ᠬᠠᠤᠯᠢ ᠴᠠᠭᠠᠵᠠ ᠶᠢᠨ ᠳᠤᠭᠲᠠᠴᠠ ᠶᠢᠨ ᠥᠭᠡᠷᠡᠴᠢᠯᠡᠯᠲᠡ ᠵᠢ ᠡᠬᠢᠯᠡᠭᠦᠯᠦᠭᠰᠡᠨ ᠡᠴᠡ ᠨᠠᠰᠢ᠂ ᠦᠦᠰᠢᠨ ᠬᠣᠰᠢᠭᠤᠨ ᠤ ᠰᠢᠭᠦᠬᠦ ᠬᠤᠷᠢᠶ᠎ᠠ ᠨᠢ ᠳᠡᠭᠡᠳᠦ ᠱᠠᠲᠤᠨ ᠤ ᠰᠢᠭᠦᠬᠦ ᠬᠣᠷᠢᠶᠠᠨ ᠤ ᠱᠠᠭᠠᠷᠳᠠᠯᠭ᠎ᠠ ᠵᠢ ᠬᠢᠨᠠᠮᠠᠭᠠᠢ ᠲᠤᠤᠱᠯᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠡᠨᠡᠬᠦ ᠴᠢᠬᠤᠯᠠ ᠴᠢᠭ ᠵᠢ ᠴᠢᠩᠭ᠎ᠠ ᠠᠳᠭᠤᠵᠤ᠂ ᠭᠦᠢᠴᠡᠳ ᠰᠤᠲᠤᠯᠤᠭᠰᠠᠨ ᠤ ᠰᠠᠭᠤᠷᠢᠨ ᠳᠡᠭᠡᠷ᠎ᠡ᠂ ᠥᠭᠡᠷᠡᠴᠢᠯᠡᠯᠲᠡ ᠶᠢᠨ ᠴᠢᠬᠤᠯᠠ ᠬᠤᠭᠤᠴᠠᠭ᠎ᠠ ᠪᠣᠯᠤᠨ ᠵᠠᠮ ᠱᠤᠭᠤᠮ ᠲᠠᠢ ᠤᠶᠠᠯᠳᠤᠭᠤᠯᠤᠨ᠂ ᠵᠠᠩᠭᠢᠯᠠᠭ᠎ᠠ ᠵᠢ ᠠᠳᠭᠤᠨ᠂ ᠲᠤᠰ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢᠨ ᠶᠡᠷᠦᠩᠬᠡᠢ ᠱᠤᠭᠤᠮ ᠢ ᠴᠢᠩᠭ᠎ᠠ ᠵᠢᠷᠤᠮᠯᠠᠨ᠂《ᠵᠢᠷᠭᠤᠭᠠᠨ ᠠᠯᠬᠤᠮ ᠶᠠᠪᠤᠬᠤ》 ᠪᠡᠷ ᠥᠭᠡᠷᠡᠴᠢᠯᠡᠯᠲᠡ ᠶᠢᠨ ᠠᠵᠢᠯ ᠵᠢᠴᠢ ᠡᠯ᠎ᠡ ᠲᠥᠷᠦᠯ ᠤᠨ ᠠᠵᠢᠯ ᠢ ᠯᠠᠪᠲᠠᠭᠤᠨ ᠢᠶᠡᠷ ᠠᠬᠢᠭᠤᠯᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠵᠢ ᠠᠮᠵᠢᠯᠲᠠ ᠲᠠᠢ ᠳᠠᠭᠤᠰᠭᠠᠪᠠ᠃ ᠡᠨᠡ ᠬᠤᠭᠤᠴᠠᠭᠠᠨ ᠳᠤ᠂ ᠪᠥᠬᠦ ᠬᠣᠷᠢᠶᠠᠨ ᠤ ᠰᠢᠭᠦᠨ ᠭᠦᠢᠴᠡᠳᠬᠡᠬᠦ ᠡᠯ᠎ᠡ ᠲᠥᠷᠦᠯ ᠤᠨ ᠠᠵᠢᠯ ᠮᠠᠰᠢ ᠰᠠᠢᠨ ᠶᠠᠪᠤᠭᠳᠠᠵᠤ᠂ ᠥᠭᠡᠷᠡᠴᠢᠯᠡᠯᠲᠡ ᠶᠢᠨ ᠡᠮᠦᠨ᠎ᠡ ᠬᠣᠢᠨᠠᠬᠢ ᠳᠤᠭᠲᠠᠭᠤᠨ ᠢᠶᠡᠷ ᠰᠢᠯᠵᠢᠬᠦ ᠵᠢ ᠪᠡᠶᠡᠯᠡᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠠᠩᠬ᠎ᠠ ᠠᠯᠬᠤᠮ ᠲᠣᠳᠤᠷᠠᠪᠠ᠃
ᠨᠢᠭᠡ ᠳᠤ《28+1》 ᠰᠢᠨ᠎ᠡ ᠬᠡᠯᠪᠡᠷᠢ ᠶᠢᠨ ᠰᠢᠭᠦᠨ ᠳᠠᠰᠤᠯᠠᠬᠤ ᠪᠥᠷᠢᠯᠳᠡᠭᠦᠨ ᠤ ᠬᠡᠯᠪᠡᠷᠢ ᠵᠢ ᠪᠠᠢᠭᠤᠯᠪᠠ᠃ ᠤᠤᠯ ᠤᠨ ᠪᠠᠢᠭᠰᠠᠨ ᠪᠠᠢᠭᠤᠯᠤᠮᠵᠢ ᠶᠢᠨ ᠣᠷᠤᠨ ᠲᠣᠭ᠎ᠠ ᠵᠢ ᠦᠯᠡᠳᠡᠭᠡᠭᠰᠡᠨ ᠤ ᠰᠠᠭᠤᠷᠢᠨ ᠳᠡᠭᠡᠷ᠎ᠡ᠂ ᠣᠳᠣ ᠶᠢᠨ ᠪᠠᠢᠭ᠎ᠠ ᠲᠤᠳᠤᠭᠠᠳᠤ ᠳᠤ ᠪᠡᠨ ᠪᠠᠢᠭᠤᠯᠤᠭᠰᠠᠨ ᠪᠠᠢᠭᠤᠯᠤᠮᠵᠢ ᠵᠢ ᠬᠡᠢᠰᠪᠦᠷᠢ ᠪᠣᠯᠭᠠᠵᠤ᠂ ᠲᠠᠬᠢᠨ ᠰᠢᠭᠦᠭᠴᠢ ᠳᠠᠷᠤᠭ᠎ᠠ᠂ ᠭᠦᠢᠴᠡᠳᠭᠡᠭᠴᠢ ᠳᠠᠷᠤᠭ᠎ᠠ ᠵᠢᠴᠢ ᠪᠦᠯᠭᠦᠮ ᠤᠨ ᠳᠠᠷᠤᠭ᠎ᠠ ᠪᠡᠷ ᠲᠥᠪ ᠪᠣᠯᠭᠠᠭᠰᠠᠨ ᠠᠵᠢᠯ ᠤᠨ ᠪᠦᠯᠭᠦᠮ ᠢ ᠪᠠᠢᠭᠤᠯᠵᠤ᠂《1+1+2》 ᠢᠶᠡᠷ ᠪᠠᠷᠢᠮᠵᠢᠶ᠎ᠠ ᠪᠣᠯᠭᠠᠨ᠂ ᠡᠭᠦᠨ ᠤ ᠵᠡᠷᠭᠡᠪᠡᠷ ᠪᠦᠯᠭᠦᠮ ᠤᠨ ᠦᠢᠯᠡᠴᠢᠯᠡᠭᠡᠨ ᠤ ᠣᠨᠴᠠᠯᠢᠭ ᠪᠠ ᠠᠵᠢᠯ ᠤᠨ ᠬᠡᠷᠡᠭᠴᠡᠭᠡᠨ ᠳᠤ ᠥᠨᠳᠤᠰᠦᠯᠡᠨ᠂《1+1+2》᠂《1+N》 ᠵᠡᠷᠭᠡ ᠵᠣᠬᠢᠶᠠᠨ ᠪᠠᠢᠭᠤᠯᠬᠤ ᠬᠡᠯᠪᠡᠷᠢ ᠵᠢ ᠠᠮᠢᠳᠤᠯᠢᠭ ᠢᠶᠡᠷ ᠬᠡᠷᠡᠭᠯᠡᠨ᠂ ᠮᠥᠨ ᠪᠦᠯᠭᠦᠮ ᠤᠨ ᠠᠵᠢᠯ ᠤᠨ ᠬᠡᠮᠵᠢᠶ᠎ᠡ ᠪᠠ ᠠᠵᠢᠯ ᠤᠨ ᠬᠦᠴᠢᠷ ᠲᠠᠢ ᠤᠶᠠᠯᠳᠤᠭᠤᠯᠤᠨ᠂ ᠬᠠᠮᠤᠭ ᠰᠡᠭᠦᠯ ᠳᠤ ᠨᠢ28 ᠰᠢᠭᠦᠨ ᠳᠠᠰᠤᠯᠠᠬᠤ᠂ ᠭᠦᠢᠴᠡᠳᠬᠡᠬᠦ ᠪᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠦᠯᠭᠦᠮ ᠢ ᠪᠠᠢᠭᠤᠯᠤᠨ ᠵᠡᠷᠭᠡᠪᠡᠷ ᠪᠠᠢᠴᠠᠭᠠᠬᠤ ᠳᠠᠰᠤᠭ ᠢ ᠦᠯᠡᠳᠡᠭᠡᠨ᠂ ᠪᠥᠬᠦ ᠬᠣᠷᠢᠶᠠᠨ ᠤ ᠪᠦᠲᠦᠴᠡ ᠵᠢ《28+1》 ᠬᠡᠯᠪᠡᠷᠢ ᠪᠡᠷ ᠪᠠᠢᠭᠤᠯᠵᠤ᠂ ᠵᠡᠷᠭᠡᠴᠡᠭᠦᠯᠦᠨ ᠬᠠᠮᠢᠶᠠᠷᠬᠤ ᠵᠢ ᠪᠤᠲᠠᠲᠠᠢᠵᠢᠭᠤᠯᠪᠠ᠃
ᠬᠤᠶᠠᠷ ᠲᠤ ᠥᠷᠢᠰᠦᠯᠳᠦᠬᠦ ᠳᠤᠭᠲᠠᠴᠠ ᠵᠢ ᠣᠷᠤᠭᠤᠯᠵᠤ ᠪᠦᠯᠭᠦᠮ ᠤᠨ ᠳᠠᠷᠤᠭ᠎ᠠ ᠵᠢ ᠢᠯᠡ ᠪᠡᠷ ᠰᠣᠩᠭᠤᠨ ᠳᠡᠪᠰᠢᠭᠦᠯᠪᠡ᠃ ᠪᠦᠯᠭᠦᠮ ᠤᠨ ᠳᠠᠷᠤᠭ᠎ᠠ ᠨᠢ ᠰᠢᠯᠵᠢᠨ ᠡᠭᠦᠷᠭᠡᠯᠡᠬᠦ ᠪᠠ ᠰᠣᠩᠭᠤᠨ ᠡᠭᠦᠷᠭᠡᠯᠡᠬᠦ ᠬᠤᠶᠠᠷ ᠬᠡᠯᠪᠡᠷᠢ ᠪᠠᠢᠵᠤ᠂ ᠪᠦᠬᠦ ᠬᠣᠷᠢᠶᠠᠨ ᠤ ᠬᠡᠪᠴᠢᠶᠠᠨ ᠳᠤ ᠢᠯᠡ ᠪᠡᠷ ᠡᠯᠰᠡᠵᠤ᠂ ᠨᠢᠭᠡ ᠪᠥᠯᠦᠭ ᠤᠯᠤᠰ ᠲᠥᠷᠦ ᠶᠢᠨ ᠬᠡᠪ ᠴᠢᠨᠠᠷ ᠰᠠᠢᠨ᠂ ᠠᠵᠢᠯ ᠤᠨ ᠴᠢᠳᠠᠪᠤᠷᠢ ᠰᠢᠯᠢᠳᠡᠭ᠂ ᠬᠡᠷᠡᠭ ᠰᠢᠢᠳᠪᠦᠷᠢᠯᠡᠬᠦ ᠬᠢᠷᠢ ᠳᠥᠪᠰᠢᠨ ᠥᠨᠳᠦᠷ᠂ ᠠᠷᠢᠭᠤᠨ ᠴᠢᠭᠡᠴᠢ ᠥᠪᠡᠷ ᠤᠨ ᠬᠠᠮᠢᠶᠠᠷᠤᠯᠲᠠ ᠰᠠᠢᠨ ᠰᠢᠯᠢᠳᠡᠭ ᠰᠢᠭᠦᠭᠴᠢ᠂ ᠰᠢᠯᠢᠳᠡᠭ ᠺᠠᠲᠠᠷ ᠴᠠᠭᠳᠠᠭᠠᠨ ᠡᠴᠡ ᠰᠣᠩᠭᠤᠵᠤ ᠰᠢᠭᠦᠭᠴᠢ ᠳᠠᠷᠤᠭ᠎ᠠ᠂ ᠭᠦᠢᠴᠡᠳᠭᠡᠭᠴᠢ ᠳᠠᠷᠤᠭ᠎ᠠ᠂ ᠪᠦᠯᠭᠦᠮ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠤᠯᠪᠠ᠃ ᠢᠯᠡ ᠪᠡᠷ ᠨᠡᠷ᠎ᠡ ᠮᠡᠳᠡᠭᠦᠯᠵᠦ᠂ ᠬᠢᠷᠢ ᠬᠡᠮ ᠢ ᠨᠢ ᠰᠢᠯᠭᠠᠨ ᠪᠠᠢᠴᠠᠭᠠᠭᠰᠠᠨ ᠤ ᠳᠠᠷᠠᠭ᠎ᠠ᠂ ᠢᠯᠡ ᠪᠡᠷ ᠪᠦᠯᠭᠦᠮ ᠤᠨ ᠳᠠᠷᠤᠭ᠎ᠠ ᠶᠢᠨ ᠥᠷᠢᠰᠦᠯᠳᠦᠭᠡᠨ ᠤ ᠶᠠᠷᠢᠶ᠎ᠠ ᠢᠯᠡᠳᠭᠡᠯ ᠪᠠ ᠠᠷᠠᠳᠴᠢᠯᠠᠭᠰᠠᠨ ᠦᠨᠡᠯᠡᠯᠲᠡ ᠬᠢᠵᠦ᠂ ᠬᠣᠰᠢᠭᠤᠨ ᠤ ᠨᠠᠮ ᠤᠨ ᠬᠣᠷᠢᠶᠠᠨ ᠤ ᠵᠣᠬᠢᠶᠠᠨ ᠪᠠᠢᠭᠤᠯᠬᠤ ᠬᠡᠯᠲᠡᠰ᠂ ᠤᠯᠤᠰ ᠲᠥᠷᠦ ᠬᠠᠤᠯᠢ ᠴᠠᠭᠠᠵᠠ ᠶᠢᠨ ᠬᠡᠯᠲᠡᠰ ᠤᠨ ᠤᠳᠤᠷᠢᠳᠤᠯᠭ᠎ᠠ ᠵᠢ ᠤᠷᠢᠨ ᠪᠥᠬᠦ ᠶᠠᠪᠤᠴᠠ ᠶᠢᠨ ᠬᠢᠨᠠᠯᠲᠠ ᠲᠠᠯᠪᠢᠬᠤ ᠳᠤ ᠣᠷᠤᠯᠴᠠᠭᠤᠯᠵᠤ᠂ ᠲᠤᠬᠠᠢ ᠶᠢᠨ ᠲᠠᠯᠠᠪᠤᠷ ᠲᠤ ᠨᠢ ᠬᠤᠪᠢ ᠣᠯᠭᠤᠨ᠂ ᠦᠷ᠎ᠡ ᠳ᠋ᠦᠩ ᠢ ᠨᠢ ᠨᠡᠢᠲᠡᠯᠡᠬᠦ ᠪᠡᠷ ᠲᠠᠮᠵᠢᠨ ᠥᠭᠡᠷᠡᠴᠢᠯᠡᠯᠲᠡ ᠶᠢᠨ ᠢᠯᠡ ᠲᠣᠳᠤᠷᠬᠠᠢ ᠪᠠᠢᠬᠤ ᠵᠢ ᠬᠠᠮᠤᠭ ᠶᠡᠬᠡ ᠪᠡᠷ ᠢᠯᠡᠷᠡᠭᠦᠯᠵᠦ᠂ ᠨᠡᠢᠲᠡ28 ᠪᠦᠯᠭᠦᠮ ᠤᠨ ᠲᠠᠷᠤᠭ᠎ᠠ᠂5 ᠳᠡᠳ᠋ ᠪᠦᠯᠭᠦᠮ ᠤᠨ ᠳᠠᠷᠤᠭ᠎ᠠ ᠵᠢ ᠲᠤᠰᠢᠶᠠᠯ ᠳᠤ ᠲᠣᠮᠢᠯᠠᠭᠰᠠᠨ ᠪᠠᠢᠨ᠎ᠠ᠃
ᠭᠤᠷᠪᠠ ᠳᠤ ᠬᠣᠣᠰ ᠴᠢᠭᠯᠡᠯ ᠢᠶᠡᠷ ᠰᠣᠩᠭᠤᠵᠤ ᠥᠨᠳᠦᠷ ᠪᠦᠲᠦᠮᠵᠢᠲᠡᠢ ᠰᠢᠭᠦᠨ ᠳᠠᠰᠤᠯᠠᠬᠤ ᠪᠦᠯᠭᠦᠮ ᠢ ᠪᠠᠢᠭᠤᠯᠬᠤ ᠵᠢ ᠬᠡᠷᠡᠭᠵᠢᠭᠦᠯᠪᠡ᠃ ᠬᠥᠮᠦᠨ ᠢ ᠰᠤᠩᠭᠤᠬᠤ᠂ ᠠᠵᠢᠯ ᠤᠨ ᠪᠠᠢᠷᠢ ᠵᠢ ᠰᠢᠨᠵᠢᠯᠡᠬᠦ ᠤᠬᠠᠭᠠᠨᠴᠢ ᠪᠡᠷ ᠲᠣᠬᠢᠷᠠᠭᠤᠯᠵᠤ᠂ ᠰᠢᠭᠦᠨ ᠳᠠᠰᠤᠯᠠᠬᠤ ᠡᠬᠢ ᠪᠠᠶᠠᠯᠢᠭ ᠢ ᠲᠣᠬᠢᠷᠠᠭᠤᠯᠬᠤ ᠵᠢ ᠰᠢᠯᠢᠳᠡᠭᠵᠢᠭᠦᠯᠵᠦ᠂ ᠬᠥᠮᠦᠨ ᠤ ᠴᠢᠳᠠᠪᠤᠷᠢ ᠵᠢ ᠭᠦᠢᠴᠡᠳ ᠪᠠᠳᠠᠷᠠᠭᠤᠯᠬᠤ ᠵᠢ ᠪᠠᠲᠤᠯᠠᠬᠤ ᠶᠢᠨ ᠲᠥᠯᠦᠭᠡ᠂ ᠬᠣᠣᠰ ᠴᠢᠭᠯᠡᠯ ᠢᠶᠡᠷ ᠰᠤᠩᠭᠤᠬᠤ ᠪᠣᠯᠤᠨ ᠨᠠᠮ ᠤᠨ ᠤᠳᠤᠷᠢᠳᠬᠤ ᠳᠤᠭᠤᠢᠯᠠᠩ ᠡᠴᠡ ᠳᠤᠭᠲᠠᠬᠤ ᠵᠢ ᠬᠠᠷᠢᠯᠴᠠᠨ ᠤᠶᠠᠯᠳᠤᠭᠤᠯᠬᠤ ᠬᠡᠯᠪᠡᠷᠢ ᠵᠢ ᠳᠤᠭᠲᠠᠵᠤ᠂ ᠳᠠᠷᠤᠢ ᠡᠯ᠎ᠡ ᠪᠦᠯᠭᠦᠮ ᠤᠨ ᠰᠢᠭᠦᠭᠴᠢ ᠳᠠᠷᠤᠭ᠎ᠠ᠂ ᠭᠦᠢᠴᠡᠳᠭᠡᠭᠴᠢ ᠳᠠᠷᠤᠭ᠎ᠠ ᠵᠢ ᠪᠥᠬᠦ ᠬᠣᠷᠢᠶᠠᠨ ᠤ ᠬᠡᠪᠴᠢᠶᠡᠨ ᠳᠣᠲᠤᠷ᠎ᠠ ᠠᠵᠢᠯ ᠤᠨ ᠪᠠᠢᠷᠢ ᠶᠢᠨ ᠨᠥᠬᠦᠴᠡᠯ ᠳᠤ ᠨᠡᠢᠴᠡᠬᠦ ᠬᠥᠮᠦᠨ ᠡᠴᠡ ᠰᠣᠩᠭᠤᠵᠤ᠂ ᠪᠥᠬᠦ ᠬᠣᠷᠢᠶᠠᠨ ᠤ ᠡᠯ᠎ᠡ ᠰᠢᠭᠦᠭᠴᠢ( ᠬᠠᠪᠰᠤᠷᠤᠭᠴᠢ ᠰᠢᠭᠦᠭᠴᠢ)᠂ ᠬᠠᠤᠯᠢ ᠬᠡᠷᠡᠭᠵᠢᠭᠦᠯᠦᠯᠲᠡ ᠶᠢᠨ ᠬᠠᠪᠰᠤᠷᠤᠭᠴᠢ ᠵᠢᠴᠢ ᠪᠤᠰᠤᠳ ᠠᠵᠢᠯ ᠤᠨ ᠬᠥᠮᠦᠰ ᠪᠦᠯᠭᠦᠮ ᠢᠶᠡᠨ ᠥᠪᠡᠷᠲᠡᠭᠡᠨ ᠰᠣᠩᠭᠤᠵᠤ᠂ ᠬᠣᠣᠰ ᠴᠢᠭᠯᠡᠯ ᠢᠶᠡᠷ ᠰᠣᠩᠭᠤᠭᠰᠠᠨ ᠤ ᠳᠠᠷᠠᠭ᠎ᠠ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠡᠴᠡ ᠬᠠᠮᠤᠭ ᠡᠴᠦᠰ ᠤᠨ ᠰᠣᠩᠭᠤᠯᠲᠠ ᠵᠢ ᠪᠠᠲᠤᠯᠠᠨ᠎ᠠ᠃ ᠲᠤᠰ ᠤᠳᠠᠭᠠᠨ ᠤ ᠬᠥᠮᠦᠰ ᠤᠨ ᠲᠣᠬᠢᠷᠠᠭᠤᠯᠤᠯᠲᠠ ᠨᠢ ᠰᠢᠭᠦᠨ ᠳᠠᠰᠤᠯᠠᠬᠤ᠂ ᠭᠦᠢᠴᠡᠳᠬᠡᠬᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠵᠡᠷᠭᠡ ᠪᠥᠬᠦ27 ᠪᠦᠯᠭᠦᠮ ᠪᠠ122 ᠨᠡᠷ᠎ᠡ ᠺᠠᠲᠠᠷ ᠴᠠᠭᠳᠠᠭ᠎ᠠ ᠲᠠᠢ ᠬᠣᠯᠪᠤᠭᠳᠠᠵᠤ᠂《 ᠳᠠᠭᠠᠤ ᠴᠢᠭᠯᠡᠯ- ᠡᠰᠡᠷᠭᠦ ᠴᠢᠭᠯᠡᠯ- ᠳᠠᠭᠠᠤ ᠴᠢᠭᠯᠡᠯ》 ᠭᠡᠬᠦ ᠬᠡᠳᠦ ᠤᠳᠠᠭᠠᠨ ᠤ ᠰᠣᠩᠭᠤᠯᠲᠠ ᠪᠠ ᠨᠠᠮ ᠤᠨ ᠤᠳᠤᠷᠢᠳᠬᠤ ᠳᠤᠭᠤᠢᠯᠠᠩ ᠤᠨ ᠰᠤᠳᠤᠯᠭᠠᠨ ᠲᠠᠢ ᠵᠣᠬᠢᠴᠠᠭᠤᠯᠬᠤ ᠪᠡᠷ ᠳᠠᠮᠵᠢᠨ᠂ ᠰᠢᠨ᠎ᠡ ᠬᠡᠯᠪᠡᠷᠢ ᠶᠢᠨ ᠰᠢᠭᠦᠨ ᠳᠠᠰᠤᠯᠠᠬᠤ ᠪᠦᠯᠭᠦᠮ ᠢ ᠦᠨᠳᠦᠰᠦᠨ ᠳᠤ ᠪᠡᠨ ᠵᠣᠬᠢᠶᠠᠨ ᠪᠠᠢᠭᠤᠯᠪᠠ᠃
ᠳᠥᠷᠪᠡ ᠳᠤ《10+1》 ᠪᠠᠢᠭᠤᠯᠤᠯ ᠤᠨ ᠳᠤᠭᠲᠠᠯᠴᠠᠭ᠎ᠠ ᠵᠢ ᠢᠵᠢᠯ ᠠᠯᠬᠤᠮ ᠢᠶᠡᠷ ᠵᠣᠬᠢᠶᠠᠨ ᠪᠠᠢᠭᠤᠯᠪᠠ᠃ ᠮᠠᠨ ᠤ ᠬᠤᠷᠢᠶ᠎ᠠ ᠨᠢ ᠡᠷᠲᠡ ᠲᠥᠰᠦᠪᠯᠡᠨ᠂ ᠡᠷᠲᠡ ᠲᠣᠬᠢᠷᠠᠭᠤᠯᠤᠨ᠂ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢᠨ ᠢᠵᠢ ᠪᠦᠷᠢᠳᠦᠭᠰᠡᠨ ᠳᠦᠷᠢᠮ ᠢ ᠨᠠᠢᠷᠠᠭᠤᠯᠤᠨ ᠪᠢᠴᠢᠬᠦ ᠪᠠᠭ᠎ᠠ ᠳᠤᠭᠤᠢᠯᠠᠩ ᠢ ᠵᠣᠬᠢᠶᠠᠨ ᠪᠠᠢᠭᠤᠯᠵᠤ᠂ ᠲᠣᠭᠤᠷᠢᠨ ᠰᠣᠳᠤᠯᠠᠬᠤ᠂ ᠰᠠᠨᠠᠯ ᠰᠣᠨᠤᠰᠬᠤ᠂ ᠲᠤᠷᠰᠢᠯᠭ᠎ᠠ ᠵᠢ ᠡᠵᠡᠮᠰᠢᠭᠰᠡᠨ ᠰᠠᠭᠤᠷᠢᠨ ᠳᠡᠭᠡᠷ᠎ᠡ ᠰᠢᠨ᠎ᠡ ᠬᠡᠯᠪᠡᠷᠢ ᠶᠢᠨ ᠰᠢᠭᠦᠨ ᠳᠠᠰᠤᠯᠠᠬᠤ ᠪᠦᠯᠭᠦᠮ ᠢ ᠵᠣᠬᠢᠶᠠ ᠪᠠᠢᠭᠤᠯᠬᠤ ᠬᠡᠯᠪᠡᠷᠢ ᠶᠢᠨ ᠲᠣᠭᠤᠷᠢᠨ ᠳᠤ᠂ ᠨᠢᠭᠡ ᠶᠡᠷᠦᠩᠬᠡᠢ ᠥᠭᠡᠷᠡᠴᠢᠯᠡᠬᠦ ᠲᠥᠰᠦᠪ ᠢᠶᠡᠷ ᠯᠠᠪᠯᠠᠯᠲᠠ ᠪᠣᠯᠭᠠᠨ᠂10 ᠢᠵᠢ ᠪᠦᠷᠢᠳᠦᠭᠰᠡᠨ ᠳᠤᠭᠲᠠᠯᠴᠠᠭ᠎ᠠ ᠵᠢ ᠳᠤᠭᠤᠷᠪᠢᠪᠠ᠃ ᠳᠤᠭᠤᠷᠪᠢᠨ ᠪᠢᠴᠢᠬᠦ ᠡᠴᠡ ᠨᠡᠢᠲᠡᠯᠡᠬᠦ ᠪᠣᠯᠲᠠᠯ᠎ᠠ ᠠᠷᠪᠠ ᠭᠠᠷᠤᠢ ᠤᠳᠠᠭ᠎ᠠ ᠵᠠᠰᠠᠯᠲᠠ ᠣᠷᠤᠭᠤᠯᠤᠨ᠂ ᠨᠠᠮ ᠤᠨ ᠤᠳᠤᠷᠢᠳᠬᠤ ᠳᠤᠭᠤᠢᠯᠠᠩ ᠪᠡᠶ᠎ᠡ ᠪᠡᠷ ᠢᠶᠡᠨ ᠵᠢᠯᠤᠭᠤᠳᠴᠤ᠂ ᠵᠡᠷᠭᠡᠪᠡᠷ ᠲᠤᠰᠭᠠᠢ ᠰᠡᠳᠦᠪᠲᠦ ᠰᠤᠳᠤᠯᠭᠠᠨ ᠤ ᠬᠤᠷᠠᠯ ᠢ ᠭᠤᠷᠪᠠ ᠤᠳᠠᠭ᠎ᠠ ᠬᠢᠵᠦ᠂ ᠲᠠᠬᠢᠨ ᠳᠠᠪᠲᠠᠨ ᠰᠤᠳᠤᠯᠤᠨ ᠶᠠᠷᠢᠯᠴᠠᠬᠤ ᠪᠡᠷ ᠳᠠᠮᠵᠢᠨ᠂ ᠢᠵᠢ ᠪᠦᠷᠢᠳᠦᠭᠰᠡᠨ ᠳᠤᠭᠲᠠᠯᠴᠠᠭ᠎ᠠ ᠶᠢᠨ ᠪᠥᠬᠦ ᠲᠠᠯ᠎ᠠ ᠵᠢ ᠪᠦᠷᠬᠦᠵᠦ᠂ ᠶᠠᠪᠤᠭᠳᠠᠭᠤᠯᠬᠤ ᠳᠤ ᠳᠥᠭᠦᠮ᠂ ᠰᠢᠰᠲ᠋ᠧᠮ ᠤᠨ ᠪᠦᠷᠢᠨ ᠲᠡᠭᠦᠯᠳᠡᠷ ᠪᠠᠢᠬᠤ ᠵᠢ ᠪᠠᠲᠤᠯᠠᠪᠠ᠃10 ᠲᠥᠷᠦᠯ ᠤᠨ ᠳᠤᠭᠲᠠᠯᠴᠠᠭ᠎ᠠ ᠨᠢ ᠲᠤᠰᠪᠥᠷᠢ《 ᠦᠦᠰᠢᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠪᠦᠯᠭᠦᠮ ᠤᠨ ᠳᠠᠷᠤᠭ᠎ᠠ ᠵᠢ ᠬᠠᠷᠢᠭᠤᠴᠠᠬᠤ ᠳᠦᠷᠢᠮ ᠤᠨ ᠲᠤᠬᠠᠢ》《 ᠦᠦᠰᠢᠨ ᠬᠣᠰᠢᠭᠤᠨ ᠤ ᠠᠷᠠᠳ ᠤᠨ ᠰᠢᠭᠦᠬᠦ ᠬᠤᠷᠢᠶᠠᠨ ᠤ ᠰᠢᠭᠦᠨ ᠳᠠᠰᠤᠯᠠᠵᠤ ᠭᠦᠢᠴᠡᠳᠬᠡᠬᠦ ᠪᠦᠯᠭᠦᠮ ᠤᠨ ᠠᠵᠢᠯ ᠤᠨ ᠶᠠᠪᠤᠴᠠ》《 ᠦᠦᠰᠢᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠬᠡᠴᠢᠨᠡᠭᠡᠨ ᠳᠦᠷᠢᠮ ᠳᠤᠭᠲᠠᠭᠠᠯ》《 ᠦᠦᠰᠢᠨ ᠬᠣᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠦᠨᠳᠦ ᠴᠢᠬᠤᠯᠠ᠂ ᠪᠤᠳᠤᠯᠢᠶᠠᠨᠲᠠᠢ᠂ ᠮᠠᠳᠤᠭᠲᠠᠢ ᠬᠡᠷᠡᠭ ᠢ ᠲᠥᠷᠦᠯ ᠢᠯᠭᠠᠬᠤ ᠵᠢᠴᠢ ᠰᠠᠯᠭᠠᠬᠤ ᠳᠤᠭᠲᠠᠯᠴᠠᠭ᠎ᠠ》《 ᠦᠦᠰᠢᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠳᠦᠷᠢᠮ ᠳᠤᠭᠲᠠᠭᠠᠯ》《 ᠦᠦᠰᠢᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠬᠠᠮᠲᠤᠷᠠᠨ ᠵᠥᠪᠯᠡᠬᠦ ᠲᠢᠩᠬᠢᠮ ᠤᠨ ᠵᠣᠬᠢᠶᠠᠨ ᠪᠠᠢᠭᠤᠯᠬᠤ ᠳᠦᠷᠢᠮ》《 ᠦᠦᠰᠢᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠠᠵᠢᠯ ᠤᠨ ᠪᠦᠲᠦᠮᠵᠢ ᠶᠢᠨ ᠰᠢᠯᠭᠠᠷᠠᠭᠤᠯᠬᠤ ᠨᠠᠷᠢᠨ ᠳᠤᠭᠲᠠᠭᠠᠯ》《 ᠦᠦᠰᠢᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠳᠤᠲᠤᠯᠠᠨ ᠳᠤᠭᠲᠠᠭᠠᠬᠤ ᠪᠣᠯᠤᠨ ᠨᠡᠬᠡᠮᠵᠢᠯᠡᠬᠦ ᠪᠠᠷᠢᠯ》᠃ ᠪᠥᠬᠦᠢᠯᠡ ᠢᠵᠢ ᠪᠦᠷᠢᠳᠦᠭᠰᠡᠨ ᠳᠤᠭᠲᠠᠯᠴᠠᠭ᠎ᠠ ᠨᠢ ᠡᠯ᠎ᠡ ᠲᠥᠷᠦᠯ ᠤᠨ ᠬᠠᠤᠯᠢ ᠬᠡᠷᠡᠭᠵᠢᠭᠦᠯᠦᠯᠲᠡ ᠶᠢᠨ ᠬᠡᠰᠢᠭᠦᠳ ᠤᠨ ᠠᠵᠢᠯ ᠤᠨ ᠬᠠᠷᠢᠭᠤᠴᠠᠯᠭ᠎ᠠ ᠂ ᠠᠵᠢᠯ ᠤᠨ ᠶᠠᠪᠤᠴᠠ᠂ ᠠᠵᠢᠯ ᠤᠨ ᠪᠠᠷᠢᠮᠵᠢᠶ᠎ᠠ᠂ ᠭᠣᠣᠯ ᠰᠢᠭᠦᠭᠴᠢ᠂ ᠬᠠᠮᠲᠤᠷᠠᠨ ᠵᠥᠪᠯᠡᠬᠦ ᠲᠢᠩᠬᠢᠮ ᠤᠨ ᠬᠡᠷᠡᠭ ᠰᠢᠢᠳᠪᠦᠷᠢᠯᠡᠬᠦ ᠬᠠᠷᠢᠭᠤᠴᠠᠯᠭ᠎ᠠ ᠵᠢ ᠲᠡᠭᠦᠯᠳᠡᠷᠵᠢᠭᠦᠯᠵᠦ᠂ ᠲᠤᠳᠤᠭᠠᠳᠤ ᠶᠢᠨ ᠬᠢᠨᠠᠯᠲᠠ ᠲᠠᠯᠪᠢᠬᠤ ᠳᠤᠭᠲᠠᠯᠴᠠᠭ᠎ᠠ ᠵᠢ ᠪᠦᠷᠢᠨᠵᠢᠭᠦᠯᠵᠦ᠂ ᠠᠩᠬ᠎ᠠ ᠠᠯᠬᠤᠮ ᠰᠢᠨᠵᠢᠯᠡᠬᠦ ᠤᠬᠠᠭᠠᠨᠵᠢᠭᠰᠠᠨ ᠳᠦᠷᠢᠮᠵᠢᠭᠰᠡᠨ ᠰᠢᠭᠦᠨ ᠳᠠᠰᠤᠯᠠᠬᠤ ᠡᠷᠬᠡ ᠪᠥᠬᠦᠢ ᠪᠠᠢᠭᠤᠯᠤᠮᠵᠢ ᠵᠢ ᠪᠠᠢᠭᠤᠯᠪᠠ᠃
ᠲᠠᠪᠤ ᠳᠤ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠠᠢᠭᠤᠯᠤᠯᠲᠠ ᠵᠢ ᠴᠢᠩᠭ᠎ᠠ ᠪᠠᠷᠢᠪᠠ᠃ ᠥᠭᠡᠷᠡᠴᠢᠯᠡᠯᠲᠡ ᠶᠢᠨ ᠶᠠᠪᠤᠴᠠ ᠳᠤᠮᠳᠠ ᠮᠠᠨ ᠤ ᠬᠤᠷᠢᠶ᠎ᠠ ᠨᠢ ᠨᠠᠮ ᠢ ᠪᠥᠬᠦ ᠲᠠᠯ᠎ᠠ ᠪᠡᠷ ᠴᠢᠩᠭ᠎ᠠ ᠵᠠᠰᠠᠬᠤ ᠱᠠᠭᠠᠷᠳᠠᠯᠭ᠎ᠠ ᠵᠢ ᠵᠢᠷᠤᠮᠯᠠᠵᠤ᠂ ᠶᠠᠭ ᠰᠠᠢᠬᠠᠨ ᠶᠠᠪᠤᠭᠲᠠᠵᠤ ᠪᠠᠢᠭ᠎ᠠ《 ᠲᠥᠪ ᠭᠣᠣᠯᠴᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ》 ᠪᠡᠷ ᠭᠣᠣᠯ ᠰᠡᠳᠦᠪ ᠪᠣᠯᠭᠠᠭᠰᠠᠨ ᠡᠩᠨᠡᠭᠡ ᠵᠢ ᠴᠢᠭᠴᠡᠯᠡᠨ ᠪᠠᠢᠭᠤᠯᠬᠤ ᠲᠤᠰᠭᠠᠢ ᠰᠡᠳᠦᠪᠲᠦ ᠬᠥᠳᠡᠯᠭᠡᠭᠡᠨ ᠲᠠᠢ ᠨᠢᠭᠲᠠ ᠤᠶᠠᠯᠳᠤᠭᠤᠯᠤᠨ᠂ ᠺᠠᠲᠠᠷ ᠴᠠᠭᠳᠠᠭᠠᠨ ᠤ ᠡᠩᠨᠡᠭᠡᠨ ᠤ ᠦᠵᠡᠯ ᠰᠠᠨᠠᠭ᠎ᠠ᠂ ᠰᠠᠬᠢᠯᠭ᠎ᠠ ᠪᠠᠲᠤ᠂ ᠠᠵᠢᠯ ᠤᠨ ᠰᠤᠷᠲᠠᠯ ᠤᠨ ᠪᠦᠲᠦᠭᠡᠨ ᠪᠠᠢᠭᠤᠯᠤᠯᠲᠠ ᠶᠢᠨ ᠠᠵᠢᠯ ᠢ ᠪᠥᠬᠦ ᠬᠦᠴᠦᠨ ᠢᠶᠡᠷ ᠢᠶᠡᠨ ᠴᠢᠩᠭ᠎ᠠ ᠠᠳᠭᠤᠪᠠ᠃ ᠥᠭᠡᠷᠡᠴᠢᠯᠡᠯᠲᠡ ᠶᠢᠨ ᠳᠠᠢᠴᠢᠯᠠᠯᠲᠠ ᠶᠢᠨ ᠬᠤᠷᠠᠯ᠂ ᠠᠬᠢᠭᠤᠯᠬᠤ ᠬᠤᠷᠠᠯ᠂ ᠨᠠᠢᠳᠠᠪᠤᠷᠢᠵᠢᠭᠤᠯᠤᠨ ᠲᠤᠤᠱᠯᠠᠭᠤᠯᠬᠤ ᠬᠤᠷᠠᠯ ᠵᠡᠷᠭᠡ ᠵᠢ ᠵᠣᠬᠢᠶᠠᠨ ᠪᠠᠢᠭᠤᠯᠵᠤ᠂ ᠠᠷᠢᠭᠤᠨ ᠴᠢᠭᠡᠴᠢ ᠪᠡᠷ ᠬᠠᠤᠯᠢ ᠬᠡᠷᠡᠭᠵᠢᠭᠦᠯᠬᠦ ᠵᠢ ᠵᠢᠭᠠᠨ ᠰᠤᠷᠭᠠᠬᠤ ᠬᠥᠳᠡᠯᠭᠡᠭᠡᠨ ᠢ ᠥᠷᠨᠢᠭᠦᠯᠵᠦ᠂ ᠺᠠᠲᠠᠷ ᠴᠠᠭᠳᠠᠭᠠᠨ ᠤ ᠦᠵᠡᠯ ᠰᠠᠨᠠᠭ᠎ᠠ ᠵᠢ ᠳᠡᠭᠡᠷ᠎ᠡ ᠱᠠᠲᠤᠨ ᠤ ᠰᠢᠭᠦᠬᠦ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠶᠢᠨ ᠲᠣᠬᠢᠷᠠᠭᠤᠯᠭ᠎ᠠ ᠳᠡᠭᠡᠷ᠎ᠡ ᠲᠥᠪᠯᠡᠷᠡᠭᠦᠯᠵᠦ᠂ ᠦᠵᠡᠯ ᠰᠠᠨᠠᠭᠠᠨ ᠤ ᠲᠠᠨᠢᠯᠲᠠ ᠭᠦᠢᠴᠡᠳ ᠪᠠᠢᠬᠤ ᠵᠢ ᠪᠠᠲᠤᠯᠠᠪᠠ᠃ ᠬᠢᠨᠠᠨ ᠪᠠᠢᠴᠠᠭᠠᠬᠤ ᠳᠠᠰᠤᠭ ᠪᠥᠬᠦ ᠶᠠᠪᠤᠴᠠ ᠳᠤ ᠣᠷᠤᠯᠴᠠᠨ᠂ ᠪᠥᠬᠦ ᠶᠠᠪᠤᠴᠠ ᠳᠤ ᠬᠢᠨᠠᠯᠲᠠ ᠲᠠᠯᠪᠢᠨ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠶᠢᠨ ᠡᠯ᠎ᠡ ᠠᠯᠬᠤᠮ ᠤᠨ ᠪᠥᠬᠦ ᠶᠠᠪᠤᠴᠠ ᠵᠢ ᠮᠥᠷᠳᠡᠨ᠂ ᠠᠮᠠ ᠰᠡᠭᠡᠷ ᠨᠡᠢᠯᠡᠭᠰᠡᠨ ᠬᠠᠮᠢᠶᠠᠷᠤᠯᠲᠠ ᠶᠢᠨ ᠳᠤᠭᠲᠠᠯᠴᠠᠭ᠎ᠠ ᠵᠢ ᠪᠦᠷᠢᠯᠳᠦᠭᠦᠯᠵᠦ᠂ ᠥᠭᠡᠷᠡᠴᠢᠯᠡᠯᠲᠡ ᠳᠤᠮᠳᠠ ᠡᠷᠬᠡ ᠮᠡᠳᠡᠯ ᠤᠨ ᠬᠣᠭᠤᠰᠤᠨ ᠣᠷᠤ ᠭᠠᠷᠬᠤ ᠵᠢ ᠬᠣᠷᠢᠭᠯᠠᠨ᠂ ᠲᠥᠷᠦ ᠶᠢᠨ ᠪᠣᠳᠤᠯᠭ᠎ᠠ ᠶᠢᠨ ᠲᠤᠤᠱᠲᠠᠢ ᠨᠠᠢᠳᠠᠪᠤᠷᠢᠵᠢᠭᠤᠯᠬᠤ ᠵᠢ ᠪᠠᠲᠤᠯᠠᠪᠠ᠃《 ᠨᠠᠢ᠍ᠮᠠᠨ ᠴᠢᠩᠭ᠎ᠠ ᠪᠠᠢᠴᠠᠭᠠᠬᠤ》 ᠪᠡᠷ ᠪᠠᠷᠢᠴᠠ ᠪᠣᠯᠭᠠᠨ᠂ ᠶᠡᠬᠡ ᠬᠡᠷᠡᠭ ᠢ ᠰᠣᠩᠭᠤᠨ ᠪᠠᠢᠴᠠᠭᠠᠬᠤ ᠬᠦᠴᠦᠯᠡᠴᠡ ᠪᠣᠯᠤᠨ ᠬᠣᠷᠢᠶᠠᠨ ᠤ ᠠᠵᠢᠯ ᠢ ᠬᠢᠨᠠᠨ ᠪᠠᠢᠴᠠᠭᠠᠬᠤ ᠬᠦᠴᠦᠯᠡᠴᠡ ᠪᠡᠨ ᠴᠢᠩᠭᠠᠳᠭᠠᠵᠤ᠂ ᠬᠠᠮᠢᠶᠠᠷᠤᠯᠲᠠ ᠴᠢᠩᠭ᠎ᠠ ᠪᠠᠢᠬᠤ ᠵᠢ ᠪᠠᠲᠤᠯᠠᠪᠠ᠃ ᠪᠦᠯᠭᠦᠮ ᠢ ᠵᠣᠬᠢᠶᠠᠨ ᠪᠠᠢᠭᠤᠯᠤᠭᠰᠠᠨ ᠤ ᠳᠠᠷᠠᠭ᠎ᠠ᠂ ᠠᠩᠬ᠎ᠠ ᠤᠳᠠᠭᠠᠨ ᠤ ᠬᠠᠮᠲᠤ ᠶᠢᠨ ᠠᠷᠢᠭᠤᠨ ᠴᠢᠭᠡᠴᠢ ᠪᠡᠷ ᠵᠠᠰᠠᠭ ᠪᠠᠷᠢᠬᠤ ᠶᠠᠷᠢᠯᠴᠠᠭ᠎ᠠ ᠵᠢ ᠥᠷᠨᠢᠭᠦᠯᠵᠦ᠂ ᠪᠥᠬᠦ ᠲᠠᠯ᠎ᠠ ᠪᠡᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭᠠᠳᠭᠠᠵᠤ᠂ ᠥᠷᠭᠡᠨ ᠤᠯᠠᠨ ᠺᠠᠲᠠᠷ ᠴᠠᠭᠳᠠᠭᠠᠨ ᠤ ᠠᠷᠢᠭᠤᠨ ᠴᠢᠭᠡᠴᠢ ᠪᠡᠷ ᠬᠠᠤᠯᠢ ᠬᠡᠷᠡᠭᠵᠢᠭᠦᠯᠬᠦ ᠤᠬᠠᠮᠰᠠᠷ ᠢ ᠴᠢᠩᠭᠠᠳᠭᠠᠵᠤ᠂ ᠢᠯᠵᠠᠷᠠᠯ ᠢ ᠡᠰᠡᠷᠭᠦᠴᠡᠵᠦ ᠬᠤᠪᠢᠷᠠᠬᠤ ᠵᠢ ᠰᠡᠷᠭᠡᠢᠯᠡᠬᠦ ᠦᠵᠡᠯ ᠰᠠᠨᠠᠭᠠᠨ ᠤ ᠬᠣᠷᠢᠭ᠎ᠠ ᠱᠤᠭᠤᠮ ᠢ ᠪᠠᠲᠤᠵᠢᠭᠤᠯᠤᠨ᠂ ᠠᠶᠤᠯ ᠲᠦᠭᠰᠢᠭᠦᠷᠢ ᠵᠢ ᠢᠯᠡᠨ ᠳᠠᠪᠠᠬᠤ ᠴᠢᠳᠠᠪᠤᠷᠢ ᠵᠢ ᠳᠡᠭᠡᠭᠰᠢᠯᠡᠭᠦᠯᠪᠡ᠃ ᠡᠭᠦᠨ ᠤ ᠵᠡᠷᠭᠡᠪᠡᠷ᠂ ᠠᠷᠢᠭᠤᠨ ᠴᠢᠭᠡᠴᠢ ᠪᠡᠷ ᠵᠠᠰᠠᠭ ᠪᠠᠷᠢᠬᠤ ᠵᠢ ᠪᠦᠲᠦᠭᠡᠨ ᠪᠠᠢᠭᠤᠯᠬᠤ ᠬᠠᠮᠢᠶᠠᠲᠠᠢ ᠳᠤᠭᠲᠠᠭᠠᠯ ᠳᠤ ᠵᠠᠰᠠᠪᠤᠷᠢ ᠣᠷᠤᠭᠤᠯᠬᠤ ᠠᠵᠢᠯ ᠢ ᠳᠤᠬᠢᠷᠠᠭᠤᠯᠵᠤ᠂ ᠥᠭᠡᠷᠡᠴᠢᠯᠡᠯᠲᠡ ᠶᠢᠨ ᠡᠬᠢᠨ ᠤ ᠴᠢᠭ ᠳᠡᠭᠡᠷ᠎ᠡ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠰᠤᠯᠠᠷᠠᠬᠤ ᠦᠭᠡᠢ ᠪᠠᠢᠬᠤ ᠵᠢ ᠪᠠᠲᠤᠯᠠᠪᠠ᠃
ᠵᠢᠷᠭᠤᠭ᠎ᠠ ᠳᠤ ᠥᠭᠡᠷᠡᠴᠢᠯᠡᠯᠲᠡ ᠳᠤ ᠬᠥᠳᠡᠯᠡᠩᠭᠦᠢ ᠪᠡᠷ ᠦᠨᠡᠯᠡᠯᠲᠡ ᠥᠭᠬᠦ ᠳᠤᠭᠲᠠᠯᠴᠠᠭ᠎ᠠ ᠵᠢ ᠪᠥᠬᠦ ᠲᠠᠯ᠎ᠠ ᠪᠡᠷ ᠶᠠᠪᠤᠭᠳᠠᠭᠤᠯᠪᠠ᠃ ᠳᠡᠭᠡᠷ᠎ᠡ ᠱᠠᠲᠤᠨ ᠤ ᠰᠢᠭᠦᠬᠦ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠶᠢᠨ ᠲᠤᠬᠠᠢ ᠬᠤᠷᠠᠯ ᠤᠨ ᠵᠣᠷᠢᠭ ᠰᠠᠨᠠᠭ᠎ᠠ ᠪᠠ ᠠᠵᠢᠯ ᠤᠨ ᠱᠠᠭᠠᠷᠲᠠᠯᠭ᠎ᠠ ᠵᠢ ᠢᠮᠠᠭᠲᠠ ᠲᠤᠤᠱᠯᠠᠭᠤᠯᠤᠨ ᠨᠠᠢᠳᠠᠪᠤᠷᠢᠵᠢᠭᠤᠯᠤᠨ᠂ ᠬᠢᠨᠠᠮᠠᠭᠠᠢ ᠬᠠᠷᠢᠴᠠᠭᠤᠯᠤᠨ᠂ ᠲᠥᠷᠦᠯ ᠳᠠᠷᠠᠭᠠᠯᠠᠨ ᠵᠠᠳᠠᠯᠤᠯᠲᠠ ᠬᠢᠵᠦ᠂ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠪᠡᠨ ᠡᠷᠢᠨ ᠭᠠᠷᠭᠠᠵᠤ᠂ ᠨᠢᠭᠡᠨᠲᠡ ᠳᠠᠭᠤᠰᠭᠠᠭᠰᠠᠨ ᠪᠦᠯᠭᠦᠮ ᠤᠨ ᠵᠣᠬᠢᠶᠠᠨ ᠪᠠᠢᠭᠤᠯᠬᠤ ᠠᠵᠢᠯ ᠢ ᠲᠠᠰᠤᠷᠠᠯᠲᠠ ᠦᠭᠡᠢ ᠥᠭᠡᠷᠡᠴᠢᠯᠡᠨ ᠲᠡᠭᠦᠯᠳᠡᠷᠵᠢᠭᠦᠯᠪᠡ᠃ ᠡᠭᠦᠨ ᠤ ᠵᠡᠷᠭᠡᠪᠡᠷ ᠤᠯᠠᠨ ᠲᠠᠯ᠎ᠠ ᠶᠢᠨ ᠥᠭᠡᠷᠡᠴᠢᠯᠡᠯᠲᠡ ᠶᠢᠨ ᠦᠷ᠎ᠡ ᠪᠦᠲᠦᠮᠵᠢ ᠳᠤ ᠦᠨᠡᠯᠡᠯᠲᠡ ᠥᠭᠬᠦ ᠳᠤᠭᠲᠠᠯᠴᠠᠭ᠎ᠠ ᠵᠢ ᠪᠠᠢᠭᠤᠯᠵᠤ᠂ ᠰᠢᠭᠦᠨ ᠳᠠᠰᠤᠯᠠᠵᠤ ᠭᠦᠢᠴᠡᠳᠬᠡᠬᠦ ᠪᠦᠯᠭᠦᠮ ᠤᠨ ᠠᠵᠢᠯ ᠤᠨ ᠪᠠᠢᠳᠠᠯ ᠳᠤ ᠪᠥᠬᠦ ᠲᠠᠯ᠎ᠠ ᠪᠡᠷ ᠵᠠᠳᠠᠯᠤᠯᠲᠠ ᠬᠢᠵᠦ ᠦᠨᠡᠯᠡᠯᠲᠡ ᠥᠭᠭᠦᠨ᠂ ᠤᠯᠠᠨ ᠡᠰᠢᠵᠢᠭᠰᠡᠨ ᠲᠣᠭ᠎ᠠ ᠪᠠᠷᠢᠮᠲᠠ ᠶᠢᠨ ᠵᠠᠳᠠᠯᠤᠯᠲᠠ ᠪᠠ ᠪᠠᠷᠢᠮᠵᠢᠶ᠎ᠠ ᠶᠢᠨ ᠦᠨᠡᠯᠡᠯᠲᠡ ᠪᠡᠷ ᠳᠠᠮᠵᠢᠨ᠂ ᠥᠭᠡᠷᠡᠴᠢᠯᠡᠯᠲᠡ ᠶᠢᠨ ᠬᠡᠷᠡᠭᠴᠡᠭᠡ ᠪᠠ ᠨᠥᠯᠦᠭᠡ ᠵᠢ ᠴᠠᠭ ᠲᠤᠬᠠᠢ ᠳᠤ ᠨᠢ ᠣᠢᠯᠭᠠᠨ ᠡᠵᠡᠮᠳᠡᠵᠦ᠂ ᠪᠦᠯᠭᠦᠮ ᠤᠨ ᠪᠠᠢᠭᠤᠯᠤᠭᠰᠠᠨ ᠨᠢ ᠰᠢᠨᠵᠢᠯᠡᠬᠦ ᠤᠬᠠᠭᠠᠨᠴᠢ᠂ ᠥᠭᠡᠷᠡᠴᠢᠯᠡᠯᠲᠡ ᠨᠢ ᠵᠣᠬᠢᠰᠲᠠᠢ ᠪᠠᠢᠬᠤ ᠵᠢ ᠪᠠᠲᠤᠯᠠᠵᠤ᠂ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢᠨ ᠯᠠᠪᠳᠠᠭᠤᠨ ᠢᠶᠡᠷ ᠠᠬᠢᠭᠤᠯᠪᠠ᠃
ᠦᠨᠡᠯᠡᠬᠦ 0ᠦᠨᠡᠯᠡᠯᠲᠡ ᠲᠠᠢ