ᠥᠮᠴᠢᠲᠡᠨ ᠥᠪᠡᠷ ᠢᠶᠡᠨ ᠠᠳᠠᠯ ᠠᠬᠤᠢ ᠶᠢᠨ ᠭᠡᠷ᠎ᠡ ᠳᠤ ᠭᠠᠷ ᠤᠨ ᠦᠰᠦᠭ ᠵᠢᠷᠤᠭᠰᠠᠨ ᠦᠭᠡᠢ ᠪᠡᠷ ᠰᠢᠯᠲᠠᠭ ᠪᠣᠯᠭᠠᠵᠤ ᠠᠳᠠᠯ ᠠᠬᠤᠢ ᠶᠢᠨ ᠰᠦᠢᠳᠭᠡᠯ ᠲᠤᠰᠢᠶᠠᠬᠤ ᠵᠢ ᠲᠡᠪᠴᠢᠵᠤ ᠪᠣᠯᠤᠨ᠎ᠠ ᠤᠤ︖
2017.07.27 ᠲᠣᠰ ᠥᠷᠲᠡᠭᠡᠨ᠎ᠦ ᠨᠠᠢᠷᠠᠭᠤᠯᠤᠭᠴᠢ

ᠵᠣᠬᠢᠶᠠᠭᠴᠢ᠄ ᠬᠠᠩᠭᠢᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠲᠣᠭᠤᠷᠢᠨ ᠰᠢᠭᠦᠬᠦ ᠲᠢᠩᠬᠢᠮ    ᠰᠢᠶᠠ ᠮᠸᠢ ᠫᠢᠩ

 

  《 ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠵᠢ ᠥᠮᠴᠢᠲᠡᠨ  ᠤ ᠺᠣᠮᠢᠰ  ᠪᠣᠯᠤᠨ ᠠᠳᠠᠯ ᠠᠬᠤᠢ ᠤᠨ ᠺᠣᠮᠫᠠᠨᠢ ᠭᠡᠷ᠎ᠡ ᠳᠤᠭᠲᠠᠵᠤ᠂ ᠨᠠᠳᠠ ᠳᠤ ᠬᠡᠯᠡᠭᠰᠡᠨ ᠦᠭᠡᠢ ᠪᠠᠢᠵᠤ᠂ ᠪᠢ ᠪᠠᠢᠳᠠᠯ ᠢ ᠣᠢᠯᠭᠠᠬᠤ ᠦᠭᠡᠢ᠂ ᠡᠢᠮᠦ ᠡᠴᠡ ᠰᠦᠢᠳᠭᠡᠯ ᠲᠤᠰᠢᠶᠠᠬᠤ ᠦᠭᠡᠢ》᠃ ᠣᠢᠷ᠎ᠠ ᠶᠢᠨ ᠡᠳᠦᠷ ᠬᠠᠩᠭᠢᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠲᠣᠭᠤᠷᠢᠨ ᠰᠢᠭᠦᠬᠦ ᠲᠢᠩᠬᠢᠮ ᠨᠢ  ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠵᠢᠭᠤᠷᠤᠯᠳᠤᠭᠠᠨ ᠤ ᠲᠤᠬᠠᠢ ᠨᠢᠭᠡ ᠬᠡᠷᠡᠭ ᠢ ᠬᠦᠯᠢᠶᠡᠨ ᠠᠪᠴᠤ᠂ ᠵᠠᠭᠠᠯᠳᠤᠭᠳᠠᠭᠴᠢ ᠾᠸ ᠣᠪᠤᠭᠲᠤ ᠲᠡᠭᠡᠷᠡᠬᠢ ᠮᠡᠲᠦ ᠰᠢᠯᠲᠠᠭᠠᠨ ᠢ ᠳᠤᠷᠠᠳᠴᠤ᠂ ᠠᠳᠠᠯ  ᠠᠬᠤᠢ ᠤᠨ ᠰᠦᠢᠳᠭᠡᠯ ᠲᠤᠰᠢᠶᠠᠬᠤ ᠵᠢ ᠲᠡᠪᠴᠢᠪᠡ᠃ ᠰᠢᠭᠦᠬᠦ ᠬᠣᠷᠢᠶᠠᠨ ᠤ ᠰᠢᠭᠦᠨ ᠰᠢᠢᠳᠪᠦᠷᠢᠯᠡᠭᠰᠡᠨ ᠠᠳᠠᠯ ᠠᠬᠤᠢ ᠶᠢᠨ ᠭᠡᠷ᠎ᠡ ᠶᠢᠨ ᠵᠢᠭᠤᠷᠤᠯᠳᠤᠭᠠᠨ ᠳᠤ ᠮᠠᠰᠢ ᠤᠯᠠᠨ ᠥᠮᠴᠢᠲᠡᠨ ᠥᠪᠡᠷ ᠢᠶᠡᠨ ᠠᠳᠠᠯ ᠠᠬᠤᠢ ᠶᠢᠨ ᠭᠡᠷ᠎ᠡ ᠳᠤᠭᠲᠠᠭᠰᠠᠨ ᠦᠭᠡᠢ ᠪᠡᠷ ᠰᠢᠯᠲᠠᠭ ᠪᠣᠯᠭᠠᠨ ᠠᠳᠠᠯ ᠠᠬᠤᠢ ᠶᠢᠨ ᠰᠦᠢᠳᠭᠡᠯ ᠲᠤᠰᠢᠶᠠᠬᠤ  ᠵᠢ ᠲᠡᠪᠴᠢᠳᠡᠭ᠃ ᠲᠡᠭᠡᠪᠡᠯ ᠨᠡᠨ ᠵᠢ ᠪᠣᠯᠤᠨ᠎ᠠ ᠤᠤ? ᠤᠷᠢᠳᠠᠪᠡᠷ ᠬᠠᠤᠯᠢ ᠳᠤ ᠬᠡᠷᠬᠢᠨ ᠳᠤᠭᠲᠠᠭᠰᠠᠨ ᠢ ᠬᠠᠷᠠᠶ᠎ᠠ᠄

    ᠬᠠᠤᠯᠢ ᠳᠤᠭᠲᠠᠭᠠᠯ ᠤᠨ ᠳᠥᠭᠦᠮ ᠳᠠᠨᠢᠯᠴᠠᠭᠤᠯᠭ᠎ᠠ᠄

  《 ᠠᠳᠠᠯ ᠠᠬᠤᠢ ᠶᠢᠨ ᠬᠠᠮᠢᠶᠠᠷᠤᠯᠲᠠ ᠶᠢᠨ ᠵᠤᠷᠪᠤᠰ》 ᠤᠨ ᠠᠷᠪᠠᠨ ᠬᠣᠶᠠᠳᠤᠭᠠᠷ ᠵᠤᠷᠪᠤᠰ ᠤᠨ ᠳᠥᠷᠪᠡᠳᠦᠭᠡᠷ ᠵᠦᠢᠯ ᠤᠨ ᠳᠤᠭᠲᠠᠭᠠᠯ᠂ ᠥᠮᠴᠢᠲᠡᠨ ᠤ ᠶᠡᠬᠡ ᠬᠤᠷᠠᠯ ᠡᠰᠡᠭᠦᠯ᠎ᠡ ᠥᠮᠴᠢᠲᠡᠨ ᠤ ᠺᠣᠮᠢᠰ ᠤᠨ ᠰᠢᠢᠳᠪᠦᠷᠢ ᠨᠢ ᠥᠮᠴᠢᠲᠡᠨ ᠢ ᠬᠢᠵᠠᠭᠠᠷᠯᠠᠬᠤ ᠬᠦᠴᠦᠨ ᠲᠠᠢ᠃

    ᠠᠷᠪᠠᠨ ᠲᠠᠪᠤᠳᠤᠭᠠᠷ ᠵᠤᠷᠪᠤᠰ    ᠥᠮᠴᠢᠲᠡᠨ ᠤ ᠺᠣᠮᠢᠰ ᠡᠴᠡ ᠥᠮᠴᠢᠲᠡᠨ ᠤ ᠶᠡᠬᠡ ᠬᠤᠷᠠᠯ ᠤᠨ ᠰᠢᠢᠳᠪᠦᠷᠢ ᠭᠠᠷᠭᠠᠭᠰᠠᠨ ᠶᠠᠪᠤᠳᠠᠯ ᠤᠳ ᠢ ᠭᠦᠢᠴᠡᠳᠭᠡᠵᠦ᠂ ᠳᠣᠣᠷᠠᠬᠢ ᠮᠡᠲᠦ ᠬᠠᠷᠢᠭᠤᠴᠠᠯᠭ᠎ᠠ ᠵᠢ ᠭᠦᠢᠴᠡᠳᠭᠡᠨ᠎ᠡ᠄( ᠬᠤᠶᠠᠷ) ᠥᠮᠴᠢᠲᠡᠨ ᠪᠣᠯᠤᠨ ᠥᠮᠴᠢᠲᠡᠨ ᠤ ᠶᠡᠬᠡ ᠬᠤᠷᠠᠯ ᠢ ᠲᠥᠯᠦᠭᠡᠯᠡᠨ ᠰᠣᠩᠭᠤᠭᠰᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠯᠠᠯ ᠲᠠᠢ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠵᠢ ᠳᠤᠭᠲᠠᠨ᠎ᠠ᠃

     ᠬᠣᠷᠢᠨ ᠨᠢᠭᠡᠳᠦᠭᠡᠷ ᠵᠤᠷᠪᠤᠰ    ᠥᠮᠴᠢᠲᠡᠨ᠂ ᠥᠮᠴᠢᠲᠡᠨ ᠤ ᠶᠡᠬᠡ ᠬᠤᠷᠠᠯ ᠡᠴᠡ ᠠᠳᠠᠯ ᠠᠬᠤᠢ ᠶᠢᠨ ᠦᠢᠯᠡᠴᠡᠯᠡᠭᠡᠨ ᠤ ᠠᠵᠤ ᠠᠬᠤᠢᠯᠠᠯ ᠢ ᠰᠤᠩᠭᠤᠬᠤ ᠡᠴᠡ ᠡᠮᠦᠨ᠎ᠡ᠂ ᠪᠦᠲᠦᠭᠡᠨ ᠪᠠᠢᠭᠤᠯᠤᠭᠰᠠᠨ ᠨᠢᠭᠡᠴᠢ ᠶᠢᠨ ᠰᠣᠩᠭᠤᠨ ᠬᠡᠷᠡᠭᠯᠡᠭᠰᠡᠨ ᠠᠳᠠᠯ ᠠᠬᠤᠢ ᠶᠢᠨ ᠦᠢᠯᠡᠴᠡᠯᠡᠭᠡᠨ ᠤ ᠠᠵᠤ ᠠᠬᠤᠢᠯᠠᠯ ᠨᠢ ᠪᠢᠴᠢᠭ᠌ ᠤᠨ ᠬᠡᠯᠪᠡᠷᠢ ᠪᠡᠷ ᠡᠮᠦᠨ᠎ᠡ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠵᠢ ᠳᠤᠭᠲᠠᠭᠰᠠᠨ ᠪᠠᠢᠬᠤ ᠬᠡᠷᠡᠭᠲᠠᠢ᠃

   ᠭᠤᠴᠢᠨ ᠳᠥᠷᠪᠡᠳᠦᠭᠡᠷ ᠵᠤᠷᠪᠤᠰ   ᠥᠮᠴᠢᠲᠠᠨ ᠤ ᠺᠣᠮᠢᠰ ᠨᠢ ᠥᠮᠴᠢᠲᠡᠨ ᠤ ᠶᠡᠬᠡ ᠬᠤᠷᠠᠯ ᠡᠴᠡ ᠰᠣᠩᠭᠤᠭᠰᠠᠨ ᠠᠳᠠᠯ ᠠᠬᠤ ᠶᠢᠨ ᠦᠢᠯᠡᠴᠢᠯᠡᠭᠡᠨ ᠤ ᠠᠵᠤ ᠠᠬᠤᠢᠯᠠᠯ ᠲᠠᠢ ᠦᠰᠦᠭ ᠪᠢᠴᠢᠭ᠌ ᠤᠨ ᠬᠡᠯᠪᠡᠷᠢ ᠶᠢᠨ ᠠᠳᠠᠯ  ᠠᠬᠤᠢ ᠶᠢᠨ ᠦᠢᠯᠡᠴᠢᠯᠡᠭᠡᠨ ᠤ ᠭᠡᠷ᠎ᠡ ᠵᠢ ᠳᠤᠭᠲᠠᠭᠰᠠᠨ ᠪᠠᠢᠬᠤ ᠬᠡᠷᠡᠭᠲᠠᠢ᠃

    ᠠᠳᠠᠯ  ᠠᠬᠤᠢ ᠶᠢᠨ ᠦᠢᠯᠡᠴᠢᠯᠡᠭᠡᠨ ᠤ ᠭᠡᠷ᠎ᠡ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠲᠥᠷᠦᠯ ᠵᠦᠢᠯ᠂ ᠦᠢᠯᠡᠴᠢᠯᠡᠭᠡᠨ ᠤ ᠴᠢᠨᠠᠷ᠂ ᠦᠢᠯᠡᠴᠢᠯᠡᠭᠡᠨ ᠤ ᠵᠠᠷᠤᠳᠠᠯ᠂ ᠬᠤᠶᠠᠷ ᠡᠲᠡᠭᠡᠳ ᠤᠨ ᠡᠷᠬᠡ ᠠᠰᠢᠭ ᠬᠠᠷᠢᠭᠤᠴᠠᠯᠭ᠎ᠠ᠂ ᠲᠤᠰᠭᠠᠢ ᠲᠥᠷᠦᠯ ᠤᠨ ᠵᠠᠰᠠᠨ ᠰᠡᠯᠪᠢᠬᠦ ᠮᠥᠩᠭᠦ ᠶᠢᠨ ᠬᠠᠮᠢᠶᠠᠷᠤᠯᠲᠠ ᠪᠣᠯᠤᠨ ᠬᠡᠷᠡᠭᠯᠡᠯᠲᠡ᠂ ᠠᠳᠠᠯ ᠠᠬᠤᠢ ᠶᠢᠨ ᠬᠠᠮᠢᠶᠠᠷᠤᠯᠲᠠ ᠳᠤ ᠬᠡᠷᠡᠭᠯᠡᠬᠦ ᠭᠡᠷ᠂ ᠭᠡᠷ᠎ᠡ ᠶᠢᠨ ᠬᠤᠭᠤᠴᠠᠭ᠎ᠠ᠂ ᠭᠡᠷ᠎ᠡ ᠡᠴᠡ ᠵᠥᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠵᠢ ᠪᠣᠯᠵᠤᠨ ᠳᠤᠭᠲᠠᠬᠤ ᠬᠡᠷᠡᠭᠲᠠᠢ᠃

    ᠳᠥᠴᠢᠨ ᠨᠢᠭᠡᠳᠦᠭᠡᠷ ᠵᠤᠷᠪᠤᠰ   ᠥᠮᠴᠢᠲᠡᠨ ᠠᠳᠠᠯ ᠠᠬᠤᠢ ᠶᠢᠨ ᠭᠡᠷ᠎ᠡ ᠶᠢᠨ ᠳᠤᠭᠳᠠᠭᠠᠯ ᠶᠣᠰᠣᠭᠠᠷ ᠠᠳᠠᠯ ᠠᠬᠤᠢ ᠶᠢᠨ ᠰᠦᠢᠳᠭᠡᠯ ᠢᠶᠡᠨ ᠲᠤᠰᠢᠶᠠᠬᠤ ᠬᠡᠷᠡᠭᠲᠠᠢ᠃ ᠥᠮᠴᠢᠲᠡᠨ ᠪᠠ ᠠᠳᠠᠯ ᠠᠬᠤᠢ ᠵᠢ ᠬᠡᠷᠡᠭᠯᠡᠬᠦ ᠪᠡᠷ ᠳᠤᠭᠲᠠᠭᠰᠠᠨ ᠬᠥᠮᠦᠨ ᠤ ᠳᠤᠭᠲᠠᠭᠰᠠᠨ ᠠᠳᠠᠯ ᠠᠬᠤᠢ ᠵᠢ ᠬᠡᠷᠡᠭᠯᠡᠬᠦ ᠬᠥᠮᠦᠨ ᠠᠳᠠᠯ ᠠᠬᠤᠢ ᠶᠢᠨ ᠰᠦᠢᠳᠭᠡᠯ ᠲᠤᠰᠢᠶᠠᠬᠤ ᠪᠡᠷ ᠳᠤᠭᠲᠠᠭᠰᠠᠨ ᠨᠢ᠂ ᠲᠡᠭᠦᠨ ᠤ ᠪᠣᠯᠵᠤᠭ᠎ᠠ ᠵᠢ ᠦᠨᠳᠦᠰᠦᠯᠡᠨ᠂ ᠥᠮᠴᠢᠲᠡᠨ ᠰᠦᠢᠳᠭᠡᠯ ᠲᠤᠰᠢᠶᠠᠬᠤ ᠬᠣᠯᠪᠤᠭᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃

  ᠰᠢᠭᠦᠭᠴᠢ ᠶᠢᠨ ᠦᠵᠡᠯᠲᠡ᠄

   ᠳᠡᠭᠡᠷᠡᠬᠢ ᠬᠠᠤᠯᠢ ᠳᠦᠷᠢᠮ ᠤᠨ ᠲᠠᠨᠢᠯᠴᠠᠭᠤᠯᠭ᠎ᠠ ᠡᠴᠡ ᠪᠢᠳᠡ᠄ ᠡᠮᠦᠨ᠎ᠡ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠲᠠ ᠵᠢ ᠨᠡᠬᠡᠭᠡᠨ ᠠᠰᠢᠭᠯᠠᠭᠰᠠᠨ ᠠᠵᠤ ᠠᠬᠤᠢᠯᠠᠯ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠴᠢ ᠠᠳᠠᠯ ᠠᠬᠤᠢ ᠶᠢᠨ ᠬᠠᠮᠢᠶᠠᠷᠤᠯᠲᠠ ᠶᠢᠨ ᠭᠡᠷ᠎ᠡ ᠳᠤᠭᠲᠠᠨ᠎ᠠ᠃ ᠥᠮᠴᠢᠲᠡᠨ ᠤ ᠶᠡᠬᠡ ᠬᠤᠷᠠᠯ ᠪᠠᠢᠭᠤᠯᠤᠭᠳᠠᠭᠰᠠᠨ ᠤ ᠳᠠᠷᠠᠭ᠎ᠠ᠂ ᠥᠮᠴᠢᠲᠡᠨ ᠤ ᠺᠥᠮᠢᠰ ᠡᠴᠡ ᠥᠮᠴᠢᠲᠡᠨ ᠢ ᠲᠥᠯᠦᠭᠡᠯᠡᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠤ ᠠᠬᠤᠢᠯᠠᠯ ᠲᠠᠢ ᠠᠳᠠᠯ ᠠᠬᠤᠢ ᠶᠢᠨ ᠬᠠᠮᠢᠶᠠᠷᠤᠯᠲᠠ ᠶᠢᠨ ᠭᠡᠷ᠎ᠡ ᠳᠤᠭᠲᠠᠨ᠎ᠠ᠃ ᠡᠢᠮᠦᠷᠬᠦ ᠭᠡᠷ᠎ᠡ ᠨᠢ ᠲᠣᠭᠤᠷᠢᠭ ᠤᠨ ᠲᠤᠳᠤᠷᠠᠬᠢ ᠦᠢᠯᠡᠴᠢᠯᠡᠭᠡᠨ ᠳᠤ ᠬᠢᠵᠠᠭᠠᠷᠯᠠᠬᠤ ᠦᠢᠯᠡᠳᠦᠯ ᠲᠠᠢ ᠪᠠᠢᠵᠤ᠂ ᠬᠡᠲᠦᠢᠪᠡᠷ ᠰᠠᠭᠤᠭᠠᠯᠢ ᠲᠣᠭᠤᠷᠢᠭ ᠤᠨ ᠺᠣᠮᠢᠰ ᠤᠨ ᠲᠥᠯᠦᠭᠡᠯᠡᠭᠴᠢ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠭᠡᠷ᠎ᠡ ᠳᠤᠭᠲᠠᠭᠰᠠᠨ ᠪᠤᠯᠪᠠᠴᠦ ᠭᠡᠷ᠎ᠡ ᠶᠢᠨ ᠬᠤᠶᠠᠷ ᠡᠲᠡᠭᠡᠳ ᠨᠢ ᠮᠥᠨ ᠯᠠ ᠥᠮᠴᠢᠲᠡᠨ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠪᠣᠯᠤᠨ᠎ᠠ᠃ ᠡᠢᠮᠦ ᠡᠴᠡ ᠵᠥᠪᠬᠡᠨ ᠠᠳᠠᠯ ᠠᠬᠤᠢ ᠶᠢᠨ ᠺᠣᠮᠫᠠᠨᠢ ᠡᠴᠡ ᠠᠳᠠᠯ ᠠᠬᠤᠢ ᠶᠢᠨ ᠦᠢᠯᠡᠴᠢᠯᠡᠭᠡᠨ ᠢᠶᠡᠨ ᠬᠡᠪ ᠢᠶᠡᠷ ᠬᠠᠩᠭᠠᠭᠰᠠᠨ ᠪᠠᠢᠪᠠᠯ᠂ ᠥᠮᠴᠢᠲᠡᠨ ᠡᠴᠡ ᠭᠡᠷ᠎ᠡ ᠳᠤ ᠳᠤᠭᠲᠠᠭᠰᠠᠨ ᠠᠭᠤᠯᠭ᠎ᠠ ᠶᠣᠰᠣᠭᠠᠷ ᠠᠳᠠᠯ ᠠᠬᠤᠢ ᠶᠢᠨ ᠰᠦᠢᠳᠭᠡᠯ ᠲᠤᠰᠢᠶᠠᠬᠤ ᠬᠡᠷᠡᠭᠲᠠᠢ᠃  ᠬᠡᠷᠪᠡ ᠥᠮᠴᠢᠲᠡᠡ ᠠᠳᠠᠯ ᠠᠬᠤᠢ ᠶᠢᠨ ᠺᠣᠮᠫᠠᠨᠢ ᠶᠢᠨ ᠬᠠᠮᠢᠶᠠᠷᠤᠯᠲᠠ ᠨᠢ ᠦᠨᠡᠨᠬᠦ ᠬᠦᠷᠦᠯᠴᠡᠬᠦ ᠦᠭᠡᠢ ᠪᠠᠢᠬᠤ ᠭᠡᠷᠡᠴᠢ ᠡᠰᠡᠭᠦᠯ᠎ᠡ ᠳᠤᠭᠲᠠᠭᠠᠯ ᠢ ᠵᠥᠷᠢᠴᠡᠨ ᠰᠦᠢᠳᠭᠡᠯ ᠬᠤᠷᠢᠶᠠᠭᠰᠠᠨ ᠭᠡᠷᠡᠴᠢ ᠪᠠᠢᠪᠠᠯ᠂ ᠡᠰᠡᠷᠭᠦᠴᠡᠨ ᠮᠠᠷᠭᠤᠯᠳᠤᠬᠤ᠂ ᠬᠡᠯᠳᠦᠷᠢᠭᠦᠯᠬᠦ ᠡᠰᠡᠭᠦᠯ᠎ᠡ ᠬᠡᠰᠡᠭ ᠪᠥᠯᠦᠭ ᠵᠠᠷᠤᠳᠠᠯ ᠢ ᠨᠢ ᠪᠠᠭᠠᠰᠭᠠᠵᠤ ᠪᠣᠯᠤᠨ᠎ᠠ᠃《 ᠭᠡᠷ  ᠲᠤ ᠪᠡᠨ ᠰᠠᠭᠤᠭᠰᠠᠨ ᠦᠭᠡᠢ ᠡᠴᠡ ᠠᠳᠠᠯ ᠠᠬᠤᠢ ᠶᠢᠨ ᠦᠢᠯᠡᠴᠢᠭᠡᠬᠡ ᠬᠦᠯᠢᠶᠡᠭᠰᠡᠨ ᠦᠭᠡᠢ》᠂《 ᠭᠡᠷ᠎ᠡ ᠳᠤ ᠭᠠᠷ ᠤᠨ ᠦᠰᠦᠭ ᠵᠢᠷᠤᠭᠰᠠᠨ ᠦᠭᠡᠢ᠂ ᠡᠢᠮᠦ ᠡᠴᠡ ᠰᠦᠢᠳᠭᠡᠯ ᠲᠤᠰᠢᠶᠠᠬᠤ ᠦᠭᠡᠢ》᠂᠂᠂᠂᠂᠂ ᠵᠡᠷᠭᠡ ᠨᠢ ᠰᠦᠢᠳᠭᠡᠯ ᠲᠤᠰᠢᠶᠠᠬᠤ ᠦᠭᠡᠢ ᠬᠡᠭᠦᠷ ᠬᠠᠤᠯᠢ ᠶᠣᠰᠤᠨ ᠤ ᠡᠰᠡᠷᠭᠦᠴᠡᠨ ᠮᠠᠷᠭᠤᠯᠳᠤᠬᠤ ᠰᠢᠯᠲᠠᠭᠠᠨ ᠪᠣᠯᠵᠤ ᠪᠣᠯᠬᠤ ᠦᠭᠡᠢ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )