ᠵᠣᠬᠢᠶᠠᠭᠴᠢ᠄( ᠤᠯᠤᠰ ᠲᠥᠷᠦ ᠶᠢᠨ ᠬᠡᠯᠲᠡᠰ ᠶᠠᠨ ᠯᠢ ᠶᠠ)
ᠣᠢᠷ᠎ᠠ ᠶᠢᠨ ᠡᠳᠦᠷ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠡᠴᠡ ᠳᠥᠭᠦᠮ ᠮᠡᠳᠡᠭᠳᠡᠯ ᠢᠷᠡᠪᠡ᠄ ᠮᠠᠨ ᠤ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠡᠷᠡᠭᠦᠦ ᠬᠣᠶᠠᠳᠤᠭᠠᠷ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠵᠤᠤ ᠰᠢᠶᠠ᠂ ᠡᠵᠡᠨ ᠬᠣᠷᠤᠭ᠎ᠠ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠢᠷᠭᠡᠨ ᠤ ᠨᠢᠭᠡᠳᠦᠭᠡᠷ ᠲᠢᠩᠬᠢᠮ ᠤᠨ ᠲᠢᠩᠬᠢᠮ ᠤᠨ ᠳᠠᠷᠤᠭ᠎ᠠ ᠳ᠋ᠢᠩ ᠯᠢ ᠰᠢᠶᠠ᠂ ᠬᠠᠩᠭᠢᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠰᠢᠭᠦᠨ ᠳᠠᠰᠤᠯᠠᠯᠲᠠ ᠳᠤ ᠬᠢᠨᠠᠯᠲᠠ ᠲᠠᠯᠪᠢᠬᠤ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠵᠤᠤ ᠮᠸᠢ ᠰᠢᠨ ᠵᠡᠷᠭᠡ ᠪᠥᠬᠦ ᠣᠷᠤᠨ ᠤ ᠰᠢᠭᠦᠬᠦ ᠬᠣᠷᠢᠶᠠᠨ ᠤ《 ᠬᠠᠮᠤᠭ ᠭᠣᠶᠤ ᠡᠮᠡᠭᠲᠠᠢ ᠰᠢᠭᠦᠭᠴᠢ》 ᠶᠢᠨ ᠢᠷᠡᠭᠤ ᠠᠯᠳᠠᠢ ᠢ ᠬᠦᠷᠲᠡᠪᠡ᠃
ᠲᠤᠰ ᠤᠳᠠᠭᠠᠨ ᠤ《 ᠬᠠᠮᠤᠭ ᠭᠣᠶᠤ ᠡᠮᠡᠭᠲᠠᠢ ᠰᠢᠭᠦᠭᠴᠢ( ᠡᠮᠡᠭᠲᠠᠢ ᠺᠠᠲᠠᠷ ᠴᠠᠭᠳᠠᠭ᠎ᠠ)》 ᠵᠢ ᠰᠢᠯᠭᠠᠷᠠᠭᠤᠯᠤᠭᠰᠠᠨ ᠬᠥᠳᠡᠯᠭᠡᠭᠡᠨ ᠵᠢ ᠥᠪᠡᠷᠲᠡᠭᠡᠨ ᠵᠠᠰᠠᠬᠤ ᠣᠷᠤᠨ ᠤ ᠨᠠᠮ ᠤᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠤᠨ ᠤ ᠡᠮᠡᠭᠲᠠᠢᠴᠤᠳ ᠤᠨ ᠬᠣᠯᠪᠤᠭᠠᠨ ᠡᠴᠡ ᠪᠥᠬᠦ ᠣᠷᠤᠨ ᠤ ᠬᠡᠪᠴᠢᠶᠡᠨ ᠬᠣᠯᠪᠤᠭᠠᠯᠠᠨ ᠶᠠᠪᠤᠭᠳᠠᠭᠤᠯᠤᠭᠰᠠᠨ《 ᠪᠢ ᠥᠪᠡᠳᠡᠭᠰᠢ ᠶᠡᠬᠡ70 ᠤᠨ ᠤᠢ ᠳᠤ ᠥᠩᠭᠡ ᠨᠡᠮᠡᠷᠢᠯᠡᠨ᠎ᠡ---2017 ᠣᠨ ᠤᠮᠠᠷᠠᠲᠤ ᠬᠢᠯᠢ ᠶᠢᠨ ᠬᠠᠮᠤᠭ ᠰᠠᠢᠬᠠᠨ ᠡᠮᠡᠭᠲᠠᠢᠴᠤᠤᠳ ᠢ ᠡᠷᠢᠯᠬᠢᠯᠡᠬᠦ》 ᠬᠥᠳᠡᠯᠭᠡᠭᠡᠨ ᠤ ᠠᠭᠤᠯᠭ᠎ᠠ ᠶᠢᠨ ᠨᠢᠭᠡ ᠪᠡᠷ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶ᠎ᠠ ᠨᠢ ᠡᠨᠡ ᠵᠢᠯ ᠤᠨ5 ᠰᠠᠷ᠎ᠠ ᠳᠤ ᠪᠥᠬᠦ ᠣᠷᠤᠨ ᠤ ᠰᠢᠭᠦᠭᠦ ᠬᠣᠷᠢᠶᠠᠨ ᠳᠤ《 ᠬᠠᠮᠤᠭ ᠭᠣᠶᠤ ᠡᠮᠡᠭᠲᠠᠢ ᠰᠢᠭᠦᠭᠴᠢ( ᠡᠮᠡᠭᠲᠠᠢ ᠺᠠᠲᠠᠷ ᠴᠠᠭᠳᠠᠭ᠎ᠠ)》 ᠵᠢ ᠰᠤᠩᠭᠤᠬᠤ ᠬᠥᠳᠡᠯᠭᠡᠭᠡᠨ ᠢ ᠥᠷᠨᠢᠭᠦᠯᠪᠡ᠃ ᠶᠠᠪᠤᠴᠠ ᠵᠢ ᠴᠢᠩᠭ᠎ᠠ ᠨᠢᠮᠪᠠᠢ ᠪᠠᠷᠢᠵᠤ᠂ ᠰᠠᠢᠨ ᠤ ᠳᠤᠮᠳᠠ ᠡᠴᠡ ᠰᠢᠯᠢᠳᠡᠭ ᠢ ᠰᠣᠩᠭᠤᠵᠤ᠂ ᠮᠠᠨ ᠤ ᠬᠣᠲᠠ ᠶᠢᠨ ᠵᠤᠤ ᠰᠢᠶᠠ ᠵᠡᠷᠭᠡ ᠭᠤᠷᠪᠠᠨ ᠡᠮᠡᠭᠲᠠᠢ ᠰᠢᠭᠦᠭᠴᠢ ᠲᠡᠳᠡᠨᠦᠰ ᠤᠨ ᠠᠷᠠᠳ ᠤᠨ ᠲᠥᠯᠦᠭᠡ ᠬᠠᠤᠯᠢ ᠬᠡᠷᠡᠭᠵᠢᠭᠦᠯᠵᠦ᠂ ᠡᠷᠬᠡ ᠲᠡᠭᠰᠢ ᠬᠠᠤᠯᠢ ᠬᠡᠷᠡᠭᠵᠢᠭᠦᠯᠦᠭᠰᠡᠨ ᠠᠵᠢᠯ ᠤᠨ ᠠᠮᠵᠢᠯᠲᠠ ᠡᠴᠡ ᠪᠣᠯᠵᠤ ᠪᠥᠬᠦ ᠣᠷᠤᠨ ᠤ ᠰᠢᠭᠦᠬᠦ ᠬᠣᠷᠢᠶᠠᠨ ᠤ《 ᠬᠠᠮᠤᠭ ᠭᠣᠶᠤ ᠡᠮᠡᠭᠲᠠᠢ ᠰᠢᠭᠦᠭᠴᠢ》 ᠢᠶᠡᠷ ᠰᠣᠩᠭᠤᠭᠳᠠᠪᠠ᠃
ᠭᠤᠷᠪᠠᠨ ᠡᠮᠡᠭᠲᠠᠢ ᠰᠢᠭᠦᠭᠴᠢ ᠶᠢᠨ ᠲᠥᠪ ᠭᠣᠣᠯᠴᠢ ᠠᠷᠢᠭᠤᠨ ᠴᠢᠭᠡᠴᠢ᠂ ᠦᠢᠯᠡᠰ ᠢᠶᠡᠨ ᠳᠡᠭᠡᠳᠦᠯᠡᠨ ᠬᠠᠷᠠᠮ ᠦᠭᠡᠢ ᠵᠢᠳᠭᠦᠭᠦ ᠦᠢᠯᠡ ᠠᠵᠢᠯᠠᠯᠭ᠎ᠠ ᠨᠢ ᠪᠥᠬᠦ ᠬᠣᠲᠠ ᠶᠢᠨ ᠰᠢᠭᠦᠬᠦ ᠬᠣᠷᠢᠶᠠᠨ ᠤ ᠡᠩᠨᠡᠭᠡᠨ ᠤ ᠪᠦᠲᠦᠭᠡᠨ ᠪᠠᠢᠭᠤᠯᠤᠯᠲᠠ ᠶᠢᠨ ᠦᠷ᠎ᠡ ᠪᠦᠲᠦᠮᠵᠢ ᠵᠢ ᠲᠥᠪᠯᠡᠷᠡᠭᠦᠯᠦᠨ ᠢᠯᠡᠷᠡᠭᠦᠯᠵᠦ᠂ ᠣᠷᠳᠤᠰ ᠬᠣᠲᠠ ᠶᠢᠨ ᠰᠢᠭᠦᠬᠦ ᠬᠣᠷᠢᠶᠠᠨ ᠤ ᠰᠢᠰᠲ᠋ᠧᠮ ᠤᠨ ᠰᠢᠯᠢᠳᠡᠭ ᠡᠮᠡᠭᠲᠠᠢᠴᠤᠳ ᠤᠨ ᠴᠠᠭ ᠦᠶ᠎ᠡ ᠶᠢᠨ ᠴᠤᠭ ᠵᠢᠪᠬᠤᠭ᠎ᠠ ᠵᠢ ᠲᠣᠳᠤᠷᠠᠭᠤᠯᠵᠤ᠂ ᠡᠮᠡᠭᠲᠠᠢ ᠰᠢᠭᠦᠭᠴᠢ ᠶᠢᠨ ᠵᠣᠷᠢᠭᠲᠠᠢ ᠪᠡᠷ ᠡᠭᠦᠷᠭᠡᠯᠡᠵᠦ᠂ ᠥᠭᠡᠳᠡᠯᠡᠨ ᠳᠠᠪᠰᠢᠬᠤ ᠵᠣᠷᠢᠭ ᠰᠠᠨᠠᠭ᠎ᠠ ᠵᠢ ᠪᠠᠲᠠᠷᠠᠭᠤᠯᠪᠠ᠃ ᠪᠥᠬᠦ ᠬᠤᠳᠠ ᠶᠢᠨ ᠰᠢᠭᠦᠬᠦ ᠬᠣᠷᠢᠶᠠᠨ ᠤ ᠺᠠᠲᠠᠷ ᠴᠠᠭᠳᠠᠭ᠎ᠠ ᠡᠨᠡ ᠭᠤᠷᠪᠠᠨ ᠨᠡᠷ᠎ᠡ ᠡᠮᠡᠭᠲᠠᠢ ᠰᠢᠭᠦᠭᠴᠢ ᠪᠡᠷ ᠳᠠᠭᠤᠷᠢᠶᠠᠯ ᠪᠣᠯᠭᠠᠨ᠂ ᠦᠵᠡᠯ ᠰᠠᠨᠠᠭ᠎ᠠ ᠢᠲᠡᠭᠡᠯ ᠪᠢᠰᠢᠷᠡᠯ ᠢᠶᠡᠨ ᠤᠯᠠᠮ ᠨᠢᠭᠡ ᠠᠯᠬᠤᠮ ᠪᠠᠲᠤᠳᠭᠠᠨ᠂ ᠠᠷᠠᠳ ᠤᠨ ᠲᠥᠯᠦᠭᠡ ᠵᠢᠳᠭᠦᠭᠦ ᠰᠡᠳᠭᠢᠯ ᠢ ᠴᠢᠩᠭ᠎ᠠ ᠪᠠᠷᠢᠵᠤ᠂ ᠡᠷᠬᠡ ᠲᠡᠭᠰᠢ ᠪᠡᠷ ᠬᠠᠤᠯᠢ ᠬᠡᠷᠡᠭᠵᠢᠭᠦᠯᠬᠦ ᠵᠢ ᠪᠠᠷᠢᠮᠲᠠᠯᠠᠵᠤ᠂ ᠪᠥᠬᠦ ᠵᠢᠯ ᠤᠨ ᠡᠯ᠎ᠡ ᠲᠥᠷᠦᠯ ᠤᠨ ᠠᠵᠢᠯ ᠤᠨ ᠬᠠᠷᠠᠯᠲᠠ ᠪᠡᠨ ᠪᠡᠶᠡᠯᠡᠭᠦᠯᠬᠦ ᠵᠢ ᠪᠠᠲᠤᠯᠠᠵᠤ᠂ ᠨᠡᠩ ᠰᠠᠢᠨ ᠰᠢᠯᠢᠳᠡᠭ ᠪᠦᠲᠦᠮᠵᠢ ᠪᠡᠷ ᠨᠠᠮ ᠤᠨ ᠠᠷᠪᠠ ᠶᠢᠰᠦᠳᠦᠭᠡᠷ ᠬᠤᠷᠠᠯ ᠢ ᠤᠭᠲᠤᠬᠤ ᠵᠢ ᠪᠠᠲᠤᠯᠠᠬᠤ ᠬᠡᠷᠡᠭᠲᠠᠢ᠃
ᠦᠨᠡᠯᠡᠬᠦ 0ᠦᠨᠡᠯᠡᠯᠲᠡ ᠲᠠᠢ