ᠬᠥᠳᠡᠯᠮᠦᠷᠢ ᠬᠦᠴᠦ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠤᠨ ᠬᠠᠮᠲᠤᠷᠠᠨ ᠵᠥᠪᠯᠡᠬᠦ ᠲᠢᠩᠬᠢᠮ ᠤᠨ ᠺᠠᠲᠠᠷ ᠴᠠᠭᠳᠠᠭ᠎ᠠ ᠠᠩᠬ᠎ᠠ ᠤᠳᠠᠭ᠎ᠠ ᠬᠡᠷᠡᠭ  ᠪᠡᠷ ᠳᠠᠮᠵᠢᠭᠤᠯᠤᠨ ᠬᠠᠤᠯᠢ ᠶᠠᠷᠢᠬᠤ ᠰᠢᠭᠤᠳ ᠨᠡᠪᠲᠡᠷᠡᠭᠦᠯᠭᠡ ᠳᠤ ᠣᠷᠤᠯᠴᠠᠪᠠ
2017.07.11 ᠲᠣᠰ ᠥᠷᠲᠡᠭᠡᠨ᠎ᠦ ᠨᠠᠢᠷᠠᠭᠤᠯᠤᠭᠴᠢ

ᠵᠣᠬᠢᠶᠠᠭᠴᠢ᠄ ᠬᠥᠳᠡᠯᠮᠦᠷᠢ ᠬᠦᠴᠦ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠤᠨ ᠬᠠᠮᠲᠤᠷᠠᠨ ᠵᠥᠪᠯᠡᠬᠦ ᠲᠢᠩᠬᠢᠮ      ᠶᠠᠩ ᠰᠢᠦ

 

 

 

 

   2017 ᠣᠨ ᠤ7 ᠰᠠᠷ᠎ᠠ ᠶᠢᠨ5 ᠤ ᠡᠳᠦᠷ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠥᠳᠡᠯᠮᠦᠷᠢ ᠬᠦᠴᠦ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠤᠨ ᠬᠠᠮᠲᠤᠷᠠᠨ ᠵᠥᠪᠯᠡᠬᠦ ᠲᠢᠩᠬᠢᠮ ᠤᠨ ᠸᠠᠩ ᠭᠠᠩ᠂ ᠭᠤᠤ ᠢᠦᠢ ᠷᠥᠦ᠂ ᠶᠠᠩ ᠰᠢᠦ ᠭᠤᠷᠪᠠᠨ ᠨᠡᠷ᠎ᠡ ᠺᠠᠲᠠᠷ ᠴᠠᠭᠳᠠᠭ᠎ᠠ ᠣᠷᠳᠤᠰ ᠬᠣᠲᠠ ᠶᠢᠨ ᠬᠢᠲᠠᠳ ᠬᠡᠯᠡᠨ ᠤ ᠶᠡᠷᠦᠩᠬᠡᠢᠯᠡᠭᠰᠡᠨ ᠨᠡᠪᠲᠡᠷᠡᠭᠦᠯᠭᠡ ᠶᠢᠨ《 ᠰᠢᠭᠤᠳ ᠨᠡᠪᠲᠡᠷᠡᠭᠦᠯᠭᠡ ᠪᠡᠷ ᠬᠠᠤᠯᠢ ᠶᠠᠷᠢᠬᠤ》  ᠪᠤᠯᠤᠩ ᠳᠤ ᠣᠷᠤᠯᠴᠠᠵᠤ᠂ ᠪᠤᠲᠠᠲᠠᠢ ᠬᠡᠷᠡᠭ ᠤᠨ ᠵᠢᠰᠢᠶ᠎ᠠ ᠲᠠᠢ ᠤᠶᠠᠯᠳᠤᠭᠤᠯᠤᠨ ᠰᠣᠨᠤᠰᠤᠭᠴᠢ ᠲᠦᠮᠡᠨ ᠳᠤ ᠵᠠᠮ ᠬᠠᠷᠢᠯᠴᠠᠭᠠᠨ ᠤ ᠭᠡᠨᠡᠳᠡᠯ ᠤᠨ ᠬᠡᠷᠡᠭ ᠤᠨ ᠲᠥᠯᠦᠪᠦᠷᠢ ᠠᠪᠬᠤ ᠳᠤ ᠠᠩᠬᠠᠷᠬᠤ ᠵᠦᠢᠯ ᠢ ᠲᠠᠢᠯᠪᠤᠷᠢᠯᠠᠵᠤ᠂ ᠮᠥᠨ ᠤᠯᠠᠨ ᠲᠦᠮᠡᠨ ᠤ ᠰᠡᠳᠭᠢᠯ ᠲᠠᠯᠪᠢᠵᠤ ᠪᠠᠢᠭ᠎ᠠ ᠠᠰᠠᠭᠤᠳᠠᠯ ᠳᠤ ᠬᠠᠨᠲᠤᠵᠤ ᠤᠲᠠᠰᠤ ᠪᠡᠷ ᠳᠠᠮᠵᠢᠨ ᠰᠣᠨᠤᠰᠤᠭᠴᠢ ᠲᠠᠢ ᠶᠠᠷᠢᠯᠴᠠᠪᠠ᠃ ᠬᠥᠳᠡᠯᠮᠦᠷᠢ ᠬᠦᠴᠦ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠤᠨ ᠬᠠᠮᠲᠤᠷᠠᠨ ᠵᠥᠪᠯᠡᠬᠦ ᠲᠢᠩᠬᠢᠮ ᠪᠠᠢᠭᠤᠯᠤᠭᠳᠠᠭᠰᠠᠨ ᠡᠴᠡ ᠨᠠᠰᠢᠬᠢ ᠨᠢᠭᠡᠳᠦᠭᠡᠷ ᠤᠳᠠᠭ᠎ᠠ ᠰᠢᠭᠤᠳ ᠨᠡᠪᠲᠡᠷᠡᠭᠦᠯᠭᠡ ᠳᠤ ᠰᠠᠭᠠᠲᠤᠵᠤ᠂ ᠤᠯᠠᠨ ᠲᠦᠮᠡᠨ ᠲᠠᠢ ᠤᠴᠠᠷᠠᠪᠠ᠃

   ᠰᠢᠭᠤᠳ ᠨᠡᠪᠲᠡᠷᠡᠭᠦᠯᠭᠡ ᠡᠬᠢᠯᠡᠭᠡᠳ ᠭᠤᠤ ᠢᠦᠢ ᠷᠥᠦ ᠬᠥᠳᠡᠯᠮᠦᠷᠢ ᠬᠦᠴᠦ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠤᠨ ᠬᠠᠮᠲᠤᠷᠠᠨ ᠵᠥᠪᠯᠡᠬᠦ ᠲᠢᠩᠬᠢᠮ ᠤᠨ ᠦᠨᠳᠤᠰᠤᠨ ᠪᠠᠢᠳᠠᠯ ᠢ ᠲᠠᠨᠢᠯᠴᠠᠭᠤᠯᠵᠤ᠂ ᠬᠠᠮᠲᠤᠷᠠᠨ ᠵᠥᠪᠯᠡᠬᠦ ᠲᠢᠩᠬᠢᠮ ᠨᠢ ᠨᠢᠭᠡ ᠨᠡᠷ᠎ᠡ ᠰᠢᠭᠦᠭᠴᠢ ᠳᠠᠷᠤᠭ᠎ᠠ᠂ ᠬᠤᠶᠠᠷ ᠨᠡᠷ᠎ᠡ ᠣᠷᠤᠨ ᠲᠣᠭ᠎ᠠ ᠳᠤ ᠪᠠᠢᠭ᠎ᠠ ᠰᠢᠭᠦᠬᠦ ᠲᠤᠰᠢᠶᠠᠯᠲᠠᠨ᠂ ᠬᠤᠶᠠᠷ ᠨᠡᠷ᠎ᠡ ᠰᠢᠭᠦᠬᠦ ᠲᠤᠰᠢᠶᠠᠯᠲᠠᠨ ᠤ ᠬᠠᠪᠰᠤᠷᠤᠭᠴᠢ᠂ ᠬᠤᠶᠠᠷ ᠨᠡᠷ᠎ᠡ ᠲᠡᠮᠳᠡᠭᠯᠡᠭᠴᠢ ᠪᠡᠷ ᠪᠦᠷᠢᠯᠳᠦᠵᠦ᠂ ᠭᠤᠤᠯᠳᠠᠭᠤ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ᠂ ᠮᠠᠰᠢᠨ ᠲᠡᠷᠭᠡᠨ  ᠤ ᠵᠠᠮ ᠬᠠᠷᠢᠯᠴᠠᠭᠠᠨ ᠤ ᠭᠡᠨᠡᠳᠡᠯ ᠤᠨ ᠬᠠᠷᠢᠭᠤᠴᠠᠯᠭ᠎ᠠ ᠶᠢᠨ ᠵᠢᠭᠤᠷᠤᠯᠳᠤᠭᠠᠨ ᠤ ᠬᠡᠷᠡᠭ᠂ ᠡᠮ ᠡᠮᠨᠡᠯᠭᠡ ᠰᠤᠷᠭᠠᠨ ᠬᠥᠮᠦᠵᠢᠯ ᠤᠨ ᠵᠢᠭᠤᠷᠤᠯᠳᠤᠭᠠᠨ ᠵᠢᠴᠢ ᠡᠷᠬᠡ ᠳᠤ ᠬᠠᠯᠳᠠᠭᠰᠠᠨ ᠵᠢᠭᠤᠷᠤᠯᠳᠤᠭᠠᠨ ᠤ ᠬᠡᠷᠡᠭ ᠢ  ᠰᠢᠭᠦᠨ ᠰᠢᠢᠳᠪᠦᠷᠢᠯᠡᠳᠡᠭ᠃ ᠲᠤᠰ ᠬᠠᠮᠲᠤᠷᠠᠨ ᠵᠥᠪᠯᠡᠬᠦ ᠲᠢᠩᠬᠢᠮ ᠤᠨ ᠬᠡᠰᠢᠭᠦᠨ ᠨᠢ ᠴᠤᠭ ᠪᠠᠳᠠᠷᠠᠭᠰᠠᠨ80 ᠣᠨ ᠡᠴᠡ ᠰᠡᠭᠦᠯᠡᠷᠬᠢ ᠵᠠᠯᠠᠭᠤᠴᠤᠳ ᠢᠶᠡᠷ ᠪᠦᠷᠢᠯᠳᠦᠵᠦ᠂ ᠪᠥᠬᠦ ᠬᠣᠷᠢᠶᠠᠨ ᠤ《 ᠬᠠᠮᠤᠭ ᠵᠠᠯᠠᠭᠤ ᠬᠠᠮᠲᠤᠷᠠᠨ ᠵᠥᠪᠯᠡᠬᠦ ᠲᠢᠩᠬᠢᠮ》  ᠪᠠᠢᠵᠤ᠂ ᠳᠣᠯᠤᠭᠠᠨ ᠨᠡᠷ᠎ᠡ ᠺᠠᠲᠠᠷ ᠴᠠᠭᠳᠠᠭᠠᠨ ᠤ ᠳᠣᠲᠤᠷ᠎ᠠ ᠳᠥᠷᠪᠡᠨ ᠨᠡᠷ᠎ᠡ ᠨᠢ ᠰᠣᠳᠤᠯᠠᠬᠤ ᠰᠤᠷᠤᠭᠴᠢ ᠶᠢᠨ ᠰᠤᠷᠤᠯᠭ᠎ᠠ ᠶᠢᠨ ᠨᠠᠮᠲᠠᠷ ᠲᠠᠢ ᠪᠠᠢᠵᠤ᠂ ᠭᠤᠷᠪᠠᠨ ᠨᠡᠷ᠎ᠡ ᠨᠢ ᠶᠡᠬᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠃

   ᠶᠠᠩ ᠰᠢᠦ ᠵᠠᠮ ᠬᠠᠷᠢᠯᠴᠠᠭᠠᠨ ᠤ ᠬᠡᠷᠡᠭ ᠳᠤᠮᠳᠠ ᠲᠥᠯᠦᠪᠦᠷᠢ ᠱᠠᠭᠠᠷᠲᠠᠬᠤ ᠶᠠᠪᠤᠴᠠ ᠳᠤᠮᠳᠠᠬᠢ ᠰᠦᠢᠳᠦᠯ ᠢ ᠲᠥᠯᠦᠪᠦᠷᠢᠯᠡᠬᠦ ᠬᠠᠷᠢᠭᠤᠴᠠᠯᠭ᠎ᠠ ᠶᠢᠨ ᠬᠤᠪᠢᠶᠠᠷᠢᠯᠠᠯ᠂ ᠲᠥᠯᠦᠪᠦᠷᠢ ᠨᠡᠬᠡᠮᠵᠢᠯᠡᠬᠦ ᠡᠲᠡᠭᠡᠳ ᠢ ᠬᠡᠷᠬᠢᠨ ᠳᠤᠭᠲᠠᠬᠤ᠂ ᠵᠢᠴᠢ  ᠰᠢᠷᠬᠠᠳᠤᠯ ᠤᠨ ᠬᠢᠨᠠᠨ ᠳᠤᠭᠲᠠᠭᠠᠬᠤ ᠴᠠᠭ ᠪᠠ ᠵᠣᠬᠢᠶᠠᠨ ᠪᠠᠢᠭᠤᠯᠤᠯᠲᠠ ᠵᠡᠷᠭᠡ ᠲᠠᠯ᠎ᠠ ᠪᠡᠷ ᠵᠠᠮ  ᠬᠠᠷᠢᠯᠴᠠᠭᠠᠨ ᠤ ᠭᠡᠨᠡᠳᠡᠯ ᠤᠨ ᠬᠡᠷᠡᠭ ᠤᠨ ᠲᠥᠯᠦᠪᠦᠷᠢ ᠨᠡᠬᠡᠮᠵᠢᠯᠡᠬᠦ ᠳᠤ ᠠᠩᠬᠠᠷᠬᠤ ᠵᠦᠢᠯ ᠳᠤ ᠵᠠᠳᠠᠯᠤᠯᠲᠠ ᠬᠢᠵᠦ᠂ ᠥᠷᠭᠡᠨ ᠤᠯᠠᠨ ᠰᠣᠨᠤᠰᠤᠭᠴᠢ ᠢᠳᠡᠪᠬᠢᠲᠠᠢ ᠣᠷᠤᠯᠴᠠᠵᠤ᠂ ᠸᠠᠩ ᠭᠠᠩ ᠰᠣᠨᠤᠰᠤᠭᠴᠢ ᠶᠢᠨ ᠤᠲᠠᠰᠤ  ᠪᠠ ᠸᠢᠴᠠᠲ ᠤᠨ ᠠᠰᠠᠭᠤᠯᠲᠠ ᠳᠤ ᠬᠠᠨᠲᠤᠨ᠂ ᠤᠯᠠᠨ ᠲᠦᠮᠡᠨ ᠤ ᠠᠰᠠᠭᠤᠭᠰᠠᠨ ᠬᠠᠤᠯᠢ ᠴᠠᠭᠠᠵᠠ ᠶᠢᠨ ᠬᠠᠷᠢᠭᠤᠯᠲᠠ ᠥᠭᠭᠦᠨ᠂ ᠤᠯᠠᠨ ᠲᠦᠮᠡᠨ ᠲᠠᠢ ᠶᠠᠷᠢᠯᠴᠠᠭ᠎ᠠ ᠬᠢᠪᠡ᠃

   ᠨᠢᠭᠡ ᠴᠠᠭ ᠮᠠᠰᠢ ᠬᠤᠷᠳᠤᠨ ᠢᠶᠡᠷ ᠥᠩᠭᠡᠷᠡᠵᠦ᠂ ᠭᠤᠷᠪᠠᠨ ᠨᠡᠷ᠎ᠡ ᠺᠠᠲᠠᠷ ᠴᠠᠭᠳᠠᠭ᠎ᠠ ᠬᠡᠷᠡᠭ ᠪᠡᠷ ᠳᠠᠮᠵᠢᠭᠤᠯᠤᠨ ᠬᠠᠤᠯᠢ ᠶᠠᠷᠢᠵᠤ᠂ ᠵᠠᠭᠤᠴᠢᠯᠠᠭᠤᠷ  ᠪᠡᠷ ᠳᠠᠮᠵᠢᠨ ᠰᠣᠨᠤᠰᠤᠭᠴᠢ ᠲᠦᠮᠡᠨ ᠲᠠᠢ ᠶᠠᠷᠢᠯᠴᠠᠵᠤ᠂ ᠰᠢᠭᠦᠬᠦ  ᠬᠣᠷᠢᠶ᠎ᠠ ᠪᠣᠯᠤᠨ ᠤᠯᠠᠨ ᠲᠦᠮᠡᠨ ᠤ ᠵᠠᠢ ᠵᠢ ᠤᠯᠠᠮ ᠪᠠᠭᠠᠰᠭᠠᠨ᠂ ᠡᠭᠦᠨ ᠤ ᠵᠡᠷᠭᠡᠪᠡᠷ ᠤᠯᠠᠨ ᠲᠦᠮᠡᠨ ᠳᠤ ᠬᠠᠤᠯᠢ ᠴᠠᠭᠠᠵᠠ ᠶᠢᠨ ᠬᠠᠪᠰᠤᠷᠤᠯᠭ᠎ᠠ ᠬᠠᠩᠭᠠᠵᠤ᠂ ᠤᠯᠠᠨ ᠲᠦᠮᠡᠨ ᠳᠤ ᠰᠢᠭᠦᠬᠦ ᠬᠣᠷᠢᠶᠠᠨ ᠤ ᠠᠵᠢᠯ ᠤᠨ ᠪᠠᠢᠳᠠᠯ  ᠢ ᠨᠡᠩ ᠲᠣᠳᠤᠷᠬᠠᠢ ᠲᠠᠨᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢᠨ ᠳᠠᠷᠠᠭᠠᠬᠢ ᠠᠷᠠᠳ ᠤᠨ ᠰᠢᠭᠦᠬᠦ ᠲᠤᠰᠢᠶᠠᠯᠲᠠ ᠪᠣᠯᠤᠨ ᠠᠷᠠᠳ ᠤᠨ ᠰᠢᠭᠦᠬᠦ ᠬᠣᠷᠢᠶᠠᠨ ᠤ  ᠰᠠᠢᠨ ᠰᠠᠢᠬᠠᠨ ᠲᠥᠷᠢ ᠳᠥᠷᠬᠦ ᠵᠢ ᠪᠠᠢᠭᠤᠯᠬᠤ ᠳᠤ ᠠᠬᠢᠭᠤᠯᠬᠤ ᠦᠢᠯᠡᠳᠦᠯ ᠦᠵᠡᠭᠦᠯᠪᠡ᠃

    ᠬᠥᠳᠡᠯᠮᠦᠷᠢ ᠬᠦᠴᠦ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠤᠨ ᠬᠠᠮᠲᠤᠷᠠᠨ ᠵᠥᠪᠯᠡᠬᠦ ᠲᠢᠩᠬᠢᠮ ᠨᠢ ᠬᠤᠢᠰᠢᠲᠠ ᠶᠢᠨ ᠠᠵᠢᠯ ᠳᠤᠮᠳᠠ ᠢᠳᠡᠪᠬᠢᠲᠠᠢ ᠤᠷᠤᠭᠰᠢᠯᠠᠨ᠂ ᠲᠡᠷᠢᠭᠦᠨ ᠢ ᠲᠡᠮᠡᠴᠡᠵᠦ᠂ ᠬᠡᠷᠡᠭ ᠨᠢᠭᠡᠪᠦᠷᠢ ᠵᠢ ᠬᠢᠨᠠᠮᠠᠭᠠᠢ ᠪᠡᠷ ᠰᠢᠢᠳᠪᠦᠷᠢᠯᠡᠨ᠂ ᠪᠥᠬᠦ ᠬᠣᠷᠢᠶᠠᠨ ᠳᠤ ᠰᠢᠨ᠎ᠡ ᠵᠢ ᠡᠭᠦᠳᠴᠦ᠂ ᠵᠣᠷᠢᠭ ᠰᠥᠰᠦ ᠲᠠᠢ᠂ ᠠᠵᠢᠯ ᠳᠤ ᠪᠡᠨ ᠰᠢᠭᠤᠷᠬᠠᠢ ᠬᠠᠮᠲᠤᠷᠠᠨ ᠵᠥᠪᠯᠡᠬᠦ ᠲᠢᠩᠬᠢᠮ ᠪᠣᠯᠬᠤ ᠪᠡᠷ ᠴᠢᠷᠮᠠᠢᠨ᠎ᠠ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )