6 ᠰᠠᠷ᠎ᠠ ᠶᠢᠨ26 ᠤ ᠡᠳᠦᠷ ᠨᠢ ᠤᠯᠠᠨ ᠤᠯᠤᠰ ᠤᠨ ᠬᠣᠣᠷ ᠡᠰᠡᠷᠭᠦᠴᠡᠬᠦ ᠡᠳᠦᠷ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠮᠡᠷᠭᠡᠵᠢᠯ ᠤᠨ ᠬᠡᠯᠲᠡᠰ ᠠᠯᠤᠰ ᠡᠴᠡ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠣᠷᠢᠶ᠎ᠠ ᠲᠠᠢ ᠤᠲᠠᠰᠤ ᠬᠣᠯᠪᠤᠨ᠂ ᠢᠵᠢᠯ ᠠᠯᠬᠤᠮ ᠢᠶᠡᠷ ᠣᠷᠳᠤᠰ ᠬᠣᠲᠠ ᠶᠢᠨ ᠵᠠᠭᠠᠯᠳᠤᠯᠭ᠎ᠠ ᠶᠢᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠵᠠᠭᠠᠯᠳᠤᠭᠳᠠᠭᠴᠢ ᠡᠲᠡᠭᠡᠳ ᠪᠠᠢ ᠣᠪᠤᠭᠲᠤ ᠶᠢᠨ ᠬᠣᠣᠷ ᠰᠠᠷᠢᠭᠠᠯᠠᠭᠰᠠᠨ ᠬᠡᠷᠡᠭ ᠢ ᠰᠢᠭᠤᠳ ᠨᠡᠪᠲᠡᠷᠡᠭᠦᠯᠵᠦ᠂ ᠤᠯᠠᠨ ᠲᠦᠮᠡᠨ ᠳᠤ ᠬᠣᠣᠷ ᠰᠠᠷᠢᠭᠠᠯᠠᠭᠰᠠᠨ ᠶᠠᠯ᠎ᠠ ᠵᠢ ᠰᠢᠭᠦᠨ ᠳᠠᠰᠤᠯᠠᠬᠤ ᠵᠢ ᠲᠤᠬᠠᠢ ᠶᠢᠨ ᠲᠠᠯᠠᠪᠤᠷ ᠡᠴᠡ ᠨᠢ ᠦᠵᠡᠭᠦᠯᠪᠡ᠃ ᠵᠠᠭᠠᠯᠳᠤᠭᠳᠠᠭᠴᠢ ᠪᠠᠢ ᠣᠪᠤᠭᠲᠤ᠂1989 ᠣᠨ ᠳᠤ ᠲᠥᠷᠦᠪᠡ᠂ ᠱᠠᠨ ᠰᠢ ᠶᠢᠨ ᠬᠥᠮᠦᠨ᠃2016 ᠣᠨ ᠤ10 ᠰᠠᠷ᠎ᠠ ᠦ19 ᠤ ᠡᠳᠦᠷ ᠳ᠋ᠦᠩᠱᠧᠩ ᠲᠣᠭᠤᠷᠢᠭ ᠤᠨ ᠬᠠᠭᠤᠴᠢᠨ ᠲᠠᠪᠤᠳᠤᠭᠠᠷ ᠳᠤᠮᠳᠠ ᠰᠤᠷᠭᠠᠭᠤᠯᠢ ᠶᠢᠨ ᠣᠷᠴᠢᠨ ᠳᠤ ᠬᠣᠣᠷᠲᠤ ᠡᠳ᠋ ᠾᠡᠢᠷᠥᠢᠨ ᠰᠠᠷᠢᠭᠠᠯᠠᠭᠰᠠᠨ ᠶᠠᠯ᠎ᠠ ᠪᠡᠷ ᠰᠡᠵᠢᠭᠯᠡᠭᠳᠡᠵᠦ᠂ ᠬᠣᠣᠷ ᠰᠠᠷᠢᠭᠠᠯᠠᠭᠰᠠᠨ ᠵᠣᠭᠤᠰ6000 ᠭᠠᠷᠤᠢ ᠲᠥᠭᠦᠷᠢᠭ ᠣᠯᠪᠠ᠃ ᠲᠤᠬᠠᠢ ᠶᠢᠨ ᠲᠢᠩᠬᠢᠮ ᠳᠤ ᠨᠢ ᠭᠡᠷᠡᠴᠢ ᠲᠤᠯᠭᠠᠬᠤ᠂ ᠰᠢᠭᠦᠬᠦ ᠲᠢᠩᠬᠢᠮ ᠤᠨ ᠮᠠᠷᠭᠤᠯᠳᠤᠭᠠᠨ ᠵᠡᠷᠭᠡ ᠶᠠᠪᠤᠴᠠ ᠪᠡᠷ ᠳᠠᠮᠵᠢᠨ᠂ ᠵᠠᠭᠠᠯᠳᠤᠭᠳᠠᠭᠴᠢ ᠪᠠᠢ ᠣᠪᠤᠭᠲᠤ ᠲᠤᠬᠠᠢ ᠶᠢᠨ ᠲᠢᠩᠬᠢᠮ ᠳᠤ ᠶᠠᠯ᠎ᠠ ᠪᠡᠨ ᠮᠡᠳᠡᠷᠡᠵᠦ᠂ ᠶᠠᠯ᠎ᠠ ᠡᠴᠡ ᠪᠡᠨ ᠬᠠᠷᠠᠮᠰᠠᠪᠠ᠃
《 ᠪᠦᠭᠦᠳᠡ ᠨᠠᠢᠷᠠᠮᠳᠤᠬᠤ ᠳᠤᠮᠳᠠᠳᠤ ᠤᠯᠤᠰ ᠠᠷᠠᠳ ᠤᠯᠤᠰ ᠤᠨ ᠡᠷᠡᠭᠦᠦ ᠶᠢᠨ ᠬᠠᠤᠯᠢ》 ᠶᠢᠨ ᠭᠤᠷᠪᠠᠨ ᠵᠠᠭᠤ ᠳᠥᠴᠢᠨ ᠳᠣᠯᠤᠳᠤᠭᠠᠷ ᠵᠤᠷᠪᠤᠰ ᠤᠨ ᠳᠤᠭᠲᠠᠭᠠᠯ ᠢ ᠦᠨᠳᠦᠰᠦᠯᠡᠪᠡᠯ᠂ ᠬᠣᠣᠷᠲᠤ ᠡᠳ᠋ ᠢ ᠨᠢᠭᠤᠴᠠ ᠪᠡᠷ ᠠᠷᠠᠯᠵᠢᠶᠠᠯᠠᠬᠤ᠂ ᠰᠠᠷᠢᠭᠠᠯᠠᠬᠤ᠂ ᠵᠥᠭᠡᠪᠥᠷᠢᠯᠡᠬᠦ᠂ ᠦᠢᠯᠡᠳᠪᠦᠷᠢᠯᠡᠬᠦ ᠨᠢ ᠬᠡᠮᠵᠢᠶ᠎ᠡ ᠨᠢ ᠬᠡᠳᠦᠢ ᠪᠠᠢᠭᠰᠠᠨ ᠴᠤ ᠬᠠᠮᠢᠶ᠎ᠠ ᠦᠭᠡᠢ ᠴᠥᠮ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠡᠷᠡᠭᠦᠦ ᠶᠢᠨ ᠬᠡᠷᠡᠭ ᠤᠨ ᠰᠢᠢᠳᠭᠡᠯ ᠥᠭᠭᠦᠨ᠎ᠡ᠃ ᠨᠢᠭᠤᠴᠠ ᠪᠡᠷ ᠠᠷᠠᠯᠵᠢᠶᠠᠯᠠᠬᠤ᠂ ᠰᠠᠷᠢᠭᠠᠯᠠᠬᠤ᠂ ᠵᠥᠭᠡᠪᠥᠷᠢᠯᠡᠬᠦ᠂ ᠦᠢᠯᠡᠳᠪᠦᠷᠢᠯᠡᠬᠦ ᠨᠢ ᠳᠣᠣᠷᠠᠬᠢ ᠮᠡᠲᠦ ᠪᠠᠢᠳᠠᠯ ᠤᠨ ᠨᠢᠭᠡ ᠨᠢ ᠪᠠᠢᠪᠠᠯ᠂ ᠠᠷᠪᠠᠨ ᠲᠠᠪᠤᠨ ᠵᠢᠯ ᠬᠤᠭᠤᠴᠠᠭ᠎ᠠ ᠬᠣᠷᠢᠬᠤ᠂ ᠬᠤᠭᠤᠴᠠᠭ᠎ᠠ ᠦᠭᠡᠢ ᠬᠣᠷᠢᠬᠤ ᠡᠰᠡᠭᠦᠯ᠎ᠡ ᠠᠯᠠᠬᠤ ᠶᠠᠯ᠎ᠠ ᠪᠡᠷ ᠰᠢᠢᠳᠭᠡᠵᠦ᠂ ᠮᠥᠨ ᠬᠥᠷᠦᠩᠭᠡ ᠵᠢ ᠨᠢ ᠬᠤᠷᠢᠶᠠᠨ᠎ᠠ:1᠂ ᠬᠠᠷ᠎ᠠ ᠲᠠᠮᠠᠬᠢ ᠵᠢ ᠨᠢᠭᠤᠴᠠ ᠪᠡᠷ ᠠᠷᠠᠯᠵᠢᠶᠠᠯᠠᠵᠤ᠂ ᠰᠠᠷᠢᠭᠠᠯᠠᠵᠤ᠂ ᠵᠥᠭᠡᠭᠡᠪᠦᠷᠢᠯᠡᠵᠦ᠂ ᠦᠢᠯᠡᠳᠪᠦᠷᠢᠯᠡᠭᠰᠡᠨ ᠬᠡᠮᠵᠢᠶ᠎ᠡ ᠨᠢ ᠮᠢᠩᠭᠠᠨ ᠭᠷᠠᠮ ᠡᠴᠡ ᠳᠡᠭᠡᠭᠰᠢ᠂ ᠾᠡᠢᠷᠥᠢᠨ ᠡᠰᠡᠭᠦᠯ᠎ᠡ ᠮᠧᠲ᠋ᠢᠯ ᠹᠸᠠᠴᠸᠠᠲᠦ ᠫᠷᠤᠫᠢᠯ ᠠᠮᠢᠨ ᠲᠠᠪᠢᠨ ᠭᠷᠠᠮ ᠡᠴᠡ ᠳᠡᠭᠡᠭᠰᠢ ᠡᠰᠡᠭᠦᠯ᠎ᠡ ᠪᠤᠰᠤᠳ ᠬᠣᠣᠷᠲᠤ ᠡᠳ᠋ ᠤᠨ ᠬᠡᠮᠵᠢᠶ᠎ᠡ ᠨᠢ ᠶᠡᠬᠡ︔2᠂ᠢᠭᠤᠴᠠ ᠪᠡᠷ ᠠᠷᠠᠯᠵᠢᠶᠠᠯᠠᠵᠤ᠂ ᠰᠠᠷᠢᠭᠠᠯᠠᠵᠤ᠂ ᠵᠥᠭᠡᠭᠡᠪᠦᠷᠢᠯᠡᠵᠦ᠂ ᠦᠢᠯᠡᠳᠪᠦᠷᠢᠯᠡᠭᠰᠡᠨ ᠪᠦᠯᠭᠦᠮ ᠤᠨ ᠳᠠᠭᠠᠭᠤᠯᠤᠭᠴᠢ ᠡᠲᠡᠭᠡᠳ︔3᠂ ᠬᠣᠣᠷᠲᠤ ᠡᠳ᠋ ᠢ ᠢᠭᠤᠴᠠ ᠪᠡᠷ ᠠᠷᠠᠯᠵᠢᠶᠠᠯᠠᠵᠤ᠂ ᠰᠠᠷᠢᠭᠠᠯᠠᠵᠤ᠂ ᠵᠥᠭᠡᠭᠡᠪᠦᠷᠢᠯᠡᠵᠦ᠂ ᠦᠢᠯᠡᠳᠪᠦᠷᠢᠯᠡᠬᠦ ᠵᠢ ᠵᠡᠪᠰᠡᠭᠯᠡᠨ ᠬᠠᠮᠠᠭᠠᠯᠠᠭᠰᠠᠨ︔4᠂ ᠪᠠᠢᠴᠠᠭᠠᠬᠤ᠂ ᠲᠦᠷ ᠬᠣᠷᠢᠬᠤ᠂ ᠪᠠᠷᠢᠪᠴᠢᠯᠠᠬᠤ ᠵᠢ ᠬᠦᠴᠦᠷᠬᠡᠭᠯᠡᠯ ᠢᠶᠡᠷ ᠡᠰᠡᠷᠭᠦᠴᠡᠵᠦ ᠪᠠᠢᠳᠠᠯ ᠨᠢ ᠬᠦᠨᠳᠦ ᠨᠣᠴᠢᠲᠠᠢ︔5᠂ ᠤᠯᠠᠨ ᠤᠯᠤᠰ ᠤᠨ ᠴᠢᠨᠠᠷᠲᠠᠢ ᠬᠣᠣᠷ ᠰᠠᠷᠢᠭᠠᠯᠠᠬᠤ ᠬᠥᠳᠡᠯᠭᠡᠭᠡᠨ ᠳᠤ ᠣᠷᠤᠯᠴᠠᠭᠰᠠᠨ᠃ ᠬᠠᠷ᠎ᠠ ᠲᠠᠮᠠᠬᠢ ᠰᠠᠷᠢᠭᠠᠯᠠᠭᠰᠠᠨ ᠬᠡᠮᠵᠢᠶ᠎ᠡ ᠨᠢ ᠬᠤᠶᠠᠷ ᠵᠠᠭᠤᠨ ᠭᠷᠠᠮ ᠭᠦᠢᠴᠡᠬᠦ ᠦᠭᠡᠢ᠂ ᠾᠡᠢᠷᠥᠢᠨ ᠪᠣᠯᠤᠨ ᠮᠧᠲ᠋ᠢᠯ ᠹᠸᠠᠴᠸᠠᠲᠦ ᠫᠷᠤᠫᠢᠯ ᠠᠮᠢᠨ ᠠᠷᠪᠠᠨ ᠭᠷᠠᠮ ᠭᠦᠢᠴᠡᠬᠦ ᠦᠭᠡᠢ ᠡᠰᠡᠭᠦᠯ᠎ᠡ ᠪᠤᠰᠤᠳ ᠬᠣᠣᠷ ᠪᠠᠭ᠎ᠠ ᠬᠡᠮᠵᠢᠶᠠᠨ ᠤ ᠪᠣᠯ ᠭᠤᠷᠪᠠᠨ ᠵᠢᠯ ᠡᠴᠡ ᠳᠣᠷᠤᠭᠰᠢ ᠬᠤᠭᠤᠴᠠᠭ᠎ᠠ ᠲᠠᠢ ᠬᠣᠷᠢᠵᠤ᠂ ᠬᠣᠷᠢᠵᠤ ᠬᠥᠳᠡᠯᠮᠦᠷᠢᠯᠡᠭᠦᠯᠬᠦ ᠡᠰᠡᠭᠦᠯ᠎ᠡ ᠬᠢᠨᠠᠨ ᠬᠠᠮᠢᠶᠠᠷᠴᠤ᠂ ᠵᠡᠷᠭᠡᠪᠡᠷ ᠵᠣᠭᠤᠰ ᠢᠶᠡᠷ ᠲᠤᠷᠭᠤᠭᠠᠨ᠎ᠠ︔ ᠪᠠᠢᠳᠠᠯ ᠨᠢ ᠬᠦᠨᠳᠦ ᠪᠣᠯ ᠭᠤᠷᠪᠠᠨ ᠵᠢᠯ ᠡᠴᠡ ᠳᠡᠭᠡᠭᠰᠢ ᠳᠣᠯᠤᠭᠠᠨ ᠵᠢᠯ ᠡᠴᠡ ᠳᠣᠷᠤᠭᠰᠢ ᠬᠤᠭᠤᠴᠠᠭ᠎ᠠ ᠲᠠᠢ ᠬᠣᠷᠢᠵᠤ᠂ ᠵᠤᠭᠤᠰ ᠢᠶᠡᠷ ᠲᠤᠷᠭᠤᠭᠠᠨ᠎ᠠ᠃
ᠬᠣᠣᠷᠲᠤ ᠡᠳ᠋ ᠤᠨ ᠥᠪᠡᠷ ᠤᠨ ᠪᠡᠶ᠎ᠡ ᠨᠢ ᠠᠶᠤᠯ ᠲᠠᠢ ᠪᠠᠢᠵᠤ᠂ ᠲᠡᠭᠦᠨ ᠲᠠᠢ ᠣᠢᠷᠠᠳᠬᠤ ᠪᠤᠶᠤ ᠲᠡᠭᠦᠨ ᠢ ᠬᠡᠷᠡᠭᠯᠡᠪᠡᠯ ᠰᠠᠯᠬᠤ ᠳᠤ ᠲᠤᠢᠯ ᠤᠨ ᠬᠦᠴᠢᠷᠲᠠᠢ ᠪᠠᠢᠳᠠᠭ᠃ ᠲᠤᠰ ᠬᠡᠷᠡᠭ ᠳᠤᠮᠳᠠᠬᠢ ᠪᠠᠢ ᠣᠪᠤᠭᠲᠤ2013 ᠬᠣᠣᠷ ᠲᠠᠳᠠᠭᠰᠠᠨ ᠡᠴᠡ ᠪᠣᠯᠵᠤ ᠳ᠋ᠦᠩᠱᠧᠩ ᠲᠣᠭᠤᠷᠢᠭ ᠤᠨ ᠳᠣᠲᠤᠭᠠᠳᠤ ᠵᠢ ᠬᠠᠮᠠᠭᠠᠯᠠᠬᠤ ᠳᠤ ᠬᠣᠣᠷ ᠡᠴᠡ ᠭᠠᠷᠬᠤ3 ᠵᠢᠯ ᠤᠨ ᠰᠢᠢᠳᠭᠡᠯ ᠢ ᠣᠯᠵᠤ᠂2016 ᠣᠨ ᠳᠤ ᠰᠢᠢᠳᠭᠡᠯ ᠤᠨ ᠬᠤᠭᠤᠴᠠᠭ᠎ᠠ ᠲᠠᠭᠦᠰᠲᠡᠯᠡ ᠪᠠᠰᠠ ᠶᠠᠯ᠎ᠠ ᠬᠢᠬᠦ ᠵᠠᠮ ᠢᠶᠡᠷ ᠶᠠᠪᠤᠵᠤ᠂ ᠲᠠᠬᠢᠨ ᠬᠠᠤᠯᠢ ᠴᠠᠭᠠᠵᠠ ᠶᠢᠨ ᠰᠢᠢᠳᠭᠡᠯ ᠢ ᠣᠯᠪᠠ᠃ ᠡᠢᠮᠦ ᠡᠴᠡ ᠮᠠᠨᠤᠰ ᠤᠨ ᠠᠮᠢᠳᠤᠷᠠᠯ ᠤᠨ ᠰᠠᠢᠨ ᠰᠠᠢᠬᠠᠨ᠂ ᠭᠡᠷ ᠪᠦᠯᠢ ᠶᠢᠨ ᠵᠣᠯ ᠵᠢᠷᠭᠠᠯ ᠤᠨ ᠲᠥᠯᠦᠭᠡ ᠬᠣᠣᠷᠲᠤ ᠡᠳ᠋ ᠡᠴᠡ ᠬᠤᠯᠠ ᠪᠠᠢᠵᠤ᠂ ᠡᠷᠡᠭᠦᠯ ᠴᠠᠬᠢᠷᠠᠭ ᠠᠮᠢᠳᠤᠷᠠᠯ ᠡᠳ᠋ᠯᠡᠶ᠎ᠡ᠃
ᠦᠨᠡᠯᠡᠬᠦ 0ᠦᠨᠡᠯᠡᠯᠲᠡ ᠲᠠᠢ