9 ᠰᠠᠷ᠎ᠠ ᠶᠢᠨ8 ᠤ ᠦᠳᠡ ᠶᠢᠨ ᠡᠮᠦᠨ᠎ᠡ ᠶᠢᠨ9᠄00᠂ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠠᠬᠠᠯᠠᠬᠤ ᠪᠠᠭᠰᠢ ᠶᠢᠨ ᠪᠦᠯᠭᠦᠮ ᠤᠨ ᠥᠪᠦᠷ ᠮᠣᠩᠭᠤᠯ ᠳᠡᠬᠢ ᠲᠣᠭᠤᠷᠢᠨ ᠬᠢᠴᠢᠶᠡᠯᠯᠡᠬᠦ ᠵᠠᠰᠠᠭ ᠵᠠᠬᠢᠷᠭᠠᠨ ᠤ ᠰᠢᠭᠦᠨ ᠳᠠᠰᠤᠯᠠᠬᠤ ᠲᠤᠰᠭᠠᠢ ᠬᠢᠴᠢᠶᠡᠯ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠣᠣᠯ ᠬᠢᠴᠢᠶᠡᠯ ᠤᠨ ᠲᠢᠩᠬᠢᠮ ᠳᠤ ᠬᠢᠴᠢᠶᠡᠯ ᠡᠬᠢᠯᠡᠵᠦ᠂ ᠠᠬᠠᠯᠠᠬᠤ ᠪᠠᠭᠰᠢ ᠶᠢᠨ ᠪᠦᠯᠭᠦᠮ ᠤᠨ ᠬᠡᠰᠢᠭᠦᠨ᠂ ᠱᠠᠩᠬᠠᠢ ᠬᠣᠲᠠ ᠶᠢᠨ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠲᠢᠩᠬᠢᠮ ᠤᠨ ᠰᠢᠭᠦᠨ ᠳᠠᠰᠤᠯᠤᠭᠴᠢ ᠯᠢᠨ ᠵᠢᠶᠦ᠋ᠨ ᠬᠤᠸᠠ ᠵᠠᠰᠠᠭ ᠵᠠᠬᠢᠷᠭᠠᠨ ᠤ ᠰᠢᠭᠦᠨ ᠳᠠᠰᠤᠯᠠᠬᠤ ᠶᠢᠨ ᠣᠷᠴᠢᠨ ᠳᠤ ᠲᠤᠰᠭᠠᠢ ᠰᠡᠳᠦᠪᠲᠦ ᠬᠢᠴᠢᠶᠡᠯ ᠣᠷᠤᠪᠠ᠃ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠹᠠᠨ ᠶᠥᠦ ᠹᠠ ᠬᠢᠴᠢᠶᠡᠯᠯᠡᠬᠦ ᠬᠥᠳᠡᠯᠭᠡᠭᠡᠨ ᠳᠤ ᠣᠷᠤᠯᠴᠠᠨ ᠲᠤᠰ ᠤᠳᠠᠭᠠᠨ ᠤ ᠶᠠᠷᠢᠶ᠎ᠠ ᠢᠯᠡᠳᠭᠡᠯ ᠢ ᠬᠥᠲᠦᠯᠡᠪᠡ᠃
ᠯᠢᠨ ᠵᠢᠶᠦ᠋ᠨ ᠬᠤᠸᠠ ᠰᠢᠭᠦᠭᠴᠢ《 ᠰᠢᠨ᠎ᠡ< ᠵᠠᠰᠠᠭ ᠵᠠᠬᠢᠷᠭᠠᠨ ᠤ ᠵᠠᠭᠠᠯᠳᠤᠯᠭ᠎ᠠ ᠶᠢᠨ ᠬᠠᠤᠯᠢ> ᠢ ᠨᠠᠢᠳᠠᠪᠤᠷᠢᠵᠢᠭᠤᠯᠤᠭᠰᠠᠨ ᠪᠠᠢᠳᠠᠯ ᠳᠣᠣᠷ᠎ᠠ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠰᠢᠭᠦᠨ ᠪᠠᠢᠴᠠᠭᠠᠬᠤ ᠠᠵᠢᠯ ᠤᠨ ᠪᠤᠲᠠᠲᠤ ᠰᠤᠳᠤᠯᠭᠠᠨ》 ᠢᠶᠡᠷ ᠭᠣᠣᠯ ᠰᠡᠳᠦᠪ ᠪᠣᠯᠭᠠᠨ᠂ ᠦᠳᠠ ᠶᠢᠨ ᠡᠮᠦᠨ᠎ᠡ ᠶᠢᠨ ᠬᠢᠴᠢᠶᠡᠯ ᠳᠤ ᠭᠣᠣᠯᠳᠠᠭᠤ ᠵᠠᠰᠠᠭ ᠵᠠᠬᠢᠷᠭᠠᠨ ᠤ ᠵᠠᠭᠠᠯᠳᠤᠯᠭ᠎ᠠ ᠶᠢᠨ ᠬᠡᠷᠡᠭ ᠤᠨ ᠬᠡᠷᠡᠭ ᠬᠦᠯᠢᠶᠡᠬᠦ ᠬᠦᠷᠢᠶ᠎ᠡ ᠬᠡᠪᠴᠢᠶ᠎ᠡ᠂ ᠵᠠᠭᠠᠯᠳᠤᠭᠴᠢ ᠶᠢᠨ ᠬᠢᠷᠢ ᠬᠡᠮ ᠤᠨ ᠠᠰᠠᠭᠤᠳᠠᠯ᠂ ᠲᠠᠬᠢᠨ ᠵᠥᠪᠯᠡᠬᠦ ᠪᠠᠢᠭᠤᠯᠤᠮᠵᠢ ᠶᠢᠨ ᠵᠠᠭᠠᠯᠳᠤᠯᠭ᠎ᠠ ᠳᠤ ᠤᠷᠤᠯᠴᠠᠬᠤ ᠠᠰᠠᠭᠤᠳᠠᠯ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠲᠢᠩᠬᠢᠮ ᠳᠤ ᠭᠠᠷᠴᠤ ᠵᠠᠭᠠᠯᠳᠤᠯᠭ᠎ᠠ ᠬᠦᠯᠢᠶᠡᠬᠦ ᠬᠦᠷᠢᠶ᠎ᠡ ᠬᠡᠪᠴᠢᠶ᠎ᠡ᠂ ᠪᠤᠲᠠᠲᠠᠢ ᠠᠷᠭ᠎ᠠ ᠬᠡᠮᠵᠢᠶ᠎ᠡ ᠵᠢᠴᠢ ᠬᠦᠯᠢᠶᠡᠵᠦ ᠪᠣᠯᠬᠤ ᠦᠭᠡᠢ ᠵᠠᠭᠠᠯᠳᠤᠯᠭ᠎ᠠ ᠵᠢ ᠰᠢᠢᠳᠪᠦᠷᠢᠯᠡᠬᠦ ᠵᠡᠷᠭᠡ ᠬᠡᠳᠦᠨ ᠲᠠᠯ᠎ᠠ ᠪᠡᠷ ᠶᠠᠷᠢᠵᠤ᠂ ᠦᠳᠡ ᠶᠢᠨ ᠬᠣᠢᠨ᠎ᠠ ᠨᠢ ᠭᠣᠣᠯᠳᠠᠭᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠶ᠎ᠠ ᠠᠯᠰᠤᠯᠠᠭᠰᠠᠨ ᠵᠠᠰᠠᠭ ᠵᠠᠬᠢᠷᠭᠠᠨ ᠤ ᠬᠡᠷᠡᠭ᠂ ᠳᠦᠷᠢᠮᠵᠢᠯ ᠤᠨ ᠴᠢᠨᠠᠷᠲᠠᠢ ᠪᠢᠴᠢᠭ᠌ ᠬᠠᠷ᠎ᠠ ᠶᠢᠨ ᠳᠠᠭᠠᠯᠳᠤᠭᠤᠯᠤᠨ ᠪᠠᠢᠴᠠᠭᠠᠬᠤ᠂ ᠵᠠᠰᠠᠭ ᠵᠠᠬᠢᠷᠭᠠᠨ ᠤ ᠵᠠᠭᠠᠯᠳᠤᠯᠭ᠎ᠠ ᠶᠢᠨ ᠳᠥᠭᠦᠮ ᠶᠠᠪᠤᠴᠠ ᠵᠢᠴᠢ ᠵᠠᠰᠠᠭ ᠵᠠᠬᠢᠷᠭᠠᠨ ᠤ ᠦᠢᠯᠡ ᠠᠵᠢᠯᠠᠯᠭ᠎ᠠ ᠶᠢᠨ ᠢᠯᠡᠷᠬᠡᠢ ᠵᠣᠬᠢᠰ ᠦᠭᠡᠢ ᠵᠢ ᠰᠢᠭᠦᠨ ᠪᠠᠢᠴᠠᠭᠠᠬᠤ ᠵᠡᠷᠭᠡ ᠳᠥᠷᠪᠡᠨ ᠲᠠᠯ᠎ᠠ ᠵᠢ ᠪᠠᠷᠢᠵᠤ ᠬᠢᠴᠢᠶᠡᠯ ᠣᠷᠤᠨ᠂ ᠱᠠᠩᠬᠠᠢ ᠬᠣᠲᠠ ᠶᠢᠨ ᠭᠤᠷᠪᠠᠳᠤᠭᠠᠷ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠱᠠᠩᠬᠠᠢ ᠬᠣᠲᠠ ᠶᠢᠨ ᠲᠡᠮᠦᠷ ᠵᠠᠮ ᠤᠨ ᠲᠡᠭᠡᠪᠥᠷᠢ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠶ᠎ᠠ ᠠᠯᠰᠤᠯᠠᠨ ᠲᠥᠪᠯᠡᠷᠡᠭᠦᠯᠡᠨ ᠬᠠᠮᠢᠶᠠᠷᠤᠭᠰᠠᠨ ᠳᠠᠪᠰᠢᠩᠭᠤᠢ ᠲᠤᠷᠰᠢᠯᠭ᠎ᠠ ᠵᠢ ᠣᠨᠴᠠᠭᠠᠢᠯᠠᠨ ᠲᠠᠨᠢᠯᠴᠠᠭᠤᠯᠪᠠ᠃ ᠡᠨᠡ ᠬᠤᠭᠤᠴᠠᠭᠠᠨ ᠳᠤ᠂ ᠪᠠᠭᠰᠢ ᠡᠴᠡ ᠰᠤᠷᠤᠭᠴᠢᠳ ᠲᠠᠢ ᠰᠢᠭᠦᠨ ᠳᠠᠰᠤᠯᠠᠬᠤ ᠠᠵᠢᠯ ᠤᠨ ᠳᠤᠮᠳᠠ ᠤᠴᠠᠷᠠᠭᠰᠠᠨ ᠡᠯ᠎ᠡ ᠵᠦᠢᠯ ᠤᠨ ᠠᠰᠠᠭᠤᠳᠠᠯ ᠤᠨ ᠲᠤᠬᠠᠢ ᠮᠠᠳᠠᠭ ᠢ ᠲᠠᠢᠯᠪᠤᠷᠢᠯᠠᠬᠤ ᠶᠠᠷᠢᠯᠴᠠᠭ᠎ᠠ ᠥᠷᠨᠢᠭᠦᠯᠪᠡ᠃ ᠲᠤᠰ ᠤᠳᠠᠭᠠᠨ ᠤ ᠪᠣᠯᠪᠠᠰᠤᠷᠠᠯ ᠳᠤ ᠣᠷᠤᠯᠴᠠᠭᠰᠠᠨ ᠡᠲᠡᠭᠡᠳ ᠤᠯᠠᠨ ᠪᠠᠢᠵᠤ᠂ ᠪᠥᠬᠦ ᠬᠣᠲᠠ ᠶᠢᠨ ᠰᠢᠭᠦᠬᠦ ᠬᠣᠷᠢᠶᠠᠨ ᠤ ᠪᠥᠬᠦ ᠵᠠᠰᠠᠭ ᠵᠠᠬᠢᠷᠭᠠᠨ ᠤ ᠰᠢᠭᠦᠨ ᠳᠠᠰᠤᠯᠠᠬᠤ ᠪᠦᠯᠭᠦᠮ ᠢ ᠬᠠᠮᠤᠷᠴᠤ᠂ ᠪᠥᠬᠦ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠪᠦᠯᠭᠦᠮ ᠤᠨ ᠬᠡᠪ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ ᠪᠠᠢᠵᠤ᠂ ᠬᠠᠤᠯᠢ ᠬᠡᠷᠡᠭᠵᠢᠭᠦᠯᠦᠯᠲᠡ ᠶᠢᠨ ᠲᠥᠪ ᠭᠣᠣᠯᠴᠢ ᠥᠨᠳᠦᠷ ᠪᠥᠲᠦᠮᠵᠢᠲᠠᠢ ᠪᠠᠢᠬᠤ ᠵᠢ ᠠᠬᠢᠭᠤᠯᠬᠤ ᠳᠤ ᠢᠳᠡᠪᠬᠢᠲᠠᠢ ᠦᠢᠯᠡᠳᠦᠯ ᠦᠵᠡᠭᠦᠯᠪᠡ᠃
ᠲᠤᠰ ᠡᠳᠦᠷ ᠤᠨ ᠦᠳᠡ ᠶᠢᠨ ᠬᠣᠢᠨ᠎ᠠ᠂ ᠠᠰᠢᠭᠯᠠᠮᠵᠢ ᠵᠢ ᠳᠡᠭᠡᠭᠰᠢᠯᠡᠭᠦᠯᠦᠨ᠂ ᠥᠷᠭᠡᠨ ᠤᠯᠠᠨ ᠺᠠᠲᠠᠷ ᠴᠠᠭᠳᠠᠭ᠎ᠠ ᠶᠢᠨ ᠳᠤᠷᠠᠳᠤᠭᠰᠠᠨ ᠰᠢᠭᠦᠨ ᠳᠠᠰᠤᠯᠠᠬᠤ ᠠᠵᠢᠯ ᠤᠨ ᠳᠤᠮᠳᠠᠬᠢ ᠣᠷᠤᠰᠢᠵᠤ ᠪᠠᠢᠭ᠎ᠠ ᠮᠠᠳᠠᠭ ᠲᠠᠢ ᠠᠰᠠᠭᠤᠳᠠᠯ ᠢ ᠨᠡᠩ ᠰᠠᠢᠨ ᠲᠠᠢᠯᠪᠤᠷᠢᠯᠠᠵᠤ ᠥᠭᠬᠦ ᠶᠢᠨ ᠲᠥᠯᠦᠭᠡ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ ᠠᠬᠠᠯᠠᠭᠴᠢ ᠪᠠᠭᠰᠢ ᠶᠢᠨ ᠪᠦᠯᠭᠦᠮ ᠢ ᠬᠤᠶᠠᠷ ᠳᠤᠭᠤᠢᠯᠠᠩ ᠬᠤᠪᠢᠶᠠᠨ ᠲᠠᠢᠯᠪᠤᠷᠢᠯᠠᠯᠲᠠ ᠬᠢᠯᠭᠡᠪᠡ᠃ ᠨᠢᠭᠡᠳᠦᠭᠡᠷ ᠳᠤᠭᠤᠢᠯᠠᠩ ᠨᠢ ᠡᠷᠡᠭᠦᠦ ᠶᠢᠨ ᠬᠡᠷᠡᠭ ᠤᠨ ᠰᠢᠭᠦᠨ ᠳᠠᠰᠤᠯᠠᠯᠲᠠ ᠶᠢᠨ ᠲᠤᠰᠬᠠᠢ ᠰᠠᠭᠤᠳᠠᠯ ᠤᠨ ᠬᠤᠷᠠᠯ ᠬᠤᠷᠠᠯᠳᠤᠵᠤ᠂ ᠬᠣᠶᠠᠳᠤᠭᠠᠷ ᠳᠤᠭᠤᠢᠯᠠᠩ ᠨᠢ ᠢᠷᠭᠡᠨ ᠬᠤᠳᠠᠯᠳᠤᠭᠠᠨ ᠤ ᠬᠡᠷᠡᠭ ᠤᠨ ᠰᠢᠭᠦᠨ ᠳᠠᠰᠤᠯᠠᠬᠤ ᠲᠤᠰᠭᠠᠢ ᠰᠡᠳᠦᠪᠲᠦ ᠰᠠᠭᠤᠳᠠᠯ ᠤᠨ ᠬᠤᠷᠠᠯ ᠬᠤᠷᠠᠯᠳᠤᠵᠤ᠂ ᠳ᠋ᠥᠩᠱᠸᠩ ᠲᠣᠭᠤᠷᠢᠭ ᠤᠨ ᠰᠢᠭᠦᠬᠦ ᠬᠤᠷᠢᠶ᠎ᠠ᠂ ᠡᠵᠡᠨ ᠬᠣᠷᠤᠭ᠎ᠠ ᠬᠣᠰᠢᠭᠤᠨ ᠤ ᠰᠢᠭᠦᠬᠦ ᠬᠣᠷᠢᠶᠠᠨ ᠤ ᠬᠡᠰᠡᠭ ᠪᠥᠯᠦᠭ ᠰᠢᠭᠦᠭᠴᠢ ᠴᠤ ᠣᠷᠭᠢᠯᠤᠮ᠎ᠠ ᠬᠠᠯᠠᠭᠤᠨ ᠰᠡᠳᠭᠢᠯᠭᠡ ᠪᠡᠷ ᠰᠠᠭᠤᠳᠠᠯ ᠤᠨ ᠬᠤᠷᠠᠯ ᠳᠤ ᠢᠳᠡᠪᠬᠢᠲᠠᠢ ᠣᠷᠤᠯᠴᠠᠪᠠ᠃ ᠡᠷᠡᠭᠦᠦ ᠶᠢᠨ ᠬᠡᠷᠡᠭ ᠤᠨ ᠰᠢᠭᠦᠨ ᠳᠠᠰᠤᠯᠠᠬᠤ ᠲᠤᠰᠭᠠᠢ ᠰᠠᠭᠤᠳᠠᠯ ᠤᠨ ᠬᠤᠷᠠᠯ ᠳᠤᠮᠳᠠ᠂ ᠰᠢᠭᠦᠭᠴᠢ ᠨᠠᠷ ᠡᠴᠡ ᠰᠢᠭᠦᠨ ᠳᠠᠰᠤᠯᠠᠬᠤ ᠪᠡᠷ ᠲᠥᠪ ᠪᠣᠯᠭᠠᠨ ᠵᠠᠭᠠᠯᠳᠤᠯᠭ᠎ᠠ ᠶᠢᠨ ᠳᠤᠭᠲᠠᠯᠴᠠᠭ᠎ᠠ ᠶᠢᠨ ᠥᠭᠡᠷᠡᠴᠢᠯᠡᠯᠲᠡ᠂ ᠶᠠᠭᠠᠬᠢᠵᠤ ᠰᠢᠭᠦᠨ ᠪᠠᠢᠴᠠᠭᠠᠬᠤ᠂ ᠡᠷᠡᠭᠦᠦ ᠵᠢ ᠬᠣᠢᠰᠢᠯᠠᠭᠤᠯᠬᠤ ᠲᠤᠬᠠᠢ ᠶᠠᠪᠤᠴᠠ ᠶᠢᠨ ᠳᠤᠭᠲᠠᠭᠠᠯ ᠵᠡᠷᠭᠡ ᠠᠰᠠᠭᠤᠳᠠᠯ ᠤᠨ ᠣᠷᠴᠢᠨ ᠳᠤ ᠠᠰᠠᠭᠤᠯᠲᠠ ᠳᠤᠷᠠᠳᠪᠠ᠃ ᠢᠷᠭᠡᠨ ᠬᠤᠳᠠᠯᠳᠤᠭᠠᠨ ᠤ ᠬᠡᠷᠡᠭ ᠤᠨ ᠰᠠᠭᠤᠳᠠᠯ ᠤᠨ ᠭᠤᠷᠠᠯ ᠳᠤ᠂ ᠪᠤᠲᠠᠳᠤ ᠡᠷᠬᠡ ᠲᠠᠢ ᠬᠥᠮᠦᠨ ᠤ ᠡᠷᠬᠡ ᠵᠢ ᠬᠡᠷᠬᠢᠨ ᠪᠠᠲᠤᠯᠠᠬᠤ᠂ ᠬᠥᠨᠳᠡᠯᠡᠨ ᠡᠴᠡ ᠳᠠᠰᠤᠯᠠᠬᠤ ᠬᠡᠷᠡᠭ ᠳᠤᠮᠳᠠᠬᠢ ᠬᠥᠨᠳᠡᠯᠡᠨ ᠡᠴᠡ ᠳᠠᠰᠤᠯᠠᠬᠤ ᠲᠢᠩᠬᠢᠮ ᠤᠨ ᠵᠠᠢᠯᠠᠰᠬᠢᠬᠤ ᠰᠢᠯᠲᠠᠭᠠᠨ ᠵᠢᠴᠢ ᠠᠷᠠᠳ ᠤᠨ ᠳᠤᠮᠳᠠᠬᠢ ᠵᠢᠭᠡᠯᠡᠯᠭᠡ ᠶᠢᠨ ᠬᠡᠷᠡᠭ ᠳᠡᠬᠢ ᠪᠤᠴᠠᠭᠠᠬᠤ ᠬᠤᠭᠤᠴᠠᠭ᠎ᠠ ᠪᠡᠨ ᠳᠤᠭᠲᠠᠭᠰᠠᠨ ᠦᠭᠡᠢ᠂ ᠬᠣᠯᠪᠤᠭᠳᠠᠭᠰᠠᠨ ᠬᠠᠷᠢᠭᠤᠴᠠᠯᠭ᠎ᠠ ᠶᠢᠨ ᠪᠠᠲᠤᠯᠠᠭᠠᠨ ᠤ ᠬᠥᠮᠦᠨ ᠤ ᠪᠠᠲᠤᠯᠠᠭᠠᠨ ᠤ ᠬᠤᠭᠤᠴᠠᠭᠠᠨ ᠳᠡᠬᠢ ᠬᠤᠭᠤᠴᠠᠭ᠎ᠠ ᠵᠢ ᠪᠤᠳᠤᠬᠤ ᠵᠡᠷᠭᠡ ᠢᠷᠭᠡᠨ ᠬᠤᠳᠠᠯᠳᠤᠭᠠᠨ ᠤ ᠪᠤᠲᠠᠲᠤ ᠬᠡᠷᠡᠭ ᠳᠤᠮᠳᠠᠬᠢ ᠬᠦᠴᠢᠷᠲᠠᠢ ᠭᠠᠵᠠᠷ᠂ ᠬᠠᠯᠠᠮᠰᠢᠯ ᠴᠢᠭ ᠲᠤ ᠠᠰᠠᠭᠤᠯᠳᠠ ᠳᠤᠷᠠᠳᠪᠠ᠃ ᠠᠬᠠᠯᠠᠭᠴᠢ ᠪᠠᠭᠰᠢ ᠶᠢᠨ ᠪᠦᠯᠭᠦᠮ ᠡᠴᠡ ᠡᠳᠡᠭᠡᠷ ᠰᠢᠭᠦᠨ ᠳᠠᠰᠤᠯᠠᠬᠤ ᠪᠤᠲᠠᠲᠠᠢ ᠠᠵᠢᠯ ᠤᠨ ᠳᠤᠮᠳᠠ ᠣᠷᠤᠰᠢᠵᠤ ᠪᠠᠢᠭ᠎ᠠ ᠠᠰᠠᠭᠤᠳᠠᠯ ᠳᠤ ᠨᠠᠷᠢᠯᠢᠭ ᠲᠠᠢᠯᠪᠤᠷᠢᠯᠠᠯᠲᠠ ᠥᠭᠴᠦ᠂ ᠲᠤᠰ ᠤᠳᠠᠭᠠᠨ ᠤ ᠶᠠᠷᠢᠯᠴᠠᠭ᠎ᠠ ᠲᠡᠭᠦᠰ ᠠᠮᠵᠢᠯᠲᠠ ᠥᠨᠳᠦᠷᠯᠡᠪᠡ᠃
ᠦᠨᠡᠯᠡᠬᠦ 0ᠦᠨᠡᠯᠡᠯᠲᠡ ᠲᠠᠢ