ᠵᠣᠬᠢᠶᠠᠭᠴᠢ: ᠭᠦᠴᠡᠳᠬᠡᠬᠦ ᠪᠦᠯᠭᠦᠮ ᠼᠤᠤ ᠵᠧ ᠬᠣᠣ
7 ᠰᠠᠷ᠎ᠠ ᠶᠢᠨ17 ᠤ ᠦᠳᠠ ᠶᠢᠨ ᠡᠮᠦᠨ᠎ᠡ᠂ ᠭᠦᠢᠴᠡᠳᠬᠡᠬᠦ ᠪᠦᠯᠭᠦᠮ ᠤᠨ ᠪᠦᠯᠭᠦᠮ ᠤᠨ ᠳᠠᠷᠤᠭ᠎ᠠ ᠵᠠᠩ ᠶᠤᠸᠸ ᠹᠸᠩ ᠤᠨ ᠬᠥᠲᠦᠯᠦᠯ ᠳᠣᠣᠷ᠎ᠠ᠂ ᠭᠦᠢᠴᠡᠳᠬᠡᠬᠦ ᠪᠦᠯᠭᠦᠮ ᠨᠢ ᠪᠦᠯᠭᠦᠮ ᠪᠠᠢᠭᠤᠯᠤᠭᠳᠠᠭᠰᠠᠨ ᠡᠴᠡ ᠨᠠᠰᠢ ᠬᠢ ᠬᠣᠶᠠᠳᠤᠭᠠᠷ ᠤᠳᠠᠭᠠᠨ ᠤ ᠪᠥᠬᠦ ᠬᠡᠰᠢᠭᠦᠳ ᠤᠨ ᠬᠤᠷᠠᠯ ᠢ ᠬᠤᠷᠠᠯᠳᠤᠵᠤ᠂ ᠵᠠᠩ ᠶᠤᠸᠸ ᠹᠸᠩ ᠪᠦᠯᠭᠦᠮ ᠤᠨ ᠳᠠᠷᠤᠭ᠎ᠠ ᠡᠴᠡ ᠣᠢᠷ᠎ᠠ ᠶᠢᠨ ᠬᠤᠭᠤᠴᠠᠭᠠᠨ ᠤ ᠭᠣᠣᠯ ᠠᠵᠢᠯ ᠤᠨ ᠡᠭᠦᠷᠭᠡ᠂ ᠪᠤᠲᠠᠲᠠᠢ ᠠᠵᠢᠯ ᠵᠢᠴᠢ ᠠᠵᠢᠯ ᠤᠨ ᠰᠠᠬᠢᠯᠭ᠎ᠠ ᠪᠠᠲᠤ ᠶᠢᠨ ᠲᠤᠬᠠᠢ ᠴᠢᠩᠭᠠᠳᠭᠠᠨ ᠲᠣᠬᠢᠷᠠᠭᠤᠯᠪᠠ᠃
ᠨᠢᠭᠡ᠂ ᠣᠢᠷ᠎ᠠ ᠶᠢᠨ ᠬᠤᠭᠤᠴᠠᠭᠠᠨ ᠤ ᠡᠭᠦᠷᠭᠡ ᠵᠢ ᠲᠣᠳᠤᠷᠬᠠᠢᠯᠠᠪᠠ᠃ ᠨᠢᠭᠡ ᠨᠢ ᠨᠠᠮ ᠤᠨ ᠤᠳᠤᠷᠢᠳᠬᠤ ᠳᠤᠭᠤᠢᠯᠠᠩ ᠤᠨ ᠳᠤᠭᠲᠠᠭᠰᠠᠨ ᠦᠯᠡᠳᠡᠭᠡᠨ ᠰᠢᠢᠳᠪᠦᠷᠢᠯᠡᠬᠦ ᠪᠣᠯᠤᠨ ᠰᠢᠯᠵᠢᠭᠦᠯᠦᠨ ᠲᠤᠰᠢᠶᠠᠬᠤ ᠦᠨᠳᠦᠰᠦᠨ ᠵᠠᠷᠴᠢᠮ ᠵᠢ ᠦᠨᠳᠦᠰᠦᠯᠡᠨ᠂ ᠰᠢᠯᠵᠢᠭᠦᠯᠦᠨ ᠲᠤᠰᠢᠶᠠᠬᠤ ᠭᠠᠷ ᠭᠦᠢᠴᠡᠳᠭᠡᠯ ᠢ ᠨᠠᠷᠢᠯᠢᠭ᠂ ᠬᠢᠨᠠᠮᠠᠭᠠᠢ ᠪᠡᠷ ᠬᠢᠵᠦ᠂ ᠬᠡᠷᠡᠭ ᠤᠨ ᠰᠢᠯᠵᠢᠭᠦᠯᠦᠨ ᠲᠤᠰᠢᠶᠠᠬᠤ ᠠᠵᠢᠯ ᠢ ᠴᠢᠳᠠᠬᠤ ᠶᠢᠨ ᠳᠣᠲᠤᠷ᠎ᠠ ᠬᠤᠷᠳᠤᠨ ᠳᠠᠭᠤᠰᠭᠠᠨᠠ᠃ ᠬᠤᠶᠠᠷ ᠲᠤ7 ᠰᠠᠷ᠎ᠠ ᠶᠢᠨ1 ᠤ ᠡᠳᠦᠷ ᠡᠴᠡ ᠡᠬᠢᠯᠡᠨ ᠬᠦᠯᠢᠶᠡᠨ ᠠᠪᠤᠭᠰᠠᠨ ᠬᠡᠷᠡᠭ ᠢ ᠳ᠋ᠠᠩ ᠬᠣᠣᠰ ᠳ᠋ᠤᠭᠠᠷ ᠢᠶᠡᠷ ᠬᠤᠪᠢᠶᠠᠨ ᠭᠦᠢᠴᠡᠳᠬᠡᠬᠦ ᠨᠢᠭᠡᠳᠦᠭᠡᠷ ᠲᠢᠩᠬᠢᠮ ᠪᠠ ᠭᠦᠢᠴᠡᠳᠬᠡᠬᠦ ᠬᠣᠶᠠᠳᠤᠭᠠᠷ ᠲᠢᠩᠬᠢᠮ ᠳᠤ ᠲᠤᠰᠢᠶᠠᠨ ᠥᠭᠴᠦ ᠬᠤᠪᠢᠶᠠᠨ ᠰᠢᠢᠳᠪᠦᠷᠢᠯᠡᠵᠦ᠂ ᠤᠤᠯ ᠤᠨ ᠭᠦᠢᠴᠡᠳᠬᠡᠬᠦ ᠭᠤᠷᠪᠠᠳᠤᠭᠠᠷ ᠲᠢᠩᠬᠢᠮ ᠤᠨ ᠬᠡᠷᠡᠭ ᠢ ᠭᠦᠢᠴᠡᠳᠬᠡᠬᠦ ᠬᠣᠶᠠᠳᠤᠭᠠᠷ ᠲᠢᠩᠬᠢᠮ ᠦᠷᠭᠦᠯᠵᠢᠯᠡᠨ ᠰᠢᠢᠳᠪᠦᠷᠢᠯᠡᠨ᠎ᠡ᠃ ᠭᠤᠷᠪᠠᠳᠤᠭᠠᠷ ᠲᠤ ᠣᠨᠳᠣᠣ ᠰᠠᠨᠠᠯ ᠲᠠᠬᠢᠨ ᠵᠥᠪᠯᠡᠬᠦ ᠬᠡᠷᠡᠭ ᠢ ᠬᠡᠷᠡᠭ ᠳᠠᠩᠰᠤᠯᠠᠵᠤ ᠰᠢᠭᠦᠬᠦ ᠶᠠᠪᠤᠴᠠ ᠵᠢ ᠤᠤᠯ ᠤᠨ ᠶᠠᠪᠤᠴᠠ ᠪᠡᠷ ᠰᠢᠢᠳᠪᠦᠷᠢᠯᠡᠨ᠎ᠡ᠃ ᠳᠥᠷᠪᠡ ᠳᠤ ᠡᠯ᠎ᠡ ᠬᠠᠮᠳᠤᠷᠠᠨ ᠵᠥᠪᠯᠡᠬᠦ ᠲᠢᠩᠬᠢᠮ᠂ ᠡᠯ᠎ᠡ ᠪᠠᠭ᠎ᠠ ᠳᠤᠭᠤᠢᠯᠠᠩ ᠵᠢᠴᠢ ᠰᠢᠭᠦᠭᠴᠢ ᠨᠢᠭᠡᠪᠦᠷᠢ ᠬᠢᠨᠠᠮᠠᠭᠠᠢ ᠪᠡᠷ ᠥᠪᠡᠷ ᠤᠨ ᠬᠦᠯᠢᠶᠡᠨ ᠰᠢᠢᠳᠪᠦᠷᠢᠯᠡᠵᠦ ᠪᠠᠢᠭ᠎ᠠ ᠠᠵᠢᠯ ᠢᠶᠡᠨ ᠬᠢᠨᠠᠮᠠᠭᠠᠢ ᠪᠡᠷ ᠰᠢᠢᠳᠪᠦᠷᠢᠯᠡᠵᠦ᠂ ᠰᠠᠭᠤᠷᠢ ᠲᠣᠭ᠎ᠠ ᠵᠢ ᠲᠣᠳᠤᠷᠬᠠᠢ᠂ ᠪᠠᠢᠳᠠᠯ ᠨᠢ ᠢᠯᠡ᠂ ᠠᠷᠭ᠎ᠠ ᠪᠠᠷᠢᠯ ᠲᠠᠢ᠂ ᠬᠠᠷᠠᠯᠲᠠ ᠲᠣᠳᠤᠷᠬᠠᠢ ᠪᠠᠢᠬᠤ ᠬᠡᠷᠡᠭᠲᠠᠢ᠃
ᠬᠤᠶᠠᠷ᠂ ᠣᠢᠷ᠎ᠠ ᠶᠢᠨ ᠬᠤᠭᠤᠴᠠᠭᠠᠨ ᠳᠤ ᠳᠠᠭᠤᠰᠭᠠᠬᠤ ᠲᠤᠬᠠᠢ ᠬᠡᠳᠦᠨ ᠲᠥᠷᠦᠯ ᠤᠨ ᠪᠤᠲᠠᠲᠠᠢ ᠠᠵᠢᠯ ᠢ ᠲᠣᠳᠤᠷᠬᠠᠢ ᠪᠣᠯᠭᠠᠪᠠ᠃ ᠨᠢᠭᠡ ᠨᠢ ᠣᠳᠣ ᠶᠢᠨ ᠭᠦᠢᠴᠡᠳᠬᠡᠬᠦ ᠨᠢᠭᠡᠳᠦᠭᠡᠷ ᠲᠢᠩᠬᠢᠮ᠂ ᠭᠦᠢᠴᠡᠳᠬᠡᠬᠦ ᠬᠣᠶᠠᠳᠤᠭᠠᠷ ᠲᠢᠩᠬᠢᠮ ᠤᠨ ᠳᠠᠭᠤᠰᠤᠭᠠᠲᠤᠢ ᠬᠡᠷᠡᠭ ᠤᠨ ᠳᠠᠭᠠᠳᠭᠠᠯ᠂ ᠲᠣᠭᠠᠴᠠᠭ᠎ᠠ ᠬᠢᠬᠦ ᠬᠡᠷᠡᠭᠯᠡᠭᠡ(支付宝) ᠵᠢ ᠲᠥᠪᠯᠡᠷᠡᠭᠦᠯᠦᠨ ᠪᠠᠢᠴᠠᠭᠠᠨ᠎ᠠ᠃ ᠭᠦᠢᠴᠡᠳᠬᠡᠬᠦ ᠨᠢᠭᠡᠳᠦᠭᠡᠷ ᠲᠢᠩᠬᠢᠮ᠂ ᠭᠦᠢᠴᠡᠳᠬᠡᠬᠦ ᠬᠣᠶᠠᠳᠤᠭᠠᠷ ᠲᠢᠩᠬᠢᠮ ᠤᠨ ᠲᠠᠭᠤᠰᠤᠭᠠᠲᠤᠢ ᠬᠡᠷᠡᠭ ᠤᠨ ᠲᠠᠪᠤᠨ ᠪᠠᠢᠴᠠᠭᠠᠯᠲᠠ ᠪᠦᠷᠢᠨ ᠪᠤᠰᠤ ᠵᠢ《 ᠨᠥᠬᠦᠨ ᠪᠠᠢᠴᠠᠭᠠᠨ᠎ᠠ》᠃ ᠭᠤᠷᠪᠠ ᠳᠤ ᠭᠦᠢᠴᠡᠳᠬᠡᠬᠦ ᠨᠢᠭᠡᠳᠦᠭᠡᠷ ᠲᠢᠩᠬᠢᠮ᠂ ᠭᠦᠢᠴᠡᠳᠬᠡᠬᠦ ᠬᠣᠶᠠᠳᠤᠭᠠᠷ ᠲᠢᠩᠬᠢᠮ ᠤᠨ ᠰᠢᠭᠦᠨ ᠳᠠᠰᠤᠯᠠᠭᠴᠢ᠂ ᠰᠢᠭᠦᠭᠴᠢ ᠶᠢᠨ ᠳᠤᠰᠠᠯᠠᠭᠴᠢ ᠵᠢᠴᠢ ᠲᠡᠮᠳᠡᠭᠯᠡᠭᠴᠢ ᠤᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠳᠠᠭᠠᠴᠢᠯᠠᠨ ᠡᠷᠬᠢᠯᠡᠬᠦ᠂ ᠪᠤᠲᠠᠲᠠᠢᠵᠢᠭᠤᠯᠬᠤ᠂ ᠪᠢᠴᠢᠭ᠌ ᠬᠠᠷ᠎ᠠ ᠵᠢ ᠵᠣᠬᠢᠶᠠᠨ ᠪᠢᠴᠢᠬᠦ᠂ ᠶᠠᠪᠤᠴᠠ ᠴᠢᠬᠤᠯᠠ ᠴᠢᠭ ᠵᠢ ᠡᠵᠡᠮᠳᠡᠬᠦ ᠵᠡᠷᠭᠡ ᠪᠤᠲᠠᠲᠠᠢ ᠡᠭᠦᠷᠭᠡ ᠵᠢ ᠲᠣᠳᠤ ᠪᠣᠯᠭᠠᠨ᠎ᠠ᠃
ᠭᠤᠷᠪᠠ᠂ ᠭᠦᠢᠴᠡᠳᠬᠡᠬᠦ ᠠᠵᠢᠯ ᠤᠨ ᠠᠵᠢᠯ ᠤᠨ ᠰᠤᠷᠲᠠᠯ ᠪᠣᠯᠤᠨ ᠠᠵᠢᠯ ᠤᠨ ᠰᠠᠬᠢᠯᠭ᠎ᠠ ᠪᠠᠲᠤ ᠵᠢ ᠴᠢᠩᠭᠠᠳᠭᠠᠪᠠ᠃ ᠨᠢᠭᠡ ᠳᠤ ᠪᠦᠯᠭᠦᠮ ᠤᠨ ᠬᠣᠣᠰ ᠴᠢᠭᠯᠡᠯ ᠪᠡᠷ ᠰᠤᠩᠭᠤᠬᠤ ᠳᠠᠪᠠᠭᠤᠯᠢᠭ ᠲᠠᠯ᠎ᠠ ᠵᠢ ᠪᠠᠳᠠᠷᠠᠭᠤᠯᠵᠤ᠂ ᠬᠣᠣᠰ ᠴᠢᠭᠯᠡᠯ ᠢᠶᠡᠷ ᠰᠤᠩᠭᠤᠬᠤ ᠶᠢᠨ ᠬᠦᠴᠦᠨ ᠢ ᠨᠢᠭᠲᠠᠷᠠᠭᠤᠯᠤᠨ᠂ ᠬᠠᠮᠲᠤᠷᠠᠨ ᠵᠥᠪᠯᠡᠬᠦ ᠲᠢᠩᠬᠢᠮ᠂ ᠭᠦᠢᠴᠡᠳᠬᠡᠬᠦ ᠲᠢᠩᠬᠢᠮ ᠪᠠ ᠭᠦᠢᠴᠡᠳᠬᠡᠬᠦ ᠵᠢ ᠵᠢᠯᠤᠭᠤᠳᠬᠤ ᠲᠥᠪ ᠤᠨ ᠠᠵᠢᠯ ᠪᠦᠷᠢ ᠰᠠᠢᠲᠤᠷ ᠬᠢᠵᠦ᠂ ᠭᠦᠢᠴᠡᠳᠬᠡᠬᠦ ᠠᠵᠢᠯ ᠤᠨ ᠬᠥᠭᠵᠢᠯᠲᠡ ᠵᠢ ᠠᠬᠢᠭᠤᠯᠵᠤ᠂ ᠵᠢᠯ ᠤᠨ ᠳᠣᠣᠷ᠎ᠠ ᠪᠣᠯᠲᠠᠯ᠎ᠠ ᠬᠤᠶᠠᠷ80%᠂ ᠨᠢᠭᠡ85% ᠵᠢ ᠪᠡᠶᠡᠯᠡᠭᠦᠯᠬᠦ ᠳᠤ ᠰᠠᠢᠲᠤᠷ ᠰᠠᠭᠤᠷᠢ ᠲᠠᠯᠪᠢᠨ᠎ᠠ᠃ ᠬᠤᠶᠠᠷ ᠲᠤ ᠭᠠᠳᠠᠭᠰᠢ ᠭᠠᠷᠴᠤ ᠬᠡᠷᠡᠭ ᠰᠢᠢᠳᠪᠦᠷᠢᠯᠡᠬᠦ ᠳᠤ ᠡᠷᠬᠡᠪᠢᠰᠢ ᠬᠤᠶᠠᠷ ᠬᠥᠮᠦᠨ ᠡᠴᠡ ᠳᠡᠭᠡᠭᠰᠢ ᠪᠠᠢᠵᠤ᠂ ᠮᠥᠨ ᠪᠥᠬᠦ ᠶᠠᠪᠤᠴᠠ ᠳᠤ ᠲᠡᠮᠳᠡᠭᠯᠡᠯ ᠬᠢᠵᠦ᠂ ᠬᠠᠤᠯᠢ ᠶᠣᠰᠣᠭᠠᠷ ᠪᠣᠯᠪᠠᠰᠤᠨ ᠢᠶᠡᠷ ᠬᠠᠤᠯᠢ ᠬᠡᠷᠡᠭᠵᠢᠭᠦᠯᠵᠦ᠂ ᠲᠥᠪ ᠤᠨ ᠨᠠᠢ᠍ᠮᠠᠨ ᠲᠥᠷᠦᠯ ᠤᠨ ᠳᠤᠭᠲᠠᠭᠠᠯ ᠤᠨ ᠵᠣᠷᠢᠭ ᠰᠠᠨᠠᠭ᠎ᠠ ᠵᠢ ᠵᠥᠷᠢᠴᠡᠬᠦ ᠵᠢ ᠳᠠᠰᠤ ᠬᠣᠷᠢᠭᠯᠠᠵᠤ᠂ ᠢᠳᠡᠬᠦ᠂ ᠠᠪᠬᠤ᠂ ᠲᠣᠷᠭᠠᠭᠤ᠂ ᠠᠪᠬᠤ ᠡᠴᠡ ᠪᠣᠯᠵᠤ ᠡᠭᠦᠰᠦᠭᠰᠡᠨ ᠠᠰᠠᠭᠤᠳᠠᠯ ᠢ ᠢᠯᠡᠷᠡᠭᠦᠯᠪᠡᠯ ᠴᠢᠩᠭ᠎ᠠ ᠰᠢᠢᠳᠪᠦᠷᠢᠯᠡᠨ᠎ᠡ᠃ ᠭᠤᠷᠪᠠ ᠨᠢ ᠭᠦᠢᠴᠡᠳᠬᠡᠬᠦ ᠺᠠᠲᠠᠷ ᠴᠠᠭᠳᠠᠭ᠎ᠠ ᠶᠢᠨ ᠠᠵᠢᠯ ᠳᠤ ᠭᠠᠷᠬᠤ ᠶᠢᠨ ᠬᠡᠪ ᠤᠨ ᠪᠠᠢᠬᠤ ᠵᠢ ᠪᠠᠲᠤᠯᠠᠵᠤ᠂ ᠤᠴᠢᠷ ᠦᠭᠡᠢ ᠪᠡᠷ ᠠᠵᠢᠯ ᠡᠴᠡ ᠪᠡᠨ ᠰᠠᠭᠠᠲᠤᠬᠤ᠂ ᠣᠷᠤᠢ ᠬᠦᠷᠴᠦ ᠡᠷᠲᠡ ᠪᠤᠴᠠᠵᠤ ᠪᠣᠯᠬᠤ ᠦᠭᠡᠢ᠃ ᠬᠡᠷᠪᠡ ᠣᠨᠴᠠᠭᠠᠢ ᠶᠠᠪᠤᠳᠠᠯ ᠲᠠᠢ ᠡᠴᠡ ᠪᠣᠯᠵᠤ ᠴᠢᠯᠦᠭᠡ ᠬᠡᠯᠡᠬᠦ ᠴᠢᠬᠤᠯᠠᠲᠠᠢ ᠪᠣᠯ᠂ ᠵᠠᠪᠠᠯ ᠴᠢᠯᠦᠭᠡ ᠭᠤᠶᠤᠬᠤ ᠭᠠᠷ ᠭᠦᠢᠴᠡᠳᠭᠡᠯ ᠢ ᠭᠦᠢᠴᠡᠳᠬᠡᠬᠦ ᠬᠡᠷᠡᠭᠲᠠᠢ᠃
ᠦᠨᠡᠯᠡᠬᠦ 0ᠦᠨᠡᠯᠡᠯᠲᠡ ᠲᠠᠢ