《 ᠰᠢᠭᠦᠭᠴᠢ ᠳᠤ ᠪᠠᠶᠠᠷᠯᠠᠯ᠎ᠠ᠂ ᠮᠠᠨ ᠤ ᠬᠡᠷᠡᠭ ᠤᠨ ᠲᠥᠯᠦᠭᠡ ᠲᠤᠰᠭᠠᠢᠯᠠᠨ ᠲᠣᠰᠭᠤᠨ ᠳᠤ ᠬᠦᠷᠴᠦ ᠢᠷᠡᠨ ᠮᠠᠨᠤᠰ ᠲᠤ ᠠᠵᠢᠯ ᠢᠶᠡᠨ ᠬᠢᠬᠦ ᠴᠠᠭ ᠲᠠᠢ ᠪᠣᠯᠭᠠᠪᠠ》᠃ ᠡᠨᠡ ᠪᠣᠯ9 ᠰᠠᠷ᠎ᠠ ᠶᠢᠨ22 ᠤ ᠡᠳᠦᠷ ᠡᠩ ᠤᠨ ᠪᠤᠲᠠᠰ ᠤᠨ ᠡᠷᠬᠡ ᠵᠢ ᠰᠢᠭᠦᠨ ᠳᠠᠰᠤᠯᠠᠬᠤ ᠬᠠᠮᠲᠤᠷᠠᠨ ᠵᠥᠪᠯᠡᠬᠦ ᠲᠢᠩᠬᠢᠮ ᠤᠨ ᠰᠢᠭᠦᠭᠴᠢ ᠵᠤᠤ ᠰᠢᠶᠠ ᠲᠤᠬᠠᠢ ᠶᠢᠨ ᠬᠥᠮᠦᠨ ᠯᠢ ᠣᠪᠤᠭᠲᠤ ᠳᠤ ᠬᠡᠷᠡᠭ ᠤᠨ ᠪᠠᠢᠳᠠᠯ ᠢ ᠲᠠᠢᠯᠪᠤᠷᠢᠯᠠᠨ ᠥᠭᠬᠦ ᠦᠶᠡᠰ᠂ ᠯᠢ ᠣᠪᠤᠭᠲᠤ ᠶᠢᠨ ᠬᠡᠯᠡᠭᠰᠡᠨ ᠰᠡᠳᠭᠢᠯ ᠤᠨ ᠦᠭᠡ ᠪᠣᠯᠤᠨ᠎ᠠ᠃
ᠯᠢ ᠣᠪᠤᠭᠲᠤ᠂ ᠬᠠᠨ ᠣᠪᠤᠭᠲᠤ ᠪᠣᠳᠠᠰ ᠤᠨ ᠡᠷᠬᠡ ᠵᠢ ᠬᠠᠮᠠᠭᠠᠯᠠᠬᠤ ᠵᠢᠭᠤᠷᠤᠯᠳᠤᠭᠠᠨ ᠵᠢᠴᠢ ᠴᠢᠶᠣᠣ ᠣᠪᠤᠭᠲᠤ᠂ ᠵᠤᠤ ᠣᠪᠤᠭᠲᠤ ᠶᠢᠨ ᠬᠣᠭᠤᠷᠤᠨᠳᠤᠬᠢ ᠡᠳ᠋ ᠬᠥᠷᠦᠩᠭᠡ ᠶᠢᠨ ᠬᠣᠬᠢᠷᠠᠯ ᠢ ᠲᠥᠯᠦᠪᠦᠷᠢᠯᠡᠬᠦ ᠵᠢᠭᠤᠷᠤᠯᠳᠤᠭᠠᠨ ᠨᠢ ᠴᠥᠮ ᠢᠵᠢᠯ ᠨᠢᠭᠡᠨ ᠲᠣᠰᠭᠤᠨ ᠤ ᠢᠷᠭᠡᠨ ᠤ ᠳᠤᠮᠳᠠ ᠭᠠᠵᠠᠷ ᠰᠢᠷᠤᠢ ᠶᠢᠨ ᠠᠰᠠᠭᠤᠳᠠᠯ ᠡᠴᠡ ᠪᠣᠯᠵᠤ ᠡᠭᠦᠰᠦᠭᠰᠡᠨ ᠵᠢᠭᠤᠷᠤᠯᠳᠤᠭᠠᠨ ᠪᠣᠯᠤᠨ᠎ᠠ᠃ ᠰᠢᠭᠦᠭᠴᠢ ᠤᠲᠠᠰᠤ ᠪᠡᠷ ᠬᠤᠶᠠᠷ ᠡᠲᠡᠭᠡᠳ ᠤᠨ ᠲᠤᠬᠠᠢ ᠶᠢᠨ ᠬᠥᠮᠦᠨ ᠲᠠᠢ ᠬᠠᠷᠢᠯᠴᠠᠭᠠᠳ ᠬᠤᠶᠠᠷ ᠬᠡᠷᠡᠭ ᠤᠨ ᠳᠥᠷᠪᠡᠨ ᠲᠤᠬᠠᠢ ᠶᠢᠨ ᠬᠥᠮᠦᠨ ᠴᠥᠮ ᠲᠠᠷᠢᠶᠠᠨ ᠠᠵᠢᠯ ᠳᠤ ᠪᠡᠨ ᠶᠠᠭᠠᠷᠠᠵᠤ᠂ ᠰᠢᠭᠦᠬᠦ ᠬᠣᠷᠢᠶᠠᠨ ᠡᠴᠡ300 ᠭᠠᠷᠤᠢ ᠺᠢᠯᠣᠮᠧᠲ᠋ᠷ ᠬᠤᠯᠠ᠂ ᠵᠠᠮ ᠬᠠᠷᠢᠯᠴᠠᠭ᠎ᠠ ᠳᠥᠭᠦᠮ ᠦᠭᠡᠢ ᠪᠠᠢᠵᠤ᠂ ᠰᠢᠭᠦᠬᠦ ᠬᠣᠷᠢᠶᠠᠨ ᠳᠤ ᠬᠦᠷᠴᠦ ᠵᠠᠭᠠᠯᠳᠤᠯᠭ᠎ᠠ ᠳᠤ ᠤᠷᠤᠯᠴᠠᠬᠤ ᠨᠢ ᠮᠠᠰᠢ ᠬᠦᠴᠢᠷᠲᠠᠢ ᠵᠢ ᠮᠡᠳᠡᠪᠡ᠃ ᠲᠤᠬᠠᠢ ᠶᠢᠨ ᠬᠥᠮᠦᠨ ᠤ ᠲᠠᠷᠢᠶᠠᠨ ᠠᠵᠢᠯ ᠤᠨ ᠶᠠᠭᠠᠷᠠᠤ ᠴᠠᠭ ᠲᠤ ᠶᠠᠪᠤᠵᠤ ᠰᠠᠭᠤᠬᠤ ᠡᠴᠡ ᠪᠣᠯᠵᠤ ᠨᠠᠮᠤᠷ ᠤᠨ ᠠᠵᠢᠯ ᠢᠶᠡᠨ ᠰᠠᠭᠠᠲᠤᠬᠤ ᠦᠭᠡᠢ ᠪᠠᠢᠬᠤ ᠵᠢ ᠪᠠᠲᠤᠯᠠᠬᠤ ᠶᠢᠨ ᠲᠥᠯᠦᠭᠡ᠂ ᠡᠩ ᠤᠨ ᠪᠣᠳᠠᠰ ᠤᠨ ᠡᠷᠬᠡ ᠵᠢ ᠰᠢᠭᠦᠨ ᠳᠠᠰᠤᠯᠠᠬᠤ ᠬᠠᠮᠲᠤᠷᠠᠨ ᠵᠥᠪᠯᠡᠬᠦ ᠲᠢᠩᠬᠢᠮ ᠨᠢ ᠬᠡᠷᠡᠭ ᠢ ᠳᠠᠭᠠᠴᠢᠯᠠᠨ ᠲᠡᠷᠭᠡ ᠪᠡᠷ3 ᠴᠠᠭ ᠭᠠᠷᠤᠢ ᠶᠢᠨ ᠵᠠᠮ ᠶᠠᠪᠤᠵᠤ ᠪᠠᠢᠮᠠᠨ ᠬᠤᠶᠠᠷ ᠡᠲᠡᠭᠡᠳ ᠤᠨ ᠲᠤᠬᠠᠢ ᠶᠢᠨ ᠬᠥᠮᠦᠨ ᠤ ᠪᠠᠢᠭ᠎ᠠ ᠭᠠᠵᠠᠷ ᠬᠦᠷᠴᠦ ᠬᠥᠳᠡᠭᠡ ᠪᠠᠭᠤᠵᠤ ᠵᠥᠷᠢᠴᠡᠯ ᠢ ᠨᠠᠮᠵᠢᠭᠤᠯᠪᠠ᠃
ᠰᠢᠭᠦᠭᠴᠢ ᠵᠥᠷᠢᠴᠡᠯ ᠭᠠᠷᠤᠭᠰᠠᠨ ᠲᠤᠬᠠᠢ ᠶᠢᠨ ᠲᠠᠯᠠᠪᠤᠷ ᠲᠤ ᠬᠤᠶᠠᠷ ᠡᠲᠡᠭᠡᠳ ᠤᠨ ᠲᠤᠬᠠᠢ ᠶᠢᠨ ᠬᠥᠮᠦᠨ ᠤ ᠰᠠᠨᠠᠯ ᠢ ᠰᠣᠨᠤᠰᠴᠤ᠂ ᠬᠡᠷᠡᠭ ᠲᠤ ᠬᠤᠯᠪᠤᠭᠲᠠᠭᠰᠠᠨ ᠭᠠᠵᠠᠷ ᠰᠢᠷᠤᠢ ᠶᠢᠨ ᠣᠳᠣ ᠶᠢᠨ ᠪᠠᠢᠳᠠᠯ ᠢ ᠨᠢ ᠪᠠᠢᠴᠠᠭᠠᠨ ᠦᠵᠡᠵᠦ᠂ ᠬᠡᠷᠡᠭ ᠤᠨ ᠲᠤᠬᠠᠢ ᠪᠥᠬᠦ ᠲᠠᠯ᠎ᠠ ᠪᠠᠷ ᠣᠢᠯᠭᠠᠯᠲᠠ ᠬᠢᠪᠡ᠃ ᠡᠭᠦᠨ ᠤ ᠵᠡᠷᠭᠡᠪᠡᠷ ᠰᠢᠭᠦᠭᠴᠢ ᠡᠴᠡ ᠬᠡᠷᠡᠭ ᠪᠡᠷ ᠳᠠᠮᠵᠢᠭᠤᠯᠵᠤ ᠬᠠᠤᠯᠢ ᠶᠠᠷᠢᠬᠤ ᠬᠡᠯᠪᠡᠷᠢ ᠪᠡᠷ ᠲᠤᠬᠠᠢ ᠶᠢᠨ ᠬᠥᠮᠦᠨ ᠳᠤ ᠬᠡᠷᠡᠭ ᠤᠨ ᠳᠤᠮᠳᠠ ᠣᠷᠤᠰᠢᠵᠤ ᠪᠠᠢᠭ᠎ᠠ ᠬᠠᠤᠯᠢ ᠴᠠᠭᠠᠵᠠ ᠶᠢᠨ ᠠᠰᠠᠭᠤᠳᠠᠯ ᠢ ᠲᠣᠳᠤᠷᠬᠠᠢᠯᠠᠨ ᠶᠠᠷᠢᠵᠤ᠂ ᠬᠦᠯᠢᠴᠡᠩᠭᠦᠢ᠂ ᠨᠠᠷᠢᠯᠢᠭ ᠢᠶᠡᠷ ᠬᠤᠶᠠᠷ ᠡᠲᠡᠭᠡᠳ ᠤᠨ ᠲᠤᠬᠠᠢ ᠶᠢᠨ ᠬᠥᠮᠦᠨ ᠢ ᠤᠬᠠᠭᠤᠯᠤᠨ᠂ ᠲᠡᠳᠡᠨᠦᠰ ᠢ ᠬᠣᠯᠪᠤᠭᠳᠠᠯ ᠪᠥᠬᠦᠢ ᠬᠠᠤᠯᠢ ᠴᠠᠭᠠᠵᠠ ᠤᠨ ᠬᠠᠷᠢᠴᠠᠭ᠎ᠠ ᠪᠣᠯᠤᠨ ᠬᠠᠤᠯᠢ ᠴᠠᠭᠠᠵᠠ ᠶᠢᠨ ᠬᠠᠷᠢᠭᠤᠴᠠᠯᠭ᠎ᠠ ᠳᠤ ᠪᠥᠬᠦ ᠲᠠᠯ᠎ᠠ ᠪᠡᠷ ᠨᠠᠷᠢᠯᠢᠭ ᠣᠢᠯᠭᠠᠯᠲᠠ ᠥᠭᠪᠡ᠃ ᠬᠤᠶᠠᠷ ᠬᠡᠷᠡᠭ ᠤᠨ ᠲᠤᠬᠠᠢ ᠶᠢᠨ ᠬᠥᠮᠦᠨ ᠴᠥᠮ ᠲᠤᠬᠠᠢ ᠶᠢᠨ ᠲᠠᠯᠠᠪᠤᠷ ᠲᠤ ᠨᠢ ᠰᠢᠭᠦᠬᠦ ᠬᠤᠷᠢᠶ᠎ᠠ ᠲᠠᠢ ᠢᠳᠡᠪᠬᠢᠲᠠᠢ ᠬᠠᠮᠵᠢᠯᠴᠠᠨ ᠵᠢᠭᠤᠷᠤᠯᠳᠤᠭᠠᠨ ᠢ ᠰᠢᠢᠳᠪᠦᠷᠢᠯᠡᠨ᠎ᠡ ᠭᠡᠵᠦ ᠢᠯᠡᠷᠬᠡᠢᠯᠡᠪᠡ᠃
ᠲᠠᠷᠢᠶᠠᠨ ᠠᠵᠢᠯ ᠤᠨ ᠶᠠᠭᠠᠷᠠᠤ ᠦᠶᠡᠰ ᠰᠢᠭᠦᠭᠴᠢ ᠡᠴᠡ《 ᠬᠡᠷᠡᠭ ᠢ ᠳᠠᠭᠠᠴᠢᠯᠠᠨ ᠬᠥᠳᠡᠭᠡ ᠪᠠᠭᠤᠵᠤ》᠂ ᠲᠤᠬᠠᠢ ᠶᠢᠨ ᠬᠥᠮᠦᠨ ᠤ ᠵᠠᠭᠠᠯᠳᠤᠯᠭ᠎ᠠ ᠶᠢᠨ ᠲᠦᠪᠡᠭ ᠢ ᠬᠠᠮᠤᠭ ᠶᠡᠬᠡ ᠬᠡᠮᠵᠢᠶ᠎ᠡ ᠪᠡᠷ ᠪᠠᠭᠠᠰᠭᠠᠵᠤ᠂ ᠠᠷᠠᠳ ᠤᠨ ᠲᠥᠯᠦᠭᠡ ᠲᠥᠬᠦᠮ ᠦᠵᠡᠭᠦᠯᠦᠨ ᠬᠠᠤᠯᠢ ᠬᠡᠷᠡᠭᠵᠢᠭᠦᠯᠬᠦ ᠵᠢ ᠪᠤᠲᠠᠲᠠᠢᠵᠢᠭᠤᠯᠵᠤ᠂ ᠲᠤᠬᠠᠢ ᠶᠢᠨ ᠬᠥᠮᠦᠨ ᠤ ᠣᠢᠯᠭᠠᠯᠲᠠ ᠪᠠ ᠢᠲᠡᠭᠡᠯ ᠢ ᠣᠯᠪᠠ᠃
ᠦᠨᠡᠯᠡᠬᠦ 0ᠦᠨᠡᠯᠡᠯᠲᠡ ᠲᠠᠢ