ᠬᠣᠣᠰ ᠬᠡᠯᠡ ᠪᠡᠷ ᠬᠠᠮᠲᠤᠷᠠᠨ ᠵᠥᠪᠯᠡᠨ ᠢᠷᠭᠡᠨ ᠤ ᠱᠠᠭᠠᠷᠳᠠᠯᠭ᠎ᠠ ᠵᠢ ᠬᠠᠩᠭᠠᠵᠤ ᠭᠤᠷᠪᠠᠨ ᠰᠢᠭᠦᠯᠲᠡ ᠵᠢ ᠨᠢᠭᠡᠳᠭᠡᠬᠦ ᠵᠢ ᠠᠩᠬ᠎ᠠ ᠤᠳᠠᠭ᠎ᠠ ᠲᠤᠷᠰᠢᠪᠠ--- ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠨᠢ ᠮᠣᠩᠭᠤᠯ ᠬᠢᠳᠠᠳ ᠬᠣᠣᠰ ᠬᠡᠯᠡᠨ ᠤ ᠬᠠᠮᠲᠤᠷᠠᠨ ᠵᠥᠪᠯᠡᠬᠦ ᠲᠢᠩᠬᠢᠮ ᠢ ᠪᠠᠢᠭᠤᠯᠪᠠ
2017.07.17 ᠲᠣᠰ ᠥᠷᠲᠡᠭᠡᠨ᠎ᠦ ᠨᠠᠢᠷᠠᠭᠤᠯᠤᠭᠴᠢ

ᠵᠣᠬᠢᠶᠠᠭᠴᠢ᠄ ᠮᠠᠯᠵᠢᠬᠤ ᠲᠠᠷᠢᠯᠠᠬᠤ ᠠᠭᠤᠷᠬᠠᠢ ᠶᠢᠨ ᠦᠢᠯᠡᠰ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠬᠠᠮᠲᠤᠷᠠᠨ ᠵᠥᠪᠯᠡᠬᠦ ᠲᠢᠩᠬᠢᠮ  ( ᠮᠣᠩᠭᠤᠯ  ᠬᠡᠯᠡᠨ ᠤ ᠵᠠᠭᠠᠯᠳᠤᠯᠭ᠎ᠠ ᠶᠢᠨ ᠬᠠᠮᠲᠤᠷᠠᠨ ᠵᠥᠪᠯᠡᠬᠦ ᠲᠢᠩᠬᠢᠮ)

      ᠣᠷᠳᠤᠰ ᠬᠣᠲᠠ ᠪᠣᠯ ᠴᠢᠩᠭᠢᠰ ᠬᠠᠭᠠᠨ ᠤ ᠦᠨᠢᠳᠡ ᠶᠢᠨ ᠨᠣᠢᠷᠰᠤᠭᠰᠠᠨ ᠠᠷᠢᠭᠤᠨ ᠭᠠᠵᠠᠷ ᠂ ᠮᠥᠨ ᠴᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠤᠯ ᠢ ᠬᠠᠮᠤᠭ ᠪᠦᠷᠢᠨ ᠪᠦᠲᠦᠨ ᠬᠠᠲᠠᠭᠠᠯᠠᠵᠤ ᠪᠠᠢᠭ᠎ᠠ ᠭᠠᠵᠠᠷ ᠪᠠᠢᠵᠤ᠂  ᠨᠡᠩ ᠴᠤ ᠴᠥᠭᠡᠨ ᠲᠣᠭᠠᠲᠤ ᠦᠨᠳᠦᠰᠦᠲᠡᠨ ᠤ ᠥᠪᠡᠷ ᠤᠨ ᠦᠨᠳᠦᠰᠦᠲᠡᠨ ᠤ ᠦᠭᠡ ᠬᠡᠯᠡ ᠪᠡᠨ ᠨᠡᠯᠢᠶᠡᠳ ᠥᠷᠭᠡᠨ ᠳᠡᠯᠭᠡᠷ ᠬᠡᠷᠡᠭᠯᠡᠵᠦ ᠪᠠᠢᠭ᠎ᠠ ᠭᠠᠵᠠᠷ ᠪᠣᠯᠤᠨ᠎ᠠ᠃ ᠲᠤᠰ ᠣᠷᠤᠨ ᠤ ᠴᠥᠭᠡᠨ ᠲᠣᠭᠠᠲᠤ ᠦᠨᠳᠦᠰᠦᠲᠡᠨ ᠤ ᠥᠪᠡᠷ ᠤᠨ ᠦᠨᠳᠦᠰᠦᠲᠡᠨ ᠤ ᠦᠭᠡ ᠬᠡᠯᠡ ᠪᠡᠨ ᠬᠡᠷᠡᠭᠯᠡᠨ ᠵᠠᠭᠠᠯᠳᠤᠯᠭ᠎ᠠ ᠬᠢᠬᠦ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠥᠯᠦᠭᠡ᠂ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢᠨ ᠳᠣᠬᠢᠶᠠᠯ ᠢ ᠠᠰᠢᠭᠯᠠᠵᠤ᠂ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠣᠨᠤᠪᠴᠢᠲᠠᠢ ᠲᠣᠬᠢᠷᠠᠭᠤᠯᠭ᠎ᠠ ᠳᠣᠣᠷ᠎ᠠ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ ᠨᠢᠭᠡᠨ ᠣᠨᠴᠠᠭᠠᠢ ᠬᠠᠮᠲᠤᠷᠠᠨ ᠵᠥᠪᠯᠡᠬᠦ ᠲᠢᠩᠬᠢᠮ᠂ ᠳᠠᠷᠤᠢ《 ᠮᠠᠯᠵᠢᠬᠤ ᠲᠠᠷᠢᠶᠠᠯᠠᠩ ᠠᠭᠤᠷᠬᠠᠢ ᠶᠢᠨ ᠦᠢᠯᠡᠰ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠬᠠᠮᠲᠤᠷᠠᠨ ᠵᠥᠪᠯᠡᠬᠦ ᠲᠢᠩᠬᠢᠮ( ᠮᠣᠩᠭᠤᠯ ᠬᠡᠯᠡ ᠪᠡᠷ ᠵᠠᠭᠠᠯᠳᠤᠯᠭ᠎ᠠ ᠬᠢᠬᠦ ᠬᠠᠮᠲᠤᠷᠠᠨ ᠵᠥᠪᠯᠡᠬᠦ ᠲᠢᠩᠬᠢᠮ)》 ᠢ ᠪᠠᠢᠭᠤᠯᠪᠠ᠃

    ᠬᠡᠷᠡᠭ ᠢ ᠬᠤᠪᠢᠶᠠᠬᠤ ᠳᠤ ᠬᠦᠴᠢᠷ᠂ ᠬᠠᠮᠲᠤᠷᠠᠨ ᠵᠥᠪᠯᠡᠬᠦ ᠲᠢᠩᠬᠢᠮ ᠢ ᠵᠣᠬᠢᠶᠠᠨ ᠪᠠᠢᠭᠤᠯᠬᠤ ᠳᠤ ᠬᠦᠴᠢᠷ᠂ ᠬᠤᠭᠤᠴᠠᠭ᠎ᠠ ᠲᠣᠬᠢᠷᠠᠭᠤᠯᠵᠤ ᠲᠢᠩᠬᠢᠮ ᠨᠡᠭᠡᠭᠡᠬᠦ ᠳᠤ ᠬᠦᠴᠢᠷ᠂ ᠬᠡᠷᠡᠭ ᠢ ᠬᠠᠮᠲᠤᠷᠠᠨ ᠵᠥᠪᠯᠡᠬᠦ ᠳᠤ ᠬᠦᠴᠢᠷ᠂ ᠪᠢᠴᠢᠭ᠌ ᠬᠠᠷ᠎ᠠ ᠵᠢ  ᠨᠠᠢᠷᠠᠭᠤᠯᠤᠨ ᠪᠢᠴᠢᠬᠦ ᠳᠤ ᠬᠦᠴᠢᠷ ᠵᠡᠷᠭᠡ ᠨᠢ ᠶᠡᠷᠦ ᠡᠴᠡ ᠪᠡᠨ ᠮᠣᠩᠭᠤᠯ ᠬᠡᠯᠡᠨ ᠤ ᠵᠠᠭᠠᠯᠳᠤᠯᠭ᠎ᠠ ᠳᠤ ᠤᠴᠠᠷᠠᠳᠠᠭ ᠠᠰᠠᠭᠤᠳᠠᠯ ᠪᠣᠯᠤᠨ᠎ᠠ᠃ ᠥᠩᠭᠡᠷᠡᠭᠰᠡᠨ ᠳᠤ ᠬᠣᠣᠰ ᠬᠡᠯᠡᠨ ᠤ ᠰᠢᠭᠦᠭᠴᠢ ᠪᠣᠯᠤᠨ ᠲᠡᠮᠳᠡᠭᠯᠡᠭᠴᠢ ᠬᠠᠷᠢᠴᠠᠩᠭᠤᠢ ᠲᠠᠷᠬᠠᠢ ᠪᠠᠢᠵᠤ᠂ ᠵᠠᠰᠠᠭ ᠵᠠᠬᠢᠷᠭᠠᠨ ᠤ ᠰᠢᠭᠦᠨ ᠳᠠᠰᠤᠯᠠᠬᠤ ᠲᠢᠩᠬᠢᠮ᠂ ᠭᠦᠢᠴᠡᠳᠬᠡᠬᠦ ᠳᠤ ᠬᠢᠨᠠᠯᠲᠠ ᠲᠠᠯᠪᠢᠬᠤ ᠵᠡᠷᠭᠡ ᠲᠢᠩᠬᠢᠮ ᠠᠯᠪᠠᠨ ᠭᠡᠷ ᠲᠤ ᠬᠣᠣᠰ ᠬᠡᠯᠡᠨ ᠤ ᠰᠢᠭᠦᠭᠴᠢ ᠳᠤᠲᠠᠬᠤ ᠡᠴᠡ ᠪᠣᠯᠵᠤ ᠲᠡᠭᠦᠨ ᠤ ᠬᠠᠷᠢᠶᠠᠨ ᠳᠤ ᠪᠠᠢᠳᠠᠭ ᠮᠣᠩᠭᠤᠯ ᠬᠡᠯᠡᠨ ᠤ ᠬᠡᠷᠡᠭ ᠢ ᠰᠢᠢᠳᠪᠦᠷᠢᠯᠡᠵᠦ ᠳᠡᠢᠯᠡᠬᠦ ᠦᠭᠡᠢ ᠪᠠᠢᠵᠤ᠂ ᠬᠠᠮᠲᠤᠷᠠᠨ ᠵᠥᠪᠯᠡᠬᠦ ᠲᠢᠩᠬᠢᠮ ᠤᠨ ᠵᠣᠬᠢᠶᠠᠨ ᠪᠠᠢᠭᠤᠯᠬᠤ ᠨᠢ ᠮᠣᠩᠭᠤᠯ ᠬᠡᠯᠡᠨ ᠤ ᠬᠡᠷᠡᠭ ᠢ ᠬᠦᠯᠢᠶᠡᠨ ᠰᠢᠢᠳᠪᠦᠷᠢᠯᠡᠬᠦ ᠰᠢᠭᠦᠭᠴᠢ ᠶᠢᠨ ᠭᠠᠷ ᠢᠶᠡᠨ ᠨᠤᠬᠤᠯᠠᠳᠠᠭ ᠶᠠᠪᠤᠳᠠᠯ ᠪᠣᠯᠪᠠ᠃ ᠡᠭᠦᠨ ᠤ ᠵᠡᠷᠭᠡᠪᠡᠷ ᠪᠢᠴᠢᠭ᠌ ᠬᠠᠷ᠎ᠠ ᠵᠢ ᠵᠣᠬᠢᠶᠠᠨ ᠪᠢᠴᠢᠬᠦ ᠨᠢᠭᠡᠳᠦᠯᠲᠠᠢ ᠠᠯᠪᠠᠨ ᠭᠡᠷ ᠤᠨ ᠵᠥᠭᠡᠯᠡᠨ ᠲᠣᠨᠤᠭ ᠦᠭᠡᠢ ᠪᠠᠢᠵᠤ᠂ ᠬᠤᠪᠢᠶᠠᠯᠴᠠᠬᠤ᠂ ᠳᠠᠮᠵᠢᠭᠤᠯᠤᠨ ᠤᠩᠰᠢᠬᠤ᠂ ᠬᠢᠨᠠᠯᠲᠠ ᠬᠢᠵᠦ ᠭᠠᠷ ᠤᠨ ᠦᠰᠦᠭ ᠵᠢᠷᠤᠬᠤ ᠵᠡᠷᠭᠡ ᠠᠰᠠᠭᠤᠳᠠᠯ ᠨᠢ ᠮᠥᠨ ᠮᠣᠩᠭᠤᠯ ᠬᠡᠯᠡᠨ ᠤ ᠬᠡᠷᠡᠭ ᠬᠦᠯᠢᠶᠡᠨ ᠰᠢᠢᠳᠪᠦᠷᠢᠯᠡᠳᠡᠭ ᠰᠢᠭᠦᠭᠴᠢ ᠶᠢᠨ ᠶᠡᠷᠦ ᠡᠴᠡ ᠪᠡᠨ ᠵᠣᠪᠠᠳᠠᠭ ᠠᠰᠠᠭᠤᠳᠠᠯ ᠪᠠᠢᠵᠤ᠂ ᠮᠣᠩᠭᠤᠯ ᠬᠡᠯᠡᠨ ᠤ ᠵᠠᠭᠠᠯᠳᠤᠯᠭ᠎ᠠ ᠶᠢᠨ  ᠬᠡᠷᠡᠭ  ᠶᠢᠨ ᠰᠢᠭᠦᠨ ᠳᠠᠰᠤᠯᠠᠬᠤ ᠴᠢᠨᠠᠷ ᠴᠢᠨᠰᠠᠭ᠎ᠠ ᠵᠢ ᠬᠦᠨᠳᠦ ᠨᠤᠴᠤᠲᠠᠢ ᠨᠥᠯᠦᠭᠡᠯᠡᠪᠡ᠃

    ᠡᠨᠡ ᠤᠳᠠᠭᠠᠨ ᠤ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠳᠤᠮᠳᠠ᠂ ᠡᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠰᠡᠳᠭᠢᠴᠡ ᠵᠢ ᠵᠣᠷᠢᠵᠤ᠂ ᠤᠯᠠᠨ ᠵᠢᠯ ᠤᠨ ᠡᠷᠢᠯᠬᠢᠯᠡᠭᠰᠡᠨ ᠤ ᠰᠠᠭᠤᠷᠢᠨ ᠳᠡᠭᠡᠷ᠎ᠡ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ ᠬᠠᠮᠤᠭ ᠰᠡᠭᠦᠯ ᠳᠤ ᠨᠢ ᠮᠣᠩᠭᠤᠯ ᠬᠢᠲᠡᠳ ᠬᠣᠣᠰ ᠬᠡᠯᠡᠨ ᠤ《 ᠭᠤᠷᠪᠠᠨ ᠰᠢᠭᠦᠯᠲᠡ ᠵᠢ ᠨᠢᠭᠡ ᠪᠣᠯᠭᠠᠭᠰᠠᠨ》 ᠬᠠᠮᠲᠤᠷᠠᠨ ᠵᠥᠪᠯᠡᠬᠦ ᠲᠢᠩᠬᠢᠮ  ᠢ ᠵᠣᠬᠢᠶᠠᠨ ᠪᠠᠢᠭᠤᠯᠬᠤ ᠪᠡᠷ ᠳᠤᠭᠲᠠᠪᠠ᠃ ᠬᠥᠮᠦᠨ ᠤ ᠳᠤᠬᠢᠷᠠᠭᠤᠯᠤᠯᠲᠠ ᠳᠡᠭᠡᠷ᠎ᠡ᠂ ᠲᠤᠰ ᠬᠠᠮᠲᠤᠷᠠᠨ ᠵᠥᠪᠯᠡᠬᠦ ᠲᠢᠩᠬᠢᠮ ᠤᠨ ᠣᠨᠴᠠᠭᠠᠢ ᠪᠠᠢᠳᠠᠯ ᠢ ᠭᠦᠢᠴᠡᠳ ᠪᠣᠳᠤᠯᠬᠢᠯᠠᠨ᠂ ᠲᠤᠰ ᠲᠢᠩᠬᠢᠮ ᠳᠤ《1+2+3+2》 ᠶᠢᠨ ᠬᠡᠯᠪᠡᠷᠢ ᠵᠢ ᠳᠤᠭᠲᠠᠭᠠᠵᠤ᠂ ᠳᠠᠷᠤᠢ ᠨᠢᠭᠡ ᠨᠡᠷ᠎ᠡ ᠰᠢᠭᠦᠭᠴᠢ ᠳᠠᠷᠤᠭ᠎ᠠ ᠬᠤᠶᠠᠷ ᠨᠡᠷ᠎ᠡ ᠰᠢᠭᠦᠭᠴᠢ ᠂ ᠭᠤᠷᠪᠠᠨ  ᠨᠡᠷ᠎ᠡ ᠰᠢᠭᠦᠭᠴᠢ ᠶᠢᠨ ᠬᠠᠪᠰᠤᠷᠤᠭᠴᠢ᠂ ᠬᠤᠶᠠᠷ ᠨᠡᠷ᠎ᠡ ᠲᠡᠮᠳᠡᠭᠯᠡᠭᠴᠢ ᠵᠢ ᠳᠠᠭᠠᠭᠤᠯᠤᠨ᠂ ᠮᠥᠨ  ᠰᠢᠭᠦᠭᠴᠢ ᠳᠠᠷᠤᠭ᠎ᠠ ᠪᠣᠯᠤᠨ ᠰᠢᠭᠦᠭᠴᠢ᠂ ᠰᠢᠭᠦᠭᠴᠢ ᠶᠢᠨ ᠬᠠᠪᠰᠤᠷᠤᠭᠴᠢ᠂ ᠳᠡᠮᠳᠡᠭᠯᠡᠭᠴᠢ ᠬᠣᠣᠰ ᠴᠢᠭᠯᠡᠯ ᠢᠶᠡᠷ ᠰᠣᠩᠭᠤᠭᠰᠠᠨ ᠤ ᠰᠠᠭᠤᠷᠢᠨ ᠳᠡᠭᠡᠷ᠎ᠡ᠂ ᠨᠢᠬᠡᠲᠦᠯᠲᠠᠢ ᠳᠤᠬᠢᠷᠠᠭᠤᠯᠤᠨ ᠲᠤᠰ ᠬᠠᠮᠲᠤᠷᠠᠨ ᠵᠥᠪᠯᠡᠬᠦ ᠲᠢᠩᠬᠢᠮ ᠢ ᠢᠷᠭᠡᠨ ᠤ ᠬᠡᠷᠡᠭ᠂  ᠡᠷᠡᠭᠦᠦ ᠶᠢᠨ ᠬᠡᠷᠡᠭ᠂ ᠵᠠᠰᠠᠭ ᠵᠠᠬᠢᠷᠭᠠᠨ ᠤ ᠬᠡᠷᠡᠭ ᠵᠡᠷᠭᠡ ᠭᠤᠷᠪᠠᠨ ᠶᠡᠬᠡ ᠰᠢᠭᠦᠨ ᠳᠠᠰᠤᠯᠠᠬᠤ ᠠᠵᠢᠯ ᠳᠤ ᠨᠡᠪᠲᠡᠷᠡᠭᠰᠡᠨ ᠰᠢᠯᠢᠳᠡᠭ ᠺᠠᠲᠠᠷ ᠴᠠᠭᠳᠠᠭ᠎ᠠ ᠵᠢ ᠲᠣᠬᠢᠷᠠᠭᠤᠯᠪᠠ᠃ ᠬᠠᠲᠠᠭᠤ ᠲᠣᠨᠤᠭ ᠤᠨ ᠲᠣᠬᠢᠷᠠᠭᠤᠯᠭ᠎ᠠ ᠳᠡᠭᠡᠷ᠎ᠡ᠂  ᠨᠠᠢᠷᠠᠭᠤᠯᠤᠨ ᠪᠢᠴᠢᠬᠦ ᠳᠤ ᠬᠦᠴᠢᠷᠲᠠᠢ ᠪᠠᠢᠳᠠᠯ ᠢ ᠰᠢᠢᠳᠪᠦᠷᠢᠯᠡᠬᠦ ᠶᠢᠨ ᠲᠥᠯᠦᠭᠡ᠂ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠡᠴᠡ ᠥᠪᠦᠷ ᠮᠣᠩᠭᠤᠯ ᠤᠨ ᠶᠡᠬᠡ ᠰᠤᠷᠭᠠᠭᠤᠯᠢ ᠶᠢᠨ ᠪᠣᠳᠤᠯᠭ᠎ᠠ ᠶᠢᠨ ᠮᠠᠰᠢᠨ ᠤ ᠳᠡᠭᠡᠲᠦ ᠰᠤᠷᠭᠠᠭᠤᠯᠢ ᠲᠠᠢ ᠬᠠᠮᠲᠤᠷᠠᠨ ᠠᠯᠪᠠᠯᠠᠬᠤ ᠳᠤ ᠬᠡᠷᠡᠭᠯᠡᠬᠦ ᠲᠤᠰᠭᠠᠢ ᠵᠥᠭᠡᠯᠡᠨ ᠲᠣᠨᠤᠭ ᠢ ᠰᠤᠳᠤᠯᠤᠨ ᠪᠦᠲᠦᠭᠡᠵᠦ᠂ ᠲᠤᠰ ᠲᠥᠷᠦᠯ ᠤᠨ ᠠᠵᠢᠯ ᠨᠢ ᠣᠳᠣᠬᠠᠨ ᠳᠤ ᠨᠢᠭᠡᠨᠲᠡ ᠪᠣᠳᠠᠲᠤ ᠴᠢᠨᠠᠷ ᠤᠨ ᠠᠬᠢᠯᠲᠠ ᠲᠠᠢ ᠪᠣᠯᠪᠠ᠃ ᠣᠢᠷ᠎ᠠ ᠶᠢᠨ ᠵᠢᠯ ᠳᠤ ᠣᠷᠳᠤᠰ ᠣᠷᠤᠨ ᠤ ᠮᠣᠩᠭᠤᠯ ᠵᠠᠭᠠᠯᠳᠤᠯᠭ᠎ᠠ ᠶᠢᠨ ᠬᠡᠷᠡᠭ ᠤᠨ ᠳᠤᠮᠳᠠ ᠭᠠᠵᠠᠷ ᠰᠢᠷᠤᠢ ᠶᠢᠨ ᠥᠮᠴᠢ ᠶᠢᠨ ᠠᠰᠠᠭᠤᠳᠠᠯ ᠳᠤ ᠬᠣᠯᠪᠤᠭᠳᠠᠭᠰᠠᠨ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ ᠤᠯᠠᠨ ᠪᠠᠢᠵᠤ᠂  ᠢᠯᠠᠩᠭᠤᠶ᠎ᠠ ᠣᠷᠴᠢᠨ ᠲᠣᠭᠤᠷᠢᠨ ᠡᠬᠢ ᠪᠠᠶᠠᠯᠢᠭ ᠤᠨ ᠬᠡᠷᠡᠭ ᠪᠣᠯᠤᠨ ᠭᠠᠵᠠᠷ ᠰᠢᠷᠤᠢ ᠶᠢᠨ ᠥᠮᠴᠢᠯᠡᠯ ᠤᠨ ᠠᠰᠠᠭᠤᠳᠠᠯ ᠨᠢ ᠰᠠᠯᠵᠤ ᠪᠣᠯᠤᠰᠢ ᠦᠭᠡᠢ ᠬᠠᠷᠢᠴᠠᠭ᠎ᠠ ᠲᠠᠢ ᠪᠠᠢᠵᠤ᠂ ᠬᠠᠮᠤᠭ ᠰᠡᠭᠦᠯ ᠳᠤ ᠨᠢ ᠲᠤᠰ ᠬᠡᠳᠦᠨ ᠲᠥᠷᠦᠯ ᠤᠨ ᠬᠡᠷᠡᠭ ᠢ ᠮᠣᠩᠭᠤᠯ ᠬᠡᠯᠡᠨ ᠤ ᠬᠠᠮᠲᠤᠷᠠᠨ ᠵᠥᠪᠯᠡᠬᠦ ᠲᠢᠩᠬᠢᠮ ᠰᠢᠭᠦᠨ ᠰᠢᠢᠳᠪᠦᠷᠢᠯᠡᠬᠦ ᠪᠡᠷ ᠳᠤᠭᠲᠠᠵᠤ᠂ ᠡᠭᠦᠨ ᠡᠴᠡ ᠪᠣᠯᠵᠤ ᠲᠤᠰ ᠬᠠᠮᠲᠤᠷᠠᠨ ᠵᠥᠪᠯᠡᠬᠦ ᠲᠢᠩᠬᠢᠮ ᠨᠢ《 ᠠᠷᠠᠳ ᠲᠠᠢ ᠬᠠᠮᠤᠭ ᠣᠢᠷᠠᠲᠤᠭᠰᠠᠨ ᠬᠠᠮᠲᠤᠷᠠᠨ ᠵᠥᠪᠯᠡᠬᠦ ᠲᠢᠩᠬᠢᠮ》 ᠭᠡᠰᠡᠨ ᠠᠯᠲᠠᠷ ᠲᠠᠢ ᠪᠣᠯᠪᠠ᠃

   ᠮᠠᠯᠵᠢᠬᠤ ᠲᠠᠷᠢᠶᠠᠯᠠᠬᠤ ᠠᠭᠤᠷᠬᠠᠢ ᠶᠢᠨ ᠦᠢᠯᠡᠰ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠬᠠᠮᠲᠤᠷᠠᠨ ᠵᠥᠪᠯᠡᠬᠦ ᠲᠢᠩᠬᠢᠮ( ᠮᠣᠩᠭᠤᠯ ᠵᠠᠭᠠᠯᠳᠤᠯᠭ᠎ᠠ ᠶᠢᠨ  ᠬᠠᠮᠲᠤᠷᠠᠨ ᠵᠥᠪᠯᠡᠬᠦ ᠲᠢᠩᠬᠢᠮ) ᠨᠢ ᠪᠥᠬᠦ ᠣᠷᠤᠨ ᠤ ᠰᠢᠭᠦᠬᠦ ᠬᠣᠷᠢᠶᠠᠨ ᠳᠤ  ᠠᠩᠬ᠎ᠠ ᠤᠳᠠᠭ᠎ᠠ ᠪᠠᠢᠭᠤᠯᠤᠭᠳᠠᠭᠰᠠᠨ ᠮᠣᠩᠭᠤᠯ ᠬᠢᠲᠡᠳ ᠬᠣᠣᠰ ᠬᠡᠯᠡᠨ ᠤ《 ᠭᠤᠷᠪᠠ ᠵᠢ ᠨᠢᠭᠡ ᠪᠣᠯᠭᠠᠭᠰᠠᠨ》 ᠰᠢᠭᠦᠨ ᠳᠠᠰᠤᠯᠠᠬᠤ ᠪᠦᠯᠭᠦᠮ ᠪᠠᠢᠵᠤ᠂ ᠡᠨᠡ ᠨᠢ ᠮᠠᠨ ᠤ ᠬᠣᠷᠢᠶᠠᠨ ᠡᠴᠡ ᠣᠷᠳᠤᠰ ᠬᠣᠲᠠ ᠶᠢᠨ ᠬᠤᠶᠠᠷ ᠳᠡᠰ ᠤᠨ ᠰᠢᠭᠦᠬᠦ ᠬᠣᠷᠢᠶᠠᠨ ᠤ ᠤᠯᠠᠨ ᠵᠢᠯ ᠤᠨ ᠠᠵᠢᠯ ᠤᠨ ᠲᠤᠷᠰᠢᠯᠭ᠎ᠠ ᠵᠢ ᠬᠤᠷᠢᠶᠠᠩᠭᠤᠢᠯᠠᠭᠰᠠᠨ ᠤ ᠰᠠᠭᠤᠷᠢᠨ ᠳᠡᠭᠡᠷ᠎ᠡ᠂  ᠨᠢᠭᠡ ᠤᠳᠠᠭᠠᠨ ᠤ ᠪᠣᠯᠭᠤᠮᠵᠢᠲᠠᠢ᠂ ᠵᠣᠷᠢᠭᠲᠠᠢ᠂ ᠰᠢᠨ᠎ᠡ ᠵᠢ ᠡᠭᠦᠳᠦᠭᠰᠡᠨ ᠦᠢᠯᠡᠰ  ᠪᠣᠯᠪᠠ᠃ ᠬᠤᠢᠰᠢᠲᠠ ᠶᠢᠨ ᠠᠵᠢᠯ ᠳᠤᠮᠳᠠ᠂ ᠮᠠᠯᠵᠢᠬᠤ ᠲᠠᠷᠢᠶᠠᠯᠠᠬᠤ ᠠᠭᠤᠷᠬᠠᠢ ᠶᠢᠨ ᠦᠢᠯᠡᠰ ᠪᠣᠯᠤᠨ ᠡᠬᠢ ᠪᠠᠶᠠᠯᠢᠭ ᠣᠷᠴᠢᠨ ᠲᠤᠭᠭᠤᠷᠢᠨ ᠤ ᠬᠠᠮᠲᠤᠷᠠᠨ ᠵᠥᠪᠯᠡᠬᠦ ᠲᠢᠩᠬᠢᠮ( ᠮᠣᠩᠭᠤᠯ ᠬᠡᠯᠡ ᠪᠡᠷ ᠵᠠᠭᠠᠯᠳᠤᠯᠭ᠎ᠠ ᠬᠢᠬᠦ ᠬᠠᠮᠲᠤᠷᠠᠨ ᠵᠥᠪᠯᠡᠬᠦ ᠲᠢᠩᠬᠢᠮ) ᠨᠢ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠳᠡᠬᠡᠲᠦ ᠬᠡᠮᠵᠢᠶᠠᠨ ᠤ ᠴᠢᠬᠤᠯᠠᠴᠢᠯᠠᠯ ᠪᠣᠯᠤᠨ ᠪᠥᠯᠬᠦᠨᠮ ᠤᠨ ᠪᠥᠬᠦ ᠬᠡᠰᠢᠭᠦᠳ ᠤᠨ ᠬᠠᠮᠲᠤ ᠶᠢᠨ ᠴᠢᠷᠮᠠᠢᠯᠭ᠎ᠠ᠂ ᠬᠠᠪᠰᠤᠷᠠᠯᠭ᠎ᠠ ᠳᠣᠣᠷ᠎ᠠ᠂ ᠳᠠᠪᠬᠤᠷ ᠳᠠᠪᠬᠤᠷ ᠬᠦᠴᠢᠷ ᠢ ᠳᠠᠪᠠᠨ᠂ ᠴᠥᠭᠡᠨ ᠲᠣᠭᠠᠲᠤ ᠦᠨᠳᠦᠰᠦᠲᠡᠨ ᠤ ᠠᠷᠠᠳ ᠲᠦᠮᠡᠨ ᠤ ᠵᠠᠭᠠᠯᠳᠤᠯᠭ᠎ᠠ ᠶᠢᠨ ᠡᠷᠬᠡ ᠠᠰᠢᠭ ᠵᠢ ᠬᠠᠮᠠᠭᠠᠯᠠᠬᠤ ᠪᠠᠲᠤᠯᠠᠯᠲᠠ ᠶᠢᠨ ᠵᠠᠮ ᠢ ᠨᠡᠭᠡᠭᠡᠵᠦ᠂ ᠲᠤᠬᠠᠢ ᠶᠢᠨ ᠬᠥᠮᠦᠨ ᠪᠣᠯᠭᠠᠨ ᠳᠤ ᠵᠠᠭᠠᠯᠳᠤᠯᠭ᠎ᠠ ᠶᠢᠨ ᠬᠡᠷᠡᠭ ᠨᠢᠭᠡᠪᠦᠷᠢ ᠶᠢᠨ ᠳᠤᠮᠳᠠ ᠡᠴᠡ ᠡᠷᠬᠡ ᠲᠡᠭᠰᠢ ᠲᠥᠪ ᠭᠣᠣᠯᠴᠢ ᠵᠢ ᠮᠡᠳᠡᠷᠡᠭᠦᠯᠬᠦ ᠬᠠᠷᠠᠯᠲᠠ ᠵᠢ ᠦᠨᠡᠨᠬᠦ ᠪᠡᠶᠡᠯᠡᠭᠦᠯᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )