ᠳᠡᠭᠡᠳᠦ ᠵᠡᠷᠭᠡ  ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠳᠥᠬᠦᠭᠡᠷᠡᠮᠵᠢ ᠶᠢᠨ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ ᠸᠠᠩ ᠰᠢᠶᠣᠣ ᠨᠠᠨ ᠤ ᠪᠦᠯᠭᠦᠮ ᠤᠷᠲᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ ᠬᠦᠷᠴᠦ ᠪᠠᠢᠴᠠᠭᠠᠨ ᠰᠤᠳᠤᠯᠤᠯᠲᠠ ᠬᠢᠪᠡ
2017.07.04 ᠲᠣᠰ ᠥᠷᠲᠡᠭᠡᠨ᠎ᠦ ᠨᠠᠢᠷᠠᠭᠤᠯᠤᠭᠴᠢ

ᠵᠣᠬᠢᠶᠠᠭᠴᠢ᠄ ᠲᠥᠬᠦᠭᠡᠷᠡᠮᠵᠢ ᠶᠢᠨ ᠬᠡᠯᠲᠡᠰ  ᠪᠤᠤ ᠴᠢᠶᠠᠩ ᠴᠢᠶᠠᠩ

    6 ᠰᠠᠷ᠎ᠠ ᠶᠢᠨ28 ᠤ  ᠦᠳᠡ ᠶᠢᠨ ᠬᠣᠢᠨ᠎ᠠ᠂ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠳᠥᠬᠦᠭᠡᠷᠡᠮᠵᠢ ᠶᠢᠨ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ ᠸᠠᠩ ᠰᠢᠶᠣᠣ  ᠨᠠᠨ ᠤ ᠪᠦᠯᠭᠦᠮ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠪᠠᠭ ᠤᠨ ᠬᠡᠰᠢᠭᠦᠨ᠂ ᠪᠠᠢᠩᠭᠤ ᠶᠢᠨ ᠳᠡᠳ᠋ ᠬᠣᠷᠢᠶᠠᠨ ᠳᠠᠷᠤᠭ᠎ᠠ ᠶᠦᠨ ᠰᠢ ᠱᠦᠨ ᠤ ᠪᠠᠷᠠᠭ᠎ᠠ ᠪᠣᠯᠤᠯᠭ᠎ᠠ ᠲᠠᠢ ᠪᠡᠷ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ ᠬᠦᠷᠴᠦ ᠪᠠᠢᠴᠠᠭᠠᠨ ᠰᠤᠳᠤᠯᠤᠯᠲᠠ ᠬᠢᠪᠡ᠃

    ᠪᠠᠢᠴᠠᠭᠠᠨ ᠰᠣᠳᠤᠯᠠᠬᠤ ᠳᠤᠭᠤᠢᠯᠠᠩ ᠡᠴᠡ ᠬᠢᠶᠠᠨ ᠪᠠᠭᠰᠢ ᠲᠣᠭᠤᠷᠢᠭ ᠤᠨ ᠰᠢᠭᠦᠬᠦ ᠬᠣᠷᠢᠶᠠᠨ ᠤ ᠵᠣᠬᠢᠶᠠᠨ ᠪᠠᠢᠭᠤᠯᠤᠭᠰᠠᠨ ᠪᠠᠢᠳᠠᠯ ᠳᠤ ᠪᠠᠢᠴᠠᠭᠠᠨ ᠰᠤᠳᠳᠤᠯᠤᠯᠲᠠ ᠬᠢᠪᠡ᠃ ᠳᠠᠷᠠᠭ᠎ᠠ ᠨᠢ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠰᠣᠶᠤᠯ ᠤᠨ ᠪᠦᠲᠦᠭᠡᠨ ᠪᠠᠢᠭᠤᠯᠤᠯᠲᠠ᠂ ᠲᠤᠭᠠᠴᠢᠯᠠᠭᠰᠠᠨ ᠰᠢᠭᠦᠬᠦ ᠲᠢᠩᠬᠢᠮ᠂ ᠵᠠᠭᠠᠯᠳᠤᠯᠭ᠎ᠠ ᠶᠢᠨ ᠦᠢᠯᠡᠴᠢᠯᠡᠭᠡᠨ ᠤ ᠲᠥᠪ  ᠪᠣᠯᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠢᠭᠤᠯᠤᠯᠲᠠ ᠵᠢ ᠲᠣᠭᠤᠷᠢᠨ ᠦᠵᠡᠵᠦ ᠵᠢᠭᠠᠨ ᠵᠢᠯᠤᠭᠤᠳᠪᠠ᠃

    ᠳᠠᠷᠠᠭ᠎ᠠ ᠨᠢ ᠪᠠᠢᠴᠠᠭᠠᠨ ᠰᠤᠳᠤᠯᠤᠯᠲᠠ ᠶᠢᠨ ᠰᠠᠭᠤᠳᠠᠯ ᠤᠨ ᠬᠤᠷᠠᠯ ᠳᠡᠭᠡᠷ᠎ᠡ᠂ ᠯᠢ ᠶᠠᠨ ᠬᠣᠩ ᠬᠣᠷᠢᠶᠠᠨ ᠳᠠᠷᠤᠭ᠎ᠠ ᠡᠴᠡ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠪᠠᠲᠤᠯᠠᠭ᠎ᠠ ᠶᠢᠨ ᠠᠵᠢᠯ ᠪᠣᠯᠤᠨ ᠡᠳ᠋ ᠤᠨ ᠵᠠᠰᠠᠭ ᠤᠨ ᠨᠢᠭᠡᠲᠦᠯᠲᠠᠢ ᠬᠠᠮᠢᠶᠠᠷᠤᠯᠲᠠ ᠶᠢᠨ ᠥᠭᠡᠷᠡᠴᠢᠯᠡᠯᠲᠡ ᠵᠢ ᠨᠠᠢᠳᠠᠪᠤᠷᠢᠵᠢᠭᠤᠯᠤᠭᠰᠠᠨ ᠪᠠᠢᠳᠠᠯ ᠵᠢᠴᠢ ᠠᠵᠢᠯ ᠤᠨ ᠳᠤᠮᠳᠠ ᠤᠴᠠᠷᠠᠭᠰᠠᠨ ᠬᠡᠰᠡᠭ ᠪᠥᠯᠦᠭ ᠬᠦᠴᠢᠷᠳᠠᠯ ᠪᠠ ᠠᠰᠠᠭᠤᠳᠠᠯ ᠤᠨ ᠳᠤᠬᠠᠢ ᠪᠠᠢᠴᠠᠭᠠᠨ ᠰᠣᠳᠤᠯᠠᠬᠤ ᠳᠤᠭᠤᠢᠯᠠᠩ ᠤᠨ ᠬᠠᠷᠢᠭᠤ ᠮᠡᠳᠡᠭᠦᠯᠦᠯᠲᠡ ᠬᠢᠪᠡ᠃

    ᠸᠠᠩ ᠰᠢᠶᠣᠣ ᠨᠠᠨ ᠲᠣᠪᠴᠢᠶᠠᠨ ᠳᠠᠷᠤᠭ᠎ᠠ ᠡᠴᠡ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠢᠭᠤᠯᠤᠯᠲᠠ ᠳᠤ ᠨᠤᠲᠠᠯᠠᠯᠲᠠ ᠬᠢᠵᠦ ᠥᠨᠳᠦᠷ ᠦᠨᠡᠡᠯᠡᠯᠲᠡ ᠥᠭᠪᠡ᠃ ᠸᠠᠩ ᠰᠢᠶᠣᠣ ᠨᠠᠨ ᠤ ᠦᠵᠡᠬᠦ ᠪᠡᠷ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠪᠠᠲᠤᠯᠠᠭᠠᠨ ᠤ ᠠᠵᠢᠯ ᠪᠠ ᠮᠤᠵᠢ ᠶᠢᠨ ᠳᠡᠰ ᠡᠴᠡ ᠳᠣᠷᠤᠭᠰᠢᠬᠢ ᠰᠢᠭᠦᠬᠦ ᠬᠣᠷᠢᠶᠠᠨ ᠤ ᠡᠳ᠋ ᠤᠨ ᠵᠠᠰᠠᠭ ᠤᠨ ᠨᠢᠭᠡᠲᠦᠯᠲᠠᠢ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠶᠠᠪᠤᠴᠠ ᠳᠤᠮᠳᠠ ᠤᠴᠠᠷᠠᠭᠰᠠᠨ ᠠᠰᠠᠭᠤᠳᠠᠯ ᠢᠯᠡᠷᠬᠡᠢ ᠪᠠᠢᠵᠤ᠂ ᠠᠵᠢᠯ ᠤᠨ ᠳᠤᠮᠳᠠ ᠤᠴᠠᠷᠠᠭᠰᠠᠨ ᠠᠰᠠᠭᠤᠳᠠᠯ ᠳᠤ ᠴᠢᠭᠯᠡᠭᠦᠯᠦᠨ ᠸᠠᠩ ᠰᠢᠶᠣᠣ ᠨᠠᠨ ᠡᠴᠡ ᠥᠪᠡᠷ ᠤᠨ ᠦᠵᠡᠯᠲᠡ ᠪᠡᠨ ᠶᠠᠷᠢᠵᠤ᠂ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠪᠠ ᠵᠢᠭᠠᠪᠤᠷᠢ ᠳᠤᠷᠠᠳᠪᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )