠢᠭᠤᠯᠬᠤ᠂ ᠰᠤᠷᠪᠤᠯᠵᠢᠯᠠᠭ᠎ᠠ ᠵᠢ ᠦᠢᠮᠡᠭᠦᠯᠬᠦ ᠵᠢ ᠰᠢᠢᠳᠪᠦᠷᠢᠯᠡᠬᠦ᠂ ᠮᠡᠳᠡᠭᠡ ᠵᠠᠩᠭᠢ ᠵᠢ ᠬᠦᠷᠭᠡᠬᠦ ᠵᠡᠷᠭᠡ ᠶᠡᠬᠡ ᠬᠡᠮᠵᠢᠶᠠᠨ ᠤ ᠠᠵᠢᠯ ᠢ ᠬᠢᠵᠦ᠂ ᠨᠡᠢᠰᠡᠯᠡᠯ ᠤᠨ ᠡᠶ᠎ᠡ ᠨᠠᠢᠷᠠᠮᠳᠤᠭᠤ ᠠᠮᠤᠷ ᠳᠤᠭᠲᠠᠭᠤᠨ ᠢ ᠬᠠᠮᠠᠭᠠᠯᠠᠬᠤ ᠳᠤ ᠢᠳᠡᠪᠬᠢᠲᠠᠢ ᠬᠤᠪᠢ ᠨᠡᠮᠡᠷᠢ ᠪᠡᠨ ᠦᠵᠡᠭᠦᠯᠪᠡ᠃ ᠯᠢ ᠫᠸᠩ ᠨᠥᠬᠦᠷ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠢᠭᠰᠡᠨ ᠡᠴᠡ ᠨᠠᠰᠢ᠂ ᠤᠯᠠᠨ ᠤᠳᠠᠭ᠎ᠠ ᠲᠡᠷᠢᠭᠦᠨ ᠤ ᠬᠤᠪᠢ ᠬᠥᠮᠦᠨ ᠢᠶᠡᠷ ᠦᠨᠡᠯᠡᠭᠳᠡᠵᠦ ᠶᠠᠪᠤᠪᠠ᠃  ᠪᠠᠴᠢᠮ᠂ ᠬᠦᠨᠳᠦ ᠶᠡᠬᠡ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠭᠦᠷᠭᠡ ᠳᠤ ᠬᠠᠨᠳᠤᠬᠤ ᠳᠤ ᠪᠡᠨ ᠯᠢ ᠫᠧᠩ ᠨᠥᠬᠦᠷ ᠤᠳᠠᠭ᠎ᠠ ᠪᠣᠯᠭᠠᠨ ᠴᠥᠮ ᠵᠣᠬᠢᠶᠠᠨ ᠪᠠᠢᠭᠤᠯᠤᠯᠲᠠ ᠶᠢᠨ ᠲᠣᠬᠢᠷᠠᠭᠤᠯᠭ᠎ᠠ ᠵᠢ ᠥᠨᠳᠦᠷ ᠪᠥᠲᠦᠮᠵᠢᠲᠠᠢ ᠪᠡᠷ ᠪᠡᠶᠡᠯᠡᠭᠦᠯᠵᠦ᠂ ᠲᠡᠭᠦᠨ ᠤ ᠬᠤᠷᠢᠶᠠᠩᠭᠤᠢᠯᠠᠭᠰᠠᠨ ᠬᠡᠷᠡᠭ ᠤᠨ ᠮᠠᠲ᠋ᠧᠷᠢᠶᠠᠯ ᠨᠢ ᠤᠯᠠᠨ ᠤᠳᠠᠭ᠎ᠠ ᠳᠡᠭᠡᠷ᠎ᠡ ᠱᠠᠲᠤᠨ ᠤ ᠰᠠᠯᠠᠭ᠎ᠠ ᠮᠥᠴᠢᠷ ᠲᠤ ᠳᠦᠷᠢᠮᠵᠢᠭᠰᠡᠨ ᠬᠡᠷᠡᠭ ᠤᠨ ᠵᠢᠰᠢᠶᠡᠨ ᠤ ᠮᠠᠲ᠋ᠧᠷᠢᠶᠠᠯ ᠢᠶᠡᠷ ᠰᠣᠩᠭᠤᠭᠳᠠᠭᠰᠠᠨ ᠪᠤᠶᠤ ᠰᠢᠭᠤᠳ ᠬᠡᠷᠡᠭᠯᠡᠭᠳᠡᠪᠡ᠃ ᠵᠠᠬᠢᠳᠠᠯ ᠰᠤᠷᠪᠤᠯᠵᠢᠯᠠᠭ᠎ᠠ ᠶᠢᠨ ᠲᠤᠬᠠᠢ ᠶᠢᠨ ᠬᠥᠮᠦᠨ ᠳᠤ ᠬᠠᠨᠳᠤᠨ᠂ ᠯᠢ ᠫᠧᠩ ᠨᠥᠬᠦᠷ ᠬᠦᠯᠢᠴᠡᠩᠭᠦᠢ ᠨᠠᠷᠢᠯᠢᠭ ᠶᠠᠷᠢᠯᠴᠠᠨ ᠲᠠᠢᠯᠪᠤᠷᠢᠯᠠᠬᠤ ᠪᠡᠷ ᠳᠠᠮᠵᠢᠵᠤ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠨᠠᠮᠵᠢᠭᠤᠯᠳᠠᠭ᠃ ᠡᠨᠡ ᠵᠢᠯ ᠤᠨ ᠪᠥᠬᠦ ᠣᠷᠤᠨ ᠤ ᠰᠢᠭᠦᠬᠦ ᠬᠣᠷᠢᠶᠠᠨ ᠡᠴᠡ ᠥᠷᠨᠢᠭᠦᠯᠦᠭᠰᠡᠨ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ《 ᠵᠠᠭᠤᠨ ᠡᠳᠦᠷ ᠤᠨ ᠰᠢᠪᠲᠤᠯᠤᠲᠠ》 ᠲᠤᠰᠭᠠᠢ ᠰᠡᠳᠦᠪᠲᠦ ᠬᠥᠳᠡᠯᠭᠡᠭᠡᠨ ᠳᠤᠮᠳᠠ᠂ ᠯᠢ ᠫᠧᠩ ᠨᠥᠬᠦᠷ ᠳᠡᠭᠡᠭᠰᠢ ᠮᠡᠳᠡᠭᠦᠯᠵᠦ ᠳᠣᠷᠤᠭᠰᠢ ᠳᠠᠮᠵᠢᠭᠤᠯᠬᠤ᠂ ᠲᠣᠭ᠎ᠠ ᠪᠠᠷᠢᠮᠲᠠ ᠴᠤᠭᠯᠠᠭᠤᠯᠤᠨ ᠡᠮᠬᠢᠳᠭᠡᠬᠦ᠂ ᠪᠢᠴᠢᠭ᠌ ᠬᠠᠷ᠎ᠠ ᠶᠢᠨ ᠮᠠᠲ᠋ᠧᠷᠢᠶᠠᠯ ᠵᠡᠷᠭᠡ ᠲᠠᠯ᠎ᠠ  ᠳᠤ ᠮᠠᠰᠢ ᠶᠡᠬᠡ ᠴᠢᠷᠮᠠᠢᠯᠭ᠎ᠠ ᠭᠠᠷᠭᠠᠵᠤ᠂ ᠭᠤᠶᠤᠴᠢ ᠦᠭᠡᠢ ᠪᠡᠷ ᠮᠠᠰᠢ ᠤᠯᠠᠨ ᠠᠵᠢᠯ ᠢ ᠬᠢᠵᠦ᠂ ᠳᠡᠭᠡᠷ᠎ᠡ ᠱᠠᠲᠤᠨ ᠤ ᠰᠢᠭᠦᠬᠦ ᠬᠣᠷᠢᠶᠠᠨ ᠤᠨ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠨᠤᠲᠠᠯᠤᠯᠲᠠ ᠵᠢ ᠣᠯᠪᠠ᠃

    ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠨᠢ ᠪᠥᠬᠦ ᠬᠣᠲᠠ ᠶᠢᠨ ᠬᠤᠶᠠᠷ ᠳᠡᠰ ᠤᠨ ᠰᠢᠭᠦᠬᠦ ᠬᠣᠷᠢᠶᠠᠨ ᠤ  ᠵᠠᠬᠢᠳᠠᠯ ᠰᠤᠷᠪᠤᠯᠵᠢᠯᠠᠭ᠎ᠠ ᠶᠢᠨ ᠺᠠᠲᠠᠷ ᠴᠠᠳᠠᠭ᠎ᠠ ᠵᠢ ᠯᠢ ᠫᠧᠩ ᠨᠥᠬᠦᠷ ᠡᠴᠡ ᠰᠤᠷᠤᠯᠴᠠᠬᠤ ᠵᠢ ᠤᠷᠢᠶᠠᠯᠠᠨ᠂《 ᠤᠯᠠᠨ ᠲᠦᠮᠡᠨ  ᠳᠤ ᠬᠠᠤᠯᠢ ᠬᠡᠷᠡᠭᠵᠢᠭᠦᠯᠦᠭᠰᠡᠨ ᠬᠡᠷᠡᠭ ᠨᠢᠭᠡᠪᠦᠷᠢ ᠡᠴᠡ ᠲᠥᠪ ᠭᠣᠣᠯᠴᠢ ᠡᠷᠬᠡ ᠲᠡᠭᠰᠢ ᠵᠢ ᠮᠡᠳᠡᠭᠦᠯᠬᠦ ᠪᠡᠷ ᠴᠢᠷᠮᠠᠢᠬᠤ》 ᠡᠨᠡᠬᠦ ᠬᠠᠷᠠᠯᠲᠠ ᠶᠢᠨ ᠣᠷᠴᠢᠨ ᠳᠤ᠂ ᠠᠷᠠᠳ ᠤᠨ ᠲᠥᠯᠦᠭᠡ ᠬᠠᠤᠯᠢ ᠬᠡᠷᠡᠭᠵᠢᠭᠦᠯᠵᠦ᠂ ᠲᠥᠪ ᠭᠣᠣᠯᠴᠢ ᠪᠡᠷ ᠬᠠᠤᠯᠢ ᠬᠡᠷᠡᠭᠵᠢᠭᠦᠯᠬᠦ ᠵᠢ ᠪᠠᠷᠢᠮᠲᠠᠯᠠᠨ᠂ ᠠᠵᠢᠯ ᠤᠨ ᠴᠢᠳᠠᠪᠤᠷᠢ ᠪᠠ ᠬᠢᠷᠢ ᠳᠥᠪᠰᠢᠨ ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠶᠣᠰᠣᠭᠠᠷ ᠴᠠᠭ ᠲᠤᠬᠠᠢ ᠳ᠋ᠤ ᠨᠢ ᠲᠤᠬᠠᠢ ᠶᠢᠨ ᠭᠠᠵᠠᠷ ᠲᠤ ᠨᠢ ᠤᠯᠠᠨ ᠲᠦᠮᠡᠨ ᠤ ᠬᠠᠤᠯᠢ ᠶᠣᠰᠤᠨ ᠤ ᠭᠤᠶᠤᠴᠢᠯᠠᠯ ᠢ ᠰᠢᠢᠳᠪᠦᠷᠢᠯᠡᠬᠦ ᠵᠢ ᠪᠤᠲᠠᠲᠠᠢᠵᠢᠭᠤᠯᠵᠤ᠂ ᠤᠯᠠᠨ ᠲᠦᠮᠡᠨ ᠤ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠨ᠂ ᠪᠥᠬᠦ ᠬᠣᠲᠠ ᠶᠢᠨ ᠰᠢᠭᠦᠬᠦ ᠬᠣᠷᠢᠶᠠᠨ ᠤ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠰᠢᠨ᠎ᠡ ᠪᠠᠢᠳᠠᠯ ᠢ ᠡᠭᠦᠳᠬᠦ ᠳᠤ ᠢᠳᠡᠪᠬᠢᠲᠠᠢ ᠬᠤᠪᠢ ᠨᠡᠮᠡᠷᠢ ᠪᠡᠨ ᠦᠵᠡᠭᠦᠯᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )