ᠣᠷᠳᠤᠰ ᠬᠣᠲᠠ ᠶᠢᠨ ᠰᠢᠭᠦᠬᠦ ᠲᠤᠰᠢᠶᠠᠯᠲᠠᠨ ᠤ ᠰᠢᠯᠢᠳᠡᠭ ᠢ ᠨᠢ ᠰᠣᠩᠭᠤᠵᠤ ᠳᠡᠪᠰᠢᠭᠦᠯᠬᠦ ᠵᠢ ᠰᠢᠯᠭᠠᠨ ᠪᠠᠢᠴᠠᠭᠠᠬᠤ ᠳᠤᠭᠤᠢᠯᠠᠩ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ ᠬᠦᠷᠴᠦ ᠰᠢᠯᠭᠠᠨ ᠪᠠᠢᠴᠠᠭᠠᠯᠲᠠ ᠬᠢᠪᠡ
2017.07.17 ᠲᠣᠰ ᠥᠷᠲᠡᠭᠡᠨ ᠦ ᠨᠠᠢᠷᠠᠭᠤᠯᠤᠭᠴᠢ

 ᠵᠣᠬᠢᠶᠠᠭᠴᠢ᠄ ᠤᠯᠤᠰ ᠲᠥᠷᠦ ᠶᠢᠨ ᠬᠡᠯᠲᠡᠰ     ᠡᠦ  ᠰᠢᠥᠸᠠᠢ ᠮᠸᠢ

     2017 ᠣᠨ ᠤ7 ᠰᠠᠷ᠎ᠠ ᠶᠢᠨ11 ᠤ ᠦᠳᠡ ᠶᠢᠨ ᠬᠣᠢᠨ᠎ᠠ᠂ ᠬᠣᠲᠠ ᠶᠢᠨ ᠵᠣᠬᠢᠶᠠᠨ ᠪᠠᠢᠭᠤᠯᠬᠤ ᠬᠡᠯᠲᠡᠰ ᠪᠣᠯᠤᠨ ᠬᠣᠲᠠ ᠶᠢᠨ ᠤᠯᠤᠰ ᠲᠥᠷᠦ ᠬᠠᠤᠯᠢ ᠴᠠᠭᠠᠵᠠ ᠶᠢᠨ ᠵᠥᠪᠯᠡᠯ᠎ ᠤᠨ ᠬᠤᠯᠪᠤᠭᠲᠠᠯ ᠪᠥᠬᠦᠢ ᠬᠥᠮᠦᠰ ᠢᠶᠡᠷ ᠪᠦᠷᠢᠯᠳᠦᠭᠰᠡᠨ ᠰᠢᠯᠭᠠᠨ ᠪᠠᠢᠴᠠᠭᠠᠬᠤ ᠳᠤᠭᠤᠢᠯᠠᠩ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠢᠯᠢᠳᠡᠭ ᠢ ᠨᠢ ᠰᠣᠩᠭᠤᠵᠤ ᠳᠡᠪᠰᠢᠭᠦᠯᠬᠦ ᠨᠥᠬᠦᠴᠡᠯ ᠳᠤ ᠨᠡᠢᠴᠡᠭᠰᠡᠨ  ᠰᠢᠭᠦᠬᠦ ᠲᠤᠰᠢᠶᠠᠯᠲᠠᠨ ᠳᠤ ᠰᠢᠯᠭᠠᠨ ᠪᠠᠢᠴᠠᠭᠠᠯᠲᠠ ᠬᠢᠪᠡ᠃ ᠰᠢᠯᠭᠠᠨ ᠪᠠᠢᠴᠠᠭᠠᠬᠤ ᠬᠤᠷᠠᠯ ᠢ ᠰᠢᠯᠭᠠᠨ ᠪᠠᠢᠴᠠᠭᠠᠬᠤ ᠳᠤᠭᠤᠢᠯᠠᠩ ᠤᠨ ᠳᠤᠭᠤᠢᠯᠠᠩ ᠤᠨ ᠳᠠᠷᠤᠭ᠎ᠠ᠂ ᠬᠣᠲᠠ ᠶᠢᠨ ᠤᠳᠤᠷᠢᠳᠬᠤ ᠪᠠᠭ ᠤᠨ ᠤᠯᠤᠰ ᠲᠥᠷᠦ ᠬᠠᠤᠯᠢ ᠴᠠᠭᠠᠵᠠ ᠶᠢᠨ ᠵᠥᠪᠯᠡᠯ ᠤᠨ ᠤᠯᠤᠰ ᠲᠥᠷᠦ ᠶᠢᠨ ᠬᠡᠯᠲᠡᠰ ᠤᠨ ᠡᠷᠬᠢᠯᠡᠭᠴᠢ  ᠯᠢᠦᠢ ᠵᠢᠶᠦ᠋ᠨ ᠡᠢ ᠡᠷᠬᠢᠯᠡᠵᠦ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠬᠤ ᠪᠠᠭ᠂ ᠰᠠᠯᠠᠭᠠᠨ ᠳᠡᠰ ᠡᠴᠡ ᠳᠡᠭᠡᠰᠢᠬᠢ ᠺᠠᠲᠠᠷ ᠨᠠᠷ ᠰᠢᠯᠭᠠᠨ ᠪᠠᠢᠴᠠᠭᠠᠬᠤ ᠬᠤᠷᠠᠯ ᠳᠤ ᠣᠷᠤᠯᠴᠠᠪᠠ᠃

   ᠲᠤᠰ ᠤᠳᠠᠭᠠᠨ ᠤ ᠰᠢᠯᠭᠠᠨ ᠪᠠᠢᠴᠠᠭᠠᠯᠲᠠ ᠨᠢ ᠠᠷᠠᠳᠴᠢᠯᠠᠯ ᠢᠶᠡᠷ ᠳᠡᠪᠰᠢᠭᠦᠯᠵᠦ᠂ ᠶᠠᠷᠢᠯᠴᠠᠨ ᠣᠢᠯᠭᠠᠵᠤ᠂ ᠠᠷᠠᠳᠴᠢᠯᠠᠯ ᠢᠶᠡᠷ ᠦᠨᠡᠯᠡᠯᠲᠡ ᠥᠭᠬᠦ᠂ ᠨᠠᠮᠲᠠᠷ ᠢ ᠨᠢ ᠪᠠᠢᠴᠠᠭᠠᠬᠤ ᠵᠡᠷᠭᠡ ᠬᠡᠯᠪᠡᠷᠢ ᠪᠡᠷ  ᠶᠠᠪᠤᠭᠳᠠᠭᠤᠯᠪᠠ᠃ ᠰᠢᠯᠭᠠᠨ ᠪᠠᠢᠴᠠᠭᠠᠬᠤ ᠳᠤᠭᠤᠢᠯᠠᠩ ᠺᠠᠲᠠᠷ ᠴᠠᠭᠳᠠᠭᠠᠨ ᠤ ᠲᠥᠯᠦᠭᠡᠯᠡᠭᠴᠢ ᠡᠴᠡ ᠰᠢᠯᠭᠠᠨ ᠪᠠᠢᠴᠠᠭᠠᠭᠳᠠᠬᠤ ᠡᠲᠡᠭᠡᠳ ᠤᠨ ᠠᠷᠢᠭᠤᠨ ᠴᠢᠭᠡᠴᠢ ᠥᠪᠡᠷ ᠢ ᠪᠡᠨ ᠬᠠᠮᠢᠶᠠᠷᠬᠤ ᠪᠠᠢᠳᠠᠯ ᠵᠡᠷᠭᠡ ᠵᠢ ᠣᠢᠯᠭᠠᠵᠤ᠂ ᠮᠥᠨ ᠰᠢᠯᠭᠠᠨ ᠪᠠᠢᠴᠠᠭᠠᠭᠳᠠᠬᠤ ᠡᠲᠡᠭᠡᠳ ᠨᠢᠭᠡᠪᠦᠷᠢ ᠲᠠᠢ ᠶᠠᠷᠢᠯᠴᠠᠭ᠎ᠠ ᠬᠢᠵᠦ᠂ ᠲᠡᠭᠦᠨ ᠤ ᠬᠤᠪᠢ ᠪᠡᠶ᠎ᠡ ᠶᠢᠨ ᠤᠯᠤᠰ ᠲᠥᠷᠦ ᠶᠢᠨ ᠬᠡᠪ ᠴᠢᠨᠠᠷ᠂ ᠠᠵᠢᠯ ᠤᠨ ᠬᠢᠷᠢ ᠪᠦᠲᠦᠮᠵᠢ ᠵᠡᠷᠭᠡ ᠲᠠᠯ᠎ᠠ ᠵᠢ ᠣᠢᠯᠭᠠᠨ ᠦᠨᠡᠯᠡᠯᠲᠡ ᠬᠢᠪᠡ᠃ ᠪᠠᠢᠴᠠᠭᠠᠯᠲᠠ ᠪᠡᠷ ᠳᠠᠮᠵᠢᠨ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ7 ᠨᠡᠷ᠎ᠡ ᠲᠣᠭ᠎ᠠ ᠨᠤᠷᠮ᠎ᠠ ᠳᠤ ᠪᠠᠢᠭ᠎ᠠ  ᠰᠢᠭᠦᠬᠦ ᠲᠤᠰᠢᠶᠠᠯᠲᠠᠨ ᠢ ᠭᠤᠷᠪᠠᠳᠤᠭᠠᠷ ᠳᠡᠰ ᠤᠨ ᠳᠡᠭᠡᠲᠦ ᠵᠡᠷᠭᠡ ᠶᠢᠨ ᠰᠢᠭᠦᠬᠦ  ᠲᠤᠰᠢᠶᠠᠯᠳᠠᠨ ᠢᠶᠡᠷ ᠳᠡᠪᠰᠢᠭᠦᠯᠪᠡ᠃

   ᠲᠤᠰ ᠤᠳᠠᠭᠠᠨ ᠤ ᠰᠢᠭᠦᠬᠦ ᠲᠤᠰᠢᠶᠠᠯᠲᠠᠨ ᠤ ᠰᠢᠯᠢᠳᠡᠭ ᠢ ᠨᠢ ᠰᠣᠩᠭᠤᠵᠤ ᠳᠡᠪᠰᠢᠭᠦᠯᠬᠦ ᠳᠤ ᠥᠪᠡᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠨᠠᠮ ᠤᠨ ᠤᠳᠤᠷᠢᠳᠬᠤ ᠪᠠᠭ ᠤᠨ ᠵᠣᠬᠢᠶᠠᠨ ᠪᠠᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠤᠨ ᠤ ᠨᠠᠮ ᠤᠨ ᠤᠳᠤᠷᠢᠳᠬᠤ ᠪᠠᠭ ᠤᠨ ᠤᠯᠤᠰ ᠲᠥᠷᠦ ᠬᠠᠤᠯᠢ ᠴᠠᠭᠠᠵᠠ ᠶᠢᠨ ᠬᠡᠯᠲᠡᠰ ᠪᠣᠯᠤᠨ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠬᠠᠮᠲᠤᠷᠠᠨ  ᠲᠠᠷᠬᠠᠭᠠᠭᠰᠠᠨ《 ᠰᠢᠭᠦᠬᠦ ᠲᠤᠰᠢᠶᠠᠯᠲᠠᠨ ᠤ ᠲᠤᠰᠭᠠᠢ ᠲᠤᠰᠢᠶᠠᠯ ᠤᠨ ᠳᠠᠷᠠᠭᠠᠯᠠᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠤᠨ ᠲᠥᠯᠦᠪᠯᠡᠭᠡ》 ᠪᠣᠯᠤᠨ《 ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠢᠭᠦᠬᠦ ᠲᠤᠰᠢᠶᠠᠯᠲᠠᠨ᠂ ᠪᠠᠢᠴᠠᠭᠠᠬᠤ ᠲᠤᠰᠢᠶᠠᠯᠲᠠᠨ ᠤ ᠳᠡᠰ  ᠳᠡᠪᠰᠢᠭᠦᠯᠵᠦ ᠪᠠᠭᠤᠷᠠᠭᠤᠯᠬᠤ ᠲᠦᠷ ᠬᠡᠷᠡᠭᠯᠡᠬᠦ ᠠᠷᠭ᠎ᠠ》 ᠵᠡᠷᠭᠡ  ᠮᠠᠲ᠋ᠧᠷᠢᠶᠠᠯ ᠤᠨ ᠳᠤᠭᠲᠠᠭᠠᠯ ᠢ ᠬᠡᠷᠡᠭᠵᠢᠭᠦᠯᠵᠦ᠂ ᠰᠢᠯᠭᠠᠨ ᠪᠠᠢᠴᠠᠭᠠᠬᠤ ᠠᠵᠢᠯ ᠪᠥᠬᠦ ᠶᠠᠪᠤᠴᠠ ᠳᠤ ᠲᠥᠪ ᠭᠣᠣᠯᠴᠢ᠂ ᠨᠡᠭᠡᠬᠡᠯᠲᠠ ᠲᠠᠢ᠂ ᠢᠯᠡ ᠲᠣᠳᠤᠷᠬᠠᠢ ᠪᠠᠢᠵᠤ᠂ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠠᠬᠢᠭᠤᠯᠤᠨ᠂ ᠮᠥᠨ ᠦᠨᠡᠨᠴᠢ ᠰᠢᠲᠤᠷᠭᠤ᠂ ᠠᠷᠢᠭᠤᠨ ᠴᠡᠪᠡᠷ᠂ ᠵᠣᠷᠢᠭᠲᠠᠢ ᠡᠭᠦᠷᠭᠡᠯᠡᠬᠦ ᠰᠢᠭᠦᠬᠦ ᠲᠤᠰᠢᠶᠠᠯᠲᠠᠨ ᠤ ᠡᠩᠨᠡᠭᠡᠨ ᠤ ᠪᠠᠢᠭᠤᠯᠤᠯᠲᠠ ᠵᠢ ᠤᠯᠠᠮ ᠨᠢᠭᠡ  ᠠᠯᠬᠤᠮ ᠠᠬᠢᠭᠤᠯᠪᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )