ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠮᠡᠳᠡᠭᠡ ᠵᠠᠩᠭᠢᠵᠢᠯᠲᠠ ᠶᠢᠨ ᠬᠡᠷᠡᠭᠯᠡᠭᠦᠨ ᠤ ᠰᠢᠨ᠎ᠡ ᠠᠷᠭ᠎ᠠ ᠬᠡᠮᠵᠢᠶ᠎ᠡ  ᠭᠠᠷᠭᠠᠪᠠ---《 ᠬᠤᠶᠠᠷ ᠡᠳᠦᠷ ᠬᠤᠶᠠᠷ ᠲᠤᠷᠰᠢᠯᠲᠠ ᠶᠢᠨ ᠴᠢᠭ᠌》
2017.09.23 ᠲᠣᠰ ᠥᠷᠲᠡᠭᠡᠨ ᠦ ᠨᠠᠢᠷᠠᠭᠤᠯᠤᠭᠴᠢ

ᠵᠣᠬᠢᠶᠠᠭᠴᠢ᠄ ᠮᠡᠷᠭᠡᠵᠢᠯ ᠤᠨ ᠬᠡᠯᠲᠡᠰ   ᠵᠠᠩ ᠮᠸᠩ

      ᠮᠡᠳᠡᠭᠡ ᠵᠠᠩᠭᠢᠵᠢᠯᠲᠠ ᠶᠢᠨ ᠬᠡᠷᠡᠭᠯᠡᠭᠦᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠤ ᠤᠯᠠᠨ ᠡᠰᠢᠵᠢᠭᠰᠡᠨ ᠬᠠᠤᠯᠢ ᠬᠡᠷᠡᠭᠵᠢᠭᠦᠯᠦᠯᠲᠡ ᠶᠢᠨ ᠱᠠᠭᠠᠷᠳᠠᠯᠭ᠎ᠠ ᠵᠢ ᠨᠡᠩ ᠰᠠᠢᠨ ᠬᠠᠩᠭᠠᠬᠤ ᠶᠢᠨ ᠲᠤᠯᠠᠳᠠ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠨᠢ ᠠᠰᠠᠭᠤᠳᠠᠯ ᠢᠶᠡᠷ ᠵᠢᠯᠤᠭᠤᠳᠤᠮᠵᠢ ᠪᠣᠯᠭᠠᠬᠤ᠂ ᠱᠠᠭᠠᠷᠳᠠᠯᠭ᠎ᠠ ᠪᠡᠷ ᠵᠢᠯᠤᠭᠤᠳᠤᠮᠵᠢ ᠪᠣᠯᠭᠠᠬᠤ ᠵᠢ ᠪᠠᠷᠢᠮᠲᠠᠯᠠᠨ᠂ ᠲᠤᠰ ᠬᠣᠷᠢᠶᠠᠨ ᠤ ᠪᠤᠲᠠᠲᠠᠢ  ᠲᠠᠢ ᠤᠶᠠᠯᠳᠤᠭᠤᠯᠤᠨ《 ᠬᠤᠶᠠᠷ ᠡᠳᠦᠷ ᠬᠤᠶᠠᠷ ᠲᠤᠷᠰᠢᠯᠲᠠ ᠶᠢᠨ ᠴᠢᠭ》 ᠭᠡᠬᠦ ᠰᠢᠨ᠎ᠡ ᠠᠷᠭ᠎ᠠ ᠬᠡᠮᠵᠢᠶ᠎ᠡ ᠵᠢ ᠭᠠᠷᠭᠠᠵᠤ᠂ ᠰᠢᠭᠦᠨ ᠳᠠᠰᠤᠯᠠᠯᠲᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠵᠢᠯᠲᠠ ᠵᠢ ᠠᠬᠢᠭᠤᠯᠵᠤ᠂ ᠰᠢᠭᠦᠨ ᠳᠠᠰᠤᠯᠠᠬᠤ ᠰᠢᠰᠲ᠋ᠧᠮ ᠪᠣᠯᠤᠨ ᠰᠢᠭᠦᠨ ᠳᠠᠰᠤᠯᠠᠬᠤ ᠴᠢᠳᠠᠮᠵᠢ ᠶᠢᠨ ᠤᠳᠤᠬᠢᠵᠢᠯᠠᠯᠲᠠ ᠵᠢ ᠤᠷᠤᠭᠰᠢᠯᠠᠭᠤᠯᠪᠠ᠃

   《 ᠬᠤᠶᠠᠷ ᠡᠳᠦᠷ》 ᠨᠢ ᠳᠠᠷᠤᠢ ᠭᠠᠷᠠᠭ ᠤᠨ ᠭᠤᠷᠪᠠᠨ ᠪᠦᠷᠢ ᠵᠢ ᠮᠡᠳᠡᠭᠡ ᠵᠠᠩᠭᠢᠵᠢᠯᠲᠠ ᠶᠢᠨ ᠬᠡᠷᠡᠭᠯᠡᠭᠦᠨ ᠢ ᠥᠷᠭᠡᠳᠭᠡᠬᠦ ᠡᠳᠦᠷ ᠢᠶᠡᠷ ᠳᠤᠭᠲᠠᠵᠤ᠂ ᠮᠡᠷᠭᠡᠵᠢᠯ ᠤᠨ ᠬᠡᠯᠲᠡᠰ ᠡᠴᠡ ᠵᠥᠭᠡᠯᠡᠨ ᠲᠣᠨᠤᠭ ᠤᠨ ᠬᠡᠷᠡᠭᠯᠡᠭᠦᠨ ᠢ ᠥᠷᠭᠡᠳᠭᠡᠬᠦ ᠠᠵᠢᠯᠲᠠᠨ ᠪᠠ ᠬᠡᠰᠢᠭᠦᠳ ᠤᠨ ᠭᠠᠷᠠᠭ ᠤᠨ ᠭᠤᠷᠪᠠᠨ ᠪᠣᠯᠭᠠᠨ ᠡᠯ᠎ᠡ ᠪᠦᠯᠭᠦᠮ᠂ ᠰᠠᠯᠠᠭ᠎ᠠ ᠮᠥᠴᠢᠷ ᠢᠶᠡᠷ ᠲᠣᠭᠤᠷᠢᠨ ᠰᠤᠷᠪᠤᠯᠵᠢᠯᠠᠬᠤ ᠵᠢ ᠪᠠᠲᠤᠯᠠᠵᠤ᠂ ᠵᠥᠭᠡᠯᠡᠨ ᠲᠣᠨᠤᠭ ᠤᠨ ᠬᠡᠷᠡᠭᠯᠡᠯᠲᠡ ᠵᠢᠴᠢ ᠬᠡᠷᠡᠭᠯᠡᠭᠦᠨ ᠤ ᠠᠰᠠᠭᠤᠳᠠᠯ ᠢ ᠰᠢᠢᠳᠪᠦᠷᠢᠯᠡᠬᠦ ᠵᠢ ᠬᠠᠷᠢᠭᠤᠴᠠᠵᠤ᠂ ᠭᠠᠷᠤᠭᠰᠠᠨ ᠠᠰᠠᠭᠤᠳᠠᠯ ᠪᠣᠯᠤᠨ ᠱᠠᠭᠠᠷᠳᠠᠯᠭ᠎ᠠ ᠳᠤ ᠵᠠᠳᠠᠯᠤᠯᠲᠠ ᠬᠢᠵᠦ ᠬᠤᠷᠢᠶᠠᠩᠭᠤᠢᠯᠠᠨ᠂ ᠥᠭᠡᠷᠡᠴᠢᠯᠡᠨ ᠰᠠᠢᠵᠢᠷᠠᠭᠤᠯᠬᠤ ᠰᠠᠨᠠᠯ ᠵᠥᠪᠯᠡᠯᠭᠡ ᠵᠢ ᠳᠤᠷᠠᠳᠤᠨ᠎ᠠ᠃ ᠰᠠᠷ᠎ᠠ ᠪᠣᠯᠭᠠᠨ ᠤ ᠰᠡᠭᠦᠯ ᠤᠨ ᠡᠳᠦᠷ ᠢ ᠮᠡᠳᠡᠭᠡ ᠵᠠᠩᠭᠢᠵᠢᠯᠲᠠ ᠶᠢᠨ ᠬᠡᠷᠡᠭᠯᠡᠭᠦᠨ ᠢ ᠬᠢᠨᠠᠨ ᠰᠢᠯᠭᠠᠬᠤ ᠡᠳᠦᠷ ᠢᠶᠡᠷ ᠳᠤᠭᠲᠠᠵᠤ᠂ ᠵᠥᠭᠡᠯᠡᠨ ᠲᠣᠨᠤᠭ ᠤ ᠬᠡᠷᠡᠭᠯᠡᠵᠦ ᠪᠠᠢᠭ᠎ᠠ ᠪᠠᠢᠳᠠᠯ ᠳᠤ ᠰᠢᠯᠭᠠᠨ ᠦᠨᠡᠯᠡᠯᠲᠡ ᠬᠢᠵᠦ᠂ ᠵᠡᠷᠭᠡᠪᠡᠷ ᠰᠢᠯᠭᠠᠨ ᠦᠨᠡᠯᠡᠯᠲᠡ ᠶᠢᠨ ᠦᠷ᠎ᠡ ᠳ᠋ᠦᠩ ᠢ ᠨᠡᠢᠲᠡᠯᠡᠨ᠎ᠡ᠃

   《 ᠬᠤᠶᠠᠷ ᠲᠤᠷᠰᠢᠯᠲᠠ ᠶᠢᠨ ᠴᠢᠭ》 ᠨᠢ ᠳᠠᠷᠤᠢ ᠵᠠᠰᠠᠭ ᠵᠠᠬᠢᠷᠭᠠᠨ ᠤ ᠰᠢᠭᠦᠨ ᠳᠠᠰᠤᠯᠠᠬᠤ ᠪᠦᠯᠭᠦᠮ ᠪᠠ ᠢᠷᠭᠡᠨ ᠤ ᠬᠡᠷᠡᠭ ᠤᠨ ᠰᠢᠭᠦᠨ ᠳᠠᠰᠤᠯᠠᠬᠤ ᠪᠦᠯᠭᠦᠮ ᠢ ᠮᠡᠳᠡᠭᠡ ᠵᠠᠩᠭᠢᠵᠢᠯᠲᠠ ᠶᠢᠨ ᠬᠡᠷᠡᠭᠯᠡᠭᠦᠨ ᠢ ᠥᠷᠭᠡᠳᠭᠡᠬᠦ ᠲᠤᠷᠰᠢᠯᠲᠠ ᠶᠢᠨ ᠴᠢᠭ ᠢᠶᠡᠷ ᠰᠣᠩᠭᠤᠵᠤ᠂ ᠰᠢᠨ᠎ᠡ ᠭᠠᠷᠤᠭᠰᠠᠨ ᠵᠥᠭᠡᠯᠡᠨ ᠲᠣᠨᠤᠭ ᠢ ᠲᠤᠷᠰᠢᠯᠲᠠ ᠶᠢᠨ ᠴᠢᠭ ᠲᠤ ᠤᠷᠢᠳᠠᠪᠡᠷ ᠲᠤᠷᠰᠢᠨ ᠬᠡᠷᠡᠭᠯᠡᠵᠦ᠂  ᠬᠡᠷᠪᠡ ᠠᠰᠢᠭᠯᠡᠮᠵᠢ ᠥᠨᠳᠦᠷ ᠲᠤᠰᠠᠲᠠᠢ ᠪᠤᠯ ᠪᠥᠬᠦ ᠬᠣᠷᠢᠶᠠᠨ ᠤ ᠬᠡᠪᠴᠢᠶᠡᠨ ᠳᠤ ᠤᠯᠠᠮ ᠨᠢᠭᠡ ᠠᠯᠬᠤᠮ ᠥᠷᠭᠡᠳᠭᠡᠨ᠎ᠡ᠃

   《 ᠬᠤᠶᠠᠷ ᠡᠳᠦᠷ ᠬᠤᠶᠠᠷ ᠲᠤᠷᠰᠢᠯᠲᠠ ᠶᠢᠨ ᠴᠢᠭ》 ᠭᠡᠬᠦ ᠠᠷᠭ᠎ᠠ ᠬᠡᠮᠵᠢᠶ᠎ᠡ ᠵᠢ ᠭᠠᠷᠭᠠᠭᠰᠠᠨ ᠨᠢ᠂ ᠵᠣᠷᠢᠯᠭ᠎ᠠ ᠨᠢ ᠪᠥᠬᠦ ᠬᠣᠷᠢᠶᠠᠨ ᠤ ᠺᠠᠲᠠᠷ ᠴᠠᠭᠳᠠᠭᠠᠨ ᠤ ᠮᠡᠳᠡᠭᠡ ᠵᠠᠩᠭᠢᠵᠢᠯᠲᠠ ᠶᠢᠨ ᠬᠡᠷᠡᠭᠯᠡᠭᠦᠨ ᠤ ᠬᠢᠷᠢ ᠳᠥᠪᠰᠢᠨ ᠢ ᠪᠥᠬᠦ ᠲᠠᠯ᠎ᠠ ᠪᠡᠷ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠰᠢᠭᠦᠬᠦ ᠬᠣᠷᠢᠶᠠᠨ ᠤ ᠡᠯ᠎ᠡ ᠬᠦᠷᠢᠶ᠎ᠡ ᠬᠡᠪᠴᠢᠶᠡᠨ ᠳᠤ ᠣᠷᠤᠭᠤᠯᠬᠤ ᠵᠢ ᠪᠡᠶᠡᠯᠡᠭᠦᠯᠵᠦ᠂ ᠬᠡᠷᠡᠭ ᠳᠠᠩᠰᠤᠯᠠᠬᠤ ᠡᠴᠡ ᠡᠪᠬᠡᠮᠡᠯ ᠳᠤ ᠣᠷᠤᠭᠤᠯᠬᠤ ᠬᠦᠷᠲᠡᠯ᠎ᠡ ᠪᠦᠬᠦ ᠶᠠᠪᠤᠴᠠ  ᠶᠢᠨ ᠲᠤᠭᠠᠴᠢᠯᠠᠭᠰᠠᠨ ᠬᠠᠮᠢᠶᠠᠷᠤᠯᠲᠠ ᠵᠢ ᠪᠡᠶᠡᠯᠡᠭᠦᠯᠦᠨ᠂ ᠰᠢᠭᠦᠨ ᠳᠠᠰᠤᠯᠠᠯᠲᠠ  ᠳᠤ ᠬᠢᠨᠠᠯᠲᠠ ᠲᠠᠯᠪᠢᠬᠤ᠂ ᠴᠢᠨᠠᠷ ᠴᠢᠨᠰᠠᠭ᠎ᠠ ᠵᠢ ᠦᠨᠡᠯᠡᠨ ᠪᠠᠢᠴᠠᠭᠠᠬᠤ᠂ ᠠᠵᠢᠯ ᠳᠤ ᠭᠠᠷᠤᠨ ᠬᠡᠷᠡᠭ ᠰᠢᠢᠳᠪᠦᠷᠢᠯᠡᠬᠦ ᠵᠡᠷᠭᠡ ᠳᠤ ᠴᠠᠭ ᠨᠢ ᠲᠣᠬᠢᠲᠠᠢ᠂ ᠬᠥᠳᠡᠯᠦᠩᠭᠦᠢ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ ᠡᠭᠦᠨ ᠤ ᠵᠡᠷᠭᠡᠪᠡᠷ᠂ ᠵᠥᠭᠡᠯᠡᠨ ᠲᠣᠨᠤᠭ ᠤᠨ ᠪᠤᠲᠠᠲᠠᠢ ᠬᠡᠷᠡᠭᠯᠡᠬᠦ ᠶᠠᠪᠤᠴᠠ ᠲᠤᠮᠳᠠ᠂ ᠮᠡᠷᠭᠡᠵᠢᠯ ᠤᠨ ᠬᠡᠯᠲᠡᠰ ᠤᠨ ᠬᠠᠮᠢᠶ᠎ᠠ ᠪᠦᠬᠦᠢ ᠠᠵᠢᠯᠲᠠ ᠳᠠᠭᠤᠳᠠᠭᠰᠠᠭᠠᠷ ᠳᠠᠷᠤᠢ ᠬᠦᠷᠴᠦ᠂ ᠰᠠᠨᠠᠭᠠᠴᠢᠯᠠᠭ᠎ᠠ ᠡᠴᠡ ᠪᠡᠨ ᠰᠢᠭᠦᠨ ᠳᠠᠰᠤᠯᠠᠬᠤ ᠠᠵᠢᠯ ᠳᠤ ᠦᠢᠯᠡᠴᠢᠯᠡᠬᠦ ᠵᠡᠷᠭᠡ ᠠᠵᠢᠯ ᠢ ᠬᠢᠵᠦ᠂ ᠡᠳᠦᠷ ᠲᠤᠳᠤᠮ ᠤᠨ ᠪᠠᠲᠤᠯᠠᠭ᠎ᠠ ᠪᠠ ᠴᠢᠬᠤᠯᠠ ᠪᠠᠲᠤᠯᠠᠭ᠎ᠠ ᠵᠢ ᠬᠠᠷᠢᠯᠴᠠᠨ ᠤᠶᠠᠯᠳᠤᠭᠤᠯᠤᠭᠰᠠᠨ ᠬᠡᠯᠪᠡᠷᠢ ᠵᠢ ᠠᠪᠴᠤ᠂  ᠰᠢᠭᠦᠨ ᠳᠠᠰᠤᠯᠠᠬᠤ ᠠᠵᠢᠯ ᠳᠤ ᠰᠢᠯᠢᠳᠡᠭ ᠠᠵᠢᠯᠠᠯᠭᠠᠨ ᠢ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂《 ᠰᠢᠭᠦᠨ ᠳᠠᠰᠤᠯᠠᠯᠲᠠ ᠰᠢᠨᠵᠢᠯᠡᠬᠦ ᠤᠬᠠᠭᠠᠨᠵᠢᠭᠰᠠᠨ᠂ ᠬᠠᠮᠢᠶᠠᠷᠤᠯᠲᠠ ᠣᠶᠤᠨᠵᠢᠭᠰᠠᠨ᠂ ᠠᠷᠠᠳ ᠳᠤ ᠳᠥᠭᠦᠮ ᠦᠷ᠎ᠡ ᠪᠦᠲᠦᠮᠵᠢ ᠥᠨᠳᠦᠷ》 ᠮᠡᠳᠡᠭᠡ ᠵᠠᠩᠬᠢᠵᠢᠭᠰᠠᠨ ᠬᠡᠷᠡᠭᠯᠡᠭᠦᠨ ᠤ ᠪᠠᠢᠳᠠᠯ ᠢ ᠴᠢᠷᠮᠠᠢᠨ ᠪᠥᠷᠢᠯᠳᠡᠭᠦᠯᠦᠨ᠎ᠡ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )