ᠵᠣᠬᠢᠶᠠᠭᠴᠢ᠄ ᠦᠦᠰᠢᠨ ᠬᠤᠰᠥᠭᠤᠨ ᠤ ᠠᠷᠠᠳ ᠤᠨ ᠰᠢᠭᠦᠬᠦ ᠬᠣᠷᠢᠶ᠎ᠠ ᠭᠦᠸᠸ ᠯᠢ
6 ᠰᠠᠷ᠎ᠠ ᠶᠢᠨ27 ᠤ ᠡᠳᠦᠷ᠂ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠶᠢᠨ ᠳᠠᠷᠠᠭ᠎ᠠ ᠠᠩᠬ᠎ᠠ ᠤᠳᠠᠭᠠᠨ ᠤ ᠲᠤᠰᠭᠠᠢ ᠰᠢᠭᠦᠭᠴᠢ ᠶᠢᠨ ᠬᠣᠯᠪᠤᠭᠠᠲᠤ ᠬᠤᠷᠠᠯ ᠢ ᠠᠮᠵᠢᠯᠲᠠ ᠲᠠᠢ ᠬᠤᠷᠠᠯᠳᠤᠪᠠ᠃ ᠡᠨᠡ ᠤᠳᠠᠭᠠᠨ ᠤ ᠬᠤᠷᠠᠯ ᠨᠢ ᠡᠷᠡᠭᠦᠦ ᠶᠢᠨ ᠬᠡᠷᠡᠭ ᠤᠨ ᠰᠢᠭᠦᠨ ᠳᠠᠰᠤᠯᠠᠬᠤ ᠪᠣᠯᠤᠨ ᠭᠦᠢᠴᠡᠳᠬᠡᠬᠦ ᠪᠦᠯᠭᠦᠮ ᠤᠨ ᠲᠤᠰᠭᠠᠢ ᠰᠢᠭᠦᠭᠴᠢ ᠶᠢᠨ ᠬᠠᠮᠲᠤᠷᠠᠭᠰᠠᠨ ᠬᠤᠷᠠᠯ ᠪᠠᠢᠵᠤ᠂ ᠸᠠᠩ ᠵᠢᠶᠦ᠋ᠨ ᠳᠡᠳ᠋ ᠬᠣᠷᠢᠶᠠᠨ ᠳᠠᠷᠤᠭ᠎ᠠ᠂ ᠡᠷᠳᠡᠨᠢᠪᠤᠯᠠᠭ ᠳᠡᠳ᠋ ᠬᠣᠷᠢᠶᠠᠨ ᠳᠠᠷᠤᠭ᠎ᠠ ᠵᠢᠴᠢ ᠡᠷᠡᠭᠦᠦ ᠶᠢᠨ ᠬᠡᠷᠡᠭ ᠤᠨ ᠰᠢᠭᠦᠨ ᠳᠠᠰᠤᠯᠠᠬᠤ ᠪᠥᠯᠬᠦᠨᠮ ᠤᠨ ᠰᠢᠭᠦᠭᠴᠢ ᠨᠠᠷ ᠬᠤᠷᠠᠯ ᠳᠤ ᠣᠷᠤᠯᠴᠠᠪᠠ᠃
ᠬᠣᠯᠪᠤᠭᠠᠲᠤ ᠬᠤᠷᠠᠯ ᠳᠡᠭᠡᠷ᠎ᠡ᠂ ᠡᠷᠡᠭᠦᠦ ᠶᠢᠨ ᠬᠡᠷᠡᠭ ᠤᠨ ᠰᠢᠭᠦᠨ ᠳᠠᠰᠤᠯᠠᠬᠤ ᠪᠦᠯᠭᠦᠮ ᠤᠨ ᠰᠢᠭᠦᠭᠴᠢ ᠨᠠᠷ《 ᠦᠦᠰᠢᠨ ᠬᠤᠰᠥᠭᠤᠨ ᠤ ᠠᠷᠠᠳ ᠤᠨ ᠰᠢᠭᠦᠬᠦ ᠬᠣᠷᠢᠶᠠᠨ ᠤ ᠲᠤᠰᠭᠠᠢ ᠰᠢᠭᠦᠭᠴᠢ ᠶᠢᠨ ᠬᠣᠯᠪᠤᠭᠠᠲᠤ ᠬᠤᠷᠠᠯ ᠤᠨ ᠠᠵᠢᠯ ᠤᠨ ᠳᠦᠷᠢᠮ( ᠲᠤᠷᠰᠢᠨ ᠬᠡᠷᠡᠭᠯᠡᠬᠦ)》 ᠤᠨ ᠳᠤᠭᠲᠠᠭᠠᠯ ᠶᠣᠰᠣᠭᠠᠷ᠂ ᠬᠡᠷᠡᠭ ᠤᠨ ᠪᠠᠢᠳᠠᠯ᠂ ᠮᠠᠷᠭᠤᠯᠳᠤᠭᠠᠨ ᠤ ᠴᠢᠭ᠂ ᠳᠠᠰᠤᠯᠠᠯᠲᠠ ᠶᠢᠨ ᠰᠢᠯᠲᠠᠭᠠᠨ ᠵᠢᠴᠢ ᠰᠠᠨᠠᠯ ᠳᠤ ᠪᠥᠬᠦ ᠲᠠᠯ᠎ᠠ ᠶᠢᠨ ᠲᠠᠨᠢᠯᠴᠠᠭᠤᠯᠭ᠎ᠠ ᠬᠢᠪᠡ᠃ ᠬᠤᠷᠠᠯ ᠳᠤ ᠣᠷᠤᠯᠴᠠᠭᠰᠠᠨ ᠰᠢᠭᠦᠭᠴᠢ ᠨᠠᠷ ᠭᠦᠨᠵᠡᠭᠡᠢ ᠶᠠᠷᠢᠯᠴᠠᠨ᠂ ᠬᠡᠷᠡᠭ ᠤᠨ ᠬᠠᠤᠯᠢ ᠶᠢᠨ ᠬᠡᠷᠡᠭᠯᠡᠯᠲᠡ᠂ ᠨᠡᠢᠭᠡᠮ ᠤᠨ ᠨᠥᠯᠦᠭᠡ ᠵᠡᠷᠭᠡ ᠲᠠᠯ᠎ᠠ ᠳᠤ ᠰᠢᠢᠳᠪᠦᠷᠢᠯᠡᠬᠦ ᠰᠠᠨᠠᠯ ᠳᠤᠷᠠᠳᠴᠤ᠂ ᠬᠡᠷᠡᠭ ᠤᠨ ᠰᠢᠭᠦᠨ ᠰᠢᠢᠳᠪᠦᠷᠢᠯᠡᠬᠦ ᠬᠦᠴᠢᠷᠳᠡᠯ ᠢ ᠡᠶᠡᠲᠠᠢ ᠰᠢᠢᠳᠪᠦᠷᠢᠯᠡᠬᠦ ᠳᠤ ᠯᠠᠪᠯᠠᠯᠲᠠ ᠬᠠᠩᠭᠠᠭᠰᠠᠨ ᠪᠠᠢᠨ᠎ᠠ᠃
ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠥᠬᠡᠷᠡᠴᠢᠯᠡᠯᠲᠠ ᠶᠢᠨ ᠶᠠᠪᠤᠴᠠ ᠳᠤᠮᠳᠠ᠂ ᠮᠠᠨ ᠤ ᠬᠤᠷᠢᠶ᠎ᠠ ᠨᠢ ᠢᠷᠭᠡᠨ ᠤ ᠬᠡᠷᠡᠭ ᠤᠨ ᠰᠢᠭᠦᠨ ᠳᠠᠰᠤᠯᠠᠬᠤ ᠪᠠ ᠵᠠᠰᠠᠭ ᠵᠠᠬᠢᠷᠭᠠᠨ ᠤ ᠰᠢᠭᠦᠨ ᠳᠠᠰᠤᠯᠠᠬᠤ᠂ ᠡᠷᠡᠭᠦᠦ ᠶᠢᠨ ᠬᠡᠷᠡᠭ ᠤᠨ ᠰᠢᠭᠦᠨ ᠳᠠᠰᠤᠯᠠᠬᠤ ᠪᠠ ᠭᠦᠢᠴᠡᠳᠬᠡᠬᠦ ᠪᠦᠯᠭᠦᠮ ᠬᠤᠶᠠᠷ ᠲᠤᠰᠭᠠᠢ ᠰᠢᠭᠦᠭᠴᠢ ᠶᠢᠨ ᠬᠤᠷᠠᠯ ᠤᠨ ᠳᠤᠭᠲᠠᠯᠴᠠᠭ᠎ᠠ ᠵᠢ ᠪᠠᠢᠭᠤᠯᠪᠠ᠃ ᠲᠤᠰᠭᠠᠢ ᠰᠢᠭᠦᠭᠴᠢ ᠶᠢᠨ ᠬᠣᠯᠪᠤᠭᠠᠲᠤ ᠬᠤᠷᠠᠯ ᠨᠢ ᠰᠢᠭᠦᠭᠴᠢ ᠶᠢᠨ ᠬᠠᠮᠲᠦ ᠶᠢᠨ ᠤᠢ ᠤᠬᠠᠭᠠᠨ ᠳᠤ ᠲᠦᠰᠢᠭᠯᠡᠨ᠂ ᠬᠦᠨᠳᠦ ᠶᠡᠬᠡ᠂ ᠬᠦᠴᠢᠷ ᠪᠤᠳᠤᠯᠢᠶᠠᠨᠲᠠᠢ᠂ ᠬᠠᠷᠢᠭᠤᠴᠠᠯᠭ᠎ᠠ ᠶᠢᠨ ᠬᠡᠷᠡᠭ ᠢ ᠰᠤᠲᠤᠯᠤᠨ ᠶᠠᠷᠢᠯᠴᠠᠵᠤ᠂ ᠭᠠᠭᠴᠠᠭᠠᠷ ᠬᠠᠷᠢᠭᠤᠴᠠᠭᠰᠠᠨ ᠰᠢᠭᠦᠭᠴᠢ ᠪᠣᠯᠤᠨ ᠬᠠᠮᠲᠤᠷᠠᠨ ᠵᠥᠪᠯᠡᠬᠦ ᠲᠢᠩᠬᠢᠮ ᠳᠤ ᠲᠤᠰᠭᠠᠢ ᠵᠥᠪᠳᠡᠬᠦ ᠰᠠᠨᠠᠯ ᠬᠠᠩᠭᠠᠬᠤ ᠳᠣᠲᠤᠭᠠᠳᠤ ᠳᠤ ᠵᠥᠪᠳᠡᠬᠦ ᠪᠠᠢᠭᠤᠯᠤᠮᠵᠢ ᠪᠠᠢᠵᠤ᠂ ᠰᠢᠭᠦᠨ ᠳᠠᠰᠤᠯᠠᠬᠤ ᠺᠣᠮᠢᠰ ᠤᠨ ᠬᠡᠷᠡᠭ ᠢ ᠶᠠᠷᠢᠯᠴᠠᠬᠤ ᠶᠢᠨ ᠡᠮᠦᠨᠡᠬᠢ ᠶᠠᠪᠤᠴᠠ ᠪᠣᠯᠵᠤ᠂ ᠬᠡᠷᠡᠭ ᠢ ᠰᠢᠢᠳᠪᠦᠷᠢᠯᠡᠬᠦ ᠴᠢᠨᠠᠷ ᠴᠢᠨᠰᠠᠭ᠎ᠠ ᠪᠠ ᠰᠢᠭᠦᠨ ᠳᠠᠰᠤᠯᠠᠬᠤ ᠪᠦᠲᠦᠮᠵᠢ ᠵᠢ ᠳᠡᠭᠡᠭᠰᠢᠯᠡᠭᠦᠯᠬᠦ ᠳᠤ ᠠᠰᠢᠭᠲᠠᠢ᠃
ᠬᠣᠢᠰᠢᠳᠠ ᠮᠠᠨ ᠤ ᠬᠤᠷᠢᠶ᠎ᠠ ᠨᠢ ᠠᠵᠢᠯ ᠤᠨ ᠪᠤᠲᠠᠲᠠᠢ ᠲᠠᠢ ᠤᠶᠠᠯᠳᠤᠨ᠂ ᠳᠤᠭᠲᠠᠭᠰᠠᠨ ᠬᠤᠭᠤᠴᠠᠭ᠎ᠠ ᠦᠭᠡᠢ ᠪᠡᠷ ᠲᠤᠰᠭᠠᠢ ᠬᠣᠯᠪᠤᠭᠠᠲᠤ ᠬᠤᠷᠠᠯ ᠢ ᠬᠤᠷᠠᠯᠳᠤᠵᠤ᠂ ᠰᠢᠭᠦᠭᠴᠢ ᠶᠢᠨ ᠬᠦᠴᠢᠷ ᠪᠤᠳᠤᠯᠢᠶᠠᠨᠲᠠᠢ ᠬᠡᠷᠡᠭ ᠢ ᠰᠢᠢᠳᠪᠦᠷᠢᠯᠡᠬᠦ ᠴᠢᠳᠠᠮᠵᠢ ᠵᠢ ᠳᠡᠭᠡᠭᠰᠢᠯᠡᠭᠦᠯᠦᠨ᠂ ᠳᠠᠰᠤᠯᠠᠯᠲᠠ ᠶᠢᠨ ᠬᠡᠮᠵᠢᠶ᠎ᠡ ᠪᠠ ᠬᠠᠤᠯᠢ ᠲᠣᠬᠢᠷᠠᠭᠤᠯᠤᠨ ᠬᠡᠷᠡᠭᠯᠡᠬᠦ ᠵᠢ ᠨᠢᠭᠡᠳᠦᠯᠲᠠᠢ ᠪᠣᠯᠭᠠᠵᠤ᠂ ᠬᠡᠷᠡᠭ ᠤᠨ ᠰᠢᠭᠦᠨ ᠳᠠᠰᠤᠯᠠᠬᠤ ᠴᠢᠨᠠᠷ ᠴᠢᠨᠰᠠᠭ᠎ᠠ ᠵᠢ ᠪᠠᠲᠤᠯᠠᠵᠤ᠂ ᠬᠠᠤᠯᠢ ᠬᠡᠷᠡᠭᠵᠢᠭᠦᠯᠦᠯᠲᠡ ᠶᠢᠨ ᠨᠡᠢᠲᠡ ᠶᠢᠨ ᠢᠲᠡᠭᠡᠭᠦᠯᠬᠦ ᠬᠦᠴᠦᠨ ᠢ ᠳᠠᠰᠤᠷᠠᠯᠲᠠ ᠦᠭᠡᠢ ᠳᠡᠭᠡᠭᠰᠢᠯᠡᠭᠦᠯᠦᠨ᠎ᠡ᠃
ᠦᠨᠡᠯᠡᠬᠦ 0ᠦᠨᠡᠯᠡᠯᠲᠡ ᠲᠠᠢ