--ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠯᠪᠠᠨ ᠭᠡᠷ ᠠᠵᠢᠯ ᠤᠨ ᠬᠠᠷᠢᠭᠤᠴᠠᠯᠭ᠎ᠠ ᠪᠡᠨ ᠨᠠᠷᠢᠯᠢᠭ ᠬᠤᠪᠢᠶᠠᠷᠢᠯᠠᠪᠠ
ᠪᠤᠲᠠᠲᠠᠢ ᠬᠠᠷᠢᠭᠤᠴᠠᠯᠭ᠎ᠠ ᠪᠡᠨ ᠲᠣᠳᠤᠷᠬᠠᠢᠯᠠᠵᠤ᠂ ᠡᠭᠦᠷᠭᠡ ᠶᠢᠨ ᠬᠤᠪᠢᠶᠠᠷᠢᠯᠠᠯ ᠢᠶᠡᠨ ᠨᠠᠷᠢᠯᠢᠭᠵᠢᠭᠤᠯᠬᠤ᠂ ᠠᠯᠪᠠᠨ ᠭᠡᠷ ᠤᠨ ᠠᠵᠢᠯ ᠢᠶᠡᠨ ᠤᠯᠠᠮ ᠨᠢᠭᠡ ᠠᠯᠬᠤᠮ ᠰᠠᠢᠨ ᠬᠢᠬᠦ ᠶᠢᠨ ᠲᠤᠯᠠᠳᠠ᠂ 9 ᠰᠠᠷ᠎ᠠ ᠶᠢᠨ22 ᠤ ᠦᠳᠡ ᠶᠢᠨ ᠡᠮᠦᠨ᠎ᠡ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠯᠪᠡᠨ ᠭᠡᠷ ᠡᠴᠡ ᠪᠥᠬᠦ ᠬᠡᠰᠢᠭᠦᠳ ᠤᠨ ᠬᠤᠷᠠᠯ ᠢ ᠬᠤᠷᠠᠯᠳᠤᠵᠤ᠂ ᠠᠯᠪᠠᠨ ᠭᠡᠷ ᠤᠨ ᠬᠡᠰᠢᠭᠦᠳ ᠤᠨ ᠠᠵᠢᠯ ᠬᠠᠷᠢᠭᠤᠴᠠᠯᠭ᠎ᠠ ᠶᠢᠨ ᠬᠤᠪᠢᠶᠠᠷᠯᠠᠯᠯ ᠤᠨ ᠲᠥᠷᠦᠯ ᠢ ᠰᠤᠳᠤᠯᠤᠨ ᠳᠤᠭᠲᠠᠭᠠᠵᠤ᠂ ᠵᠡᠷᠭᠡᠪᠡᠷ ᠡᠳᠦᠷ ᠲᠤᠳᠤᠮ ᠤᠨ ᠠᠵᠢᠯ ᠳᠤ ᠪᠤᠲᠠᠲᠠᠢ ᠱᠠᠭᠠᠷᠳᠠᠯᠭ᠎ᠠ ᠳᠤᠷᠠᠳᠪᠠ᠃
ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠶᠢᠨ ᠲᠤᠤᠱᠯᠠᠬᠤ ᠵᠢ ᠳᠠᠭᠠᠯᠳᠤᠨ᠂ ᠠᠯᠪᠠᠨ ᠭᠡᠷ ᠤᠨ ᠵᠥᠪᠯᠡᠭᠴᠢ ᠲᠤᠰᠠᠯᠠᠭᠴᠢ᠂ ᠶᠡᠷᠦᠩᠬᠡᠢᠯᠡᠨ ᠵᠣᠬᠢᠴᠠᠭᠤᠯᠬᠤ᠂ ᠬᠥᠭᠦᠷᠭᠡ ᠬᠣᠯᠪᠤᠭᠠᠰᠤ ᠶᠢᠨ ᠦᠢᠯᠡᠳᠦᠯ ᠤᠯᠠᠮ ᠲᠣᠳᠤᠷᠬᠠᠢ ᠪᠣᠯᠵᠤ᠂ ᠠᠯᠪᠠᠨ ᠭᠡᠷ ᠤᠨ ᠠᠵᠢᠯ ᠳᠤ ᠨᠡᠩ ᠥᠨᠳᠦᠷ ᠱᠠᠭᠠᠷᠳᠠᠯᠭ᠎ᠠ ᠲᠠᠢ ᠪᠣᠯᠪᠠ᠃ ᠣᠢᠷ᠎ᠠ ᠶᠢᠨ ᠬᠤᠭᠤᠴᠠᠭᠠᠨ ᠳᠤ᠂ ᠠᠯᠪᠠᠨ ᠭᠡᠷ ᠤᠨ ᠬᠢᠨᠢ ᠡᠯ᠎ᠡ ᠲᠥᠷᠦᠯ ᠤᠨ ᠠᠵᠢᠯ ᠢᠶᠡᠨ ᠡᠮᠬᠢᠯᠡᠨ ᠲᠢᠭᠯᠡᠬᠦ ᠪᠡᠷ ᠳᠠᠮᠵᠢᠨ᠂ ᠬᠥᠮᠦᠨ ᠨᠢᠭᠡᠪᠦᠷᠢ ᠶᠢᠨ ᠪᠤᠲᠠᠲᠠᠢ ᠬᠠᠷᠢᠭᠤᠴᠠᠬᠤ ᠠᠵᠢᠯ ᠤᠨ ᠠᠭᠤᠯᠭ᠎ᠠ ᠵᠢ ᠲᠣᠳᠤᠷᠬᠠᠢᠯᠠᠨ ᠥᠭᠪᠡ᠃ ᠠᠯᠪᠠᠨ ᠭᠡᠷ ᠤᠨ ᠬᠡᠰᠢᠭᠦᠳ ᠤᠨ ᠠᠵᠢᠯ ᠤᠨ ᠬᠤᠪᠢᠶᠠᠷᠢᠯᠠᠯ ᠠᠳᠠᠯᠢ ᠦᠭᠡᠢ᠂ ᠠᠵᠢᠯ ᠤᠨ ᠠᠭᠤᠯᠭ᠎ᠠ ᠲᠤᠰ ᠲᠤᠰ ᠤᠨ ᠭᠣᠣᠯᠳᠠᠯᠭ᠎ᠠ ᠲᠠᠢ ᠪᠠᠢᠬᠤ ᠪᠠᠢᠳᠠᠯ ᠳᠤ ᠴᠢᠭᠯᠡᠭᠦᠯᠦᠨ᠂ ᠬᠤᠷᠠᠯ ᠨᠢ ᠠᠵᠢᠯ ᠤᠨ ᠪᠠᠢᠷᠢ ᠶᠢᠨ ᠬᠠᠷᠢᠭᠤᠴᠠᠯᠭ᠎ᠠ᠂ ᠬᠠᠷᠢᠭᠤᠴᠠᠯᠭᠠᠲᠤ ᠰᠡᠳᠭᠢᠯᠭᠡ᠂ ᠭᠦᠢᠴᠡᠳᠬᠡᠬᠦ ᠬᠦᠴᠦᠨ᠂ ᠪᠦᠯᠭᠦᠮ ᠤᠨ ᠬᠠᠮᠲᠤᠷᠠᠯᠴᠠᠭ᠎ᠠ᠂ ᠠᠵᠢᠯ ᠤᠨ ᠣᠪᠤᠷ᠂ ᠠᠵᠢᠯ ᠤᠨ ᠪᠦᠲᠦᠮᠵᠢ ᠵᠡᠷᠭᠡ ᠲᠠᠯ᠎ᠠ ᠪᠡᠷ ᠪᠥᠬᠦ ᠠᠯᠪᠠᠨ ᠭᠡᠷ ᠤᠨ ᠬᠡᠰᠢᠭᠦᠳ ᠲᠤ ᠲᠣᠳᠤᠷᠬᠠᠢ ᠱᠠᠭᠠᠷᠳᠠᠯᠭ᠎ᠠ ᠳᠤᠷᠠᠳᠤᠨ᠂ ᠰᠢᠭᠦᠬᠦ ᠬᠣᠷᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢᠲᠤ ᠰᠠᠯᠠᠭ᠎ᠠ ᠮᠥᠴᠢᠷ ᠤᠨ ᠠᠵᠢᠯᠲᠠᠨ ᠪᠣᠯᠤᠭᠰᠠᠨ ᠤ ᠬᠤᠪᠢ ᠳᠤ᠂ ᠡᠳᠦᠷ ᠲᠤᠳᠤᠮ ᠤᠨ ᠠᠵᠢᠯ ᠳᠤᠮᠳᠠ ᠥᠪᠡᠷ ᠤᠨ ᠪᠡᠶ᠎ᠡ ᠶᠢᠨ ᠠᠵᠢᠯ ᠤᠨ ᠰᠤᠷᠤᠯᠴᠠᠯᠭ᠎ᠠ ᠪᠠ ᠶᠡᠷᠦᠩᠬᠡᠢᠯᠡᠭᠰᠡᠨ ᠬᠡᠪ ᠴᠢᠨᠠᠷ ᠢᠶᠡᠨ ᠳᠡᠭᠡᠭᠰᠢᠭᠦᠯᠬᠦ ᠵᠢ ᠨᠡᠩ ᠴᠢᠬᠤᠯᠠᠴᠢᠯᠠᠬᠤ ᠬᠡᠷᠡᠭᠲᠠᠢ ᠭᠡᠪᠡ᠃
ᠠᠯᠪᠠᠨ ᠭᠡᠷ ᠤᠨ ᠡᠷᠬᠢᠯᠡᠭᠴᠢ ᠸᠠᠩ ᠷᠦᠢ ᠱᠠᠨ ᠬᠤᠷᠠᠯ ᠳᠡᠭᠡᠷ᠎ᠡ ᠠᠯᠪᠠᠨ ᠭᠡᠷ ᠤᠨ ᠪᠥᠬᠦ ᠠᠵᠢᠯᠲᠠᠨ《 ᠠᠵᠢᠯ ᠢᠶᠡᠨ ᠬᠤᠪᠢᠶᠠᠷᠢᠯᠠᠬᠤ ᠡᠴᠡ ᠪᠢᠰᠢ ᠭᠡᠷ ᠢᠶᠡᠨ ᠬᠤᠪᠢᠶᠠᠬᠤ ᠦᠭᠡᠢ᠂ ᠪᠠᠢᠷᠢ ᠨᠥᠬᠦᠬᠦ ᠡᠴᠡ ᠪᠢᠰᠢ ᠪᠠᠢᠷᠢ ᠡᠴᠡ ᠪᠡᠨ ᠳᠤᠲᠠᠬᠤ ᠦᠭᠡᠢ᠂ ᠬᠠᠷᠢᠯᠴᠠᠨ ᠬᠠᠪᠰᠤᠷᠠᠯᠴᠠᠨ᠂ ᠬᠠᠷᠢᠯᠴᠠᠨ ᠲᠦᠯᠬᠢᠯᠴᠡᠬᠦ ᠦᠭᠡᠢ》 ᠵᠠᠷᠴᠢᠮ ᠢ ᠵᠢᠷᠤᠮᠯᠠᠬᠤ ᠵᠢ ᠱᠠᠭᠠᠷᠳᠠᠵᠤ᠂ ᠶᠡᠷᠦᠩᠬᠡᠢᠯᠡᠨ ᠵᠣᠬᠢᠴᠠᠭᠤᠯᠬᠤ ᠵᠢ ᠴᠢᠩᠭᠠᠳᠭᠠᠨ᠂ ᠡᠯ᠎ᠡ ᠲᠠᠯ᠎ᠠ ᠵᠢ ᠵᠣᠬᠢᠰᠲᠠᠢ ᠵᠣᠬᠢᠴᠠᠭᠤᠯᠵᠤ᠂ ᠠᠯᠪᠠᠨ ᠭᠡᠷ ᠤᠨ ᠡᠯ᠎ᠡ ᠲᠥᠷᠦᠯ ᠤᠨ ᠠᠵᠢᠯ ᠢ ᠬᠠᠷᠢᠯᠴᠠᠨ ᠨᠡᠪᠲᠡᠷᠡᠭᠦᠯᠵᠦ᠂ ᠠᠯᠪᠠᠨ ᠭᠡᠷ ᠤᠨ ᠠᠵᠢᠯ ᠤᠨ ᠬᠠᠷᠢᠭᠤᠴᠠᠯᠭ᠎ᠠ ᠪᠡᠨ ᠰᠠᠢᠲᠤᠷ ᠭᠦᠢᠴᠡᠳᠬᠡᠬᠦ ᠬᠡᠷᠡᠭᠲᠠᠢ ᠭᠡᠪᠡ᠃ ᠡᠭᠦᠨ ᠤ ᠵᠡᠷᠭᠡᠪᠡᠷ ᠠᠵᠢᠯ ᠲᠠᠢ ᠬᠤᠯᠪᠤᠭᠲᠠᠯ ᠲᠠᠢ ᠤᠴᠢᠷ ᠶᠠᠪᠤᠳᠠᠯ ᠢ ᠰᠡᠳᠭᠢᠯ ᠲᠠᠯᠪᠢᠨ ᠰᠤᠷᠤᠯᠴᠠᠬᠤ ᠬᠡᠷᠡᠭᠲᠠᠢ ᠭᠡᠵᠦ ᠤᠯᠠᠨ ᠢ ᠱᠠᠭᠠᠷᠳᠠᠪᠠ᠃ ᠡᠳᠦᠷ ᠲᠤᠳᠤᠮ ᠤᠨ ᠠᠵᠢᠯ ᠳᠤᠮᠳᠠ ᠳᠤᠬᠢᠲᠠᠢ ᠠᠷᠭ᠎ᠠ ᠪᠠᠷᠢᠯ᠂ ᠥᠨᠳᠦᠷ ᠪᠥᠲᠦᠮᠵᠢᠲᠠᠢ ᠠᠵᠢᠯ ᠤᠨ ᠮᠡᠷᠭᠡᠵᠢᠯ ᠢᠶᠡᠷ ᠵᠠᠰᠠᠭ ᠤᠨ ᠶᠠᠪᠤᠳᠠᠯ ᠢ ᠰᠢᠢᠳᠪᠦᠷᠢᠯᠡᠬᠦ ᠵᠢ ᠤᠬᠠᠮᠰᠠᠷ ᠡᠴᠡ ᠪᠡᠨ ᠰᠤᠷᠤᠯᠴᠠᠵᠤ᠂ ᠠᠵᠢᠯ ᠤᠨ ᠪᠦᠲᠦᠮᠵᠢ ᠪᠡᠨ ᠳᠡᠭᠡᠭᠰᠢᠯᠡᠭᠦᠯᠦᠨ᠂ ᠰᠢᠭᠦᠬᠦ ᠬᠣᠷᠢᠶᠠᠨ ᠤ ᠭᠠᠳᠠᠭᠠᠳᠤ ᠳᠤ ᠤᠬᠠᠭᠤᠯᠬᠤ᠂ ᠰᠢᠭᠦᠬᠦ ᠬᠣᠷᠢᠶᠠᠨ ᠤ ᠥᠪᠡᠷ ᠤᠨ ᠮᠡᠳᠡᠭᠡᠯᠡᠯ ᠵᠠᠭᠤᠴᠢ ᠵᠢ ᠪᠦᠲᠦᠭᠡᠨ ᠪᠠᠢᠭᠤᠯᠬᠤ ᠵᠢᠴᠢ ᠪᠢᠴᠢᠭ᠌ ᠬᠠᠷ᠎ᠠ ᠮᠡᠳᠡᠭᠡ ᠵᠠᠩᠭᠢ ᠶᠢᠨ ᠠᠵᠢᠯ ᠢᠶᠡᠨ ᠤᠯᠠᠮ ᠨᠢᠭᠡ ᠠᠯᠬᠤᠮ ᠴᠢᠩᠭᠠᠳᠬᠠᠬᠤ ᠵᠢ ᠱᠠᠭᠠᠷᠳᠠᠵᠤ᠂ ᠰᠢᠭᠦᠬᠦ ᠬᠣᠷᠢᠶᠠᠨ ᠤ ᠮᠡᠳᠡᠭᠡ ᠵᠠᠩᠭᠢ ᠶᠢᠨ ᠰᠢᠢᠳᠪᠦᠷᠢᠲᠦ ᠪᠣᠳᠤᠯᠭ᠎ᠠ ᠶᠢᠨ ᠯᠠᠪᠯᠠᠯᠲᠠ ᠪᠣᠯᠬᠤ ᠦᠢᠯᠡᠳᠦᠯ ᠢ ᠬᠠᠮᠤᠭ ᠶᠡᠬᠡ ᠬᠡᠮᠵᠢᠶ᠎ᠡ ᠪᠡᠷ ᠪᠠᠳᠠᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠳᠤᠭᠲᠠᠯᠴᠠᠭ᠎ᠠ ᠶᠢᠨ ᠥᠭᠡᠷᠡᠴᠢᠯᠡᠯᠲᠡ ᠦᠨᠳᠦᠰᠦ ᠬᠠᠳᠭᠤᠨ ᠦᠷ᠎ᠡ ᠵᠢᠮᠢᠰ ᠰᠠᠭᠤᠬᠤ ᠳᠤ ᠳᠡᠮᠵᠢᠯᠭᠡ ᠦᠵᠡᠭᠦᠯᠬᠦ ᠬᠡᠷᠡᠭᠲᠠᠢ ᠭᠡᠪᠡ᠃
ᠦᠨᠡᠯᠡᠬᠦ 0ᠦᠨᠡᠯᠡᠯᠲᠡ ᠲᠠᠢ