12 ᠰᠠᠷ᠎ᠠ ᠶᠢᠨ 27 ᠤ ᠡᠳᠦᠷ ᠤᠨ ᠣᠷᠳᠣᠰ ᠬᠣᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠶᠢᠨ ᠶᠢᠰᠦᠳᠦᠭᠡᠷ ᠬᠤᠷᠠᠯ ᠳᠡᠭᠡᠷ᠎ᠡ ᠂ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ 《 ᠬᠣᠲᠠ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠶᠢᠨ ᠪᠥᠬᠥ ᠬᠣᠲᠠ ᠶᠢᠨ ᠰᠢᠭᠦᠬᠦ ᠬᠣᠷᠢᠶ᠎ᠠ ᠶᠢᠨ ᠭᠦᠶᠴᠡᠳᠬᠡᠬᠦ ᠠᠵᠢᠯ ᠤᠨ ᠲᠤᠬᠠᠢ ᠬᠢᠨᠠᠨ ᠵᠥᠪᠯᠡᠭᠰᠡᠨ ᠰᠠᠨᠠᠯ ᠢ ᠲᠤᠤᠱᠠᠯᠠᠭᠤᠯᠤᠨ ᠨᠠᠶᠢᠳᠠᠪᠤᠷᠢᠵᠢᠭᠤᠯᠤᠭᠰᠠᠨ ᠪᠠᠢᠳᠠᠯ ᠤᠨ ᠲᠤᠬᠠᠢ ᠮᠡᠳᠡᠭᠦᠯᠦᠯᠲᠡ 》 ᠶᠢ ᠰᠣᠨᠣᠰᠴᠤ ᠂ ᠪᠠᠶᠢᠩᠭᠤ ᠶᠢᠨ ᠬᠣᠷᠢᠶ᠎ᠠ ᠶᠢᠨ ᠭᠡᠰᠢᠭᠦᠳ ᠬᠢᠨᠠᠨ ᠵᠥᠪᠯᠡᠯᠳᠦᠵᠦ ᠂ ᠬᠤᠷᠠᠯ ᠢ ᠪᠢᠯᠧᠲ᠋ ᠪᠡᠷ ᠰᠠᠨᠠᠯ ᠥᠭᠬᠦ ᠬᠡᠯᠪᠡᠷᠢ ᠢᠶᠠᠷ 《 ᠮᠡᠳᠡᠭᠦᠯᠦᠯᠲᠡ》 ᠳᠤ ᠦᠨᠡᠯᠡᠨ ᠶᠠᠪᠤᠭᠳᠠᠪᠠ᠃ ᠦᠨᠡᠯᠡᠬᠦ ᠪᠡᠷ ᠳᠠᠮᠵᠢᠭᠠᠳ ᠂ ᠬᠤᠷᠠᠯ ᠳᠡᠭᠡᠷ᠎ᠡ 97 % ᠵᠢᠨ ᠬᠠᠨᠤᠮᠵᠢ ᠶᠢᠨ ᠨᠣᠷᠮ᠎ᠠ ᠪᠠᠷ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠬᠢᠭᠰᠡᠨ 《 ᠬᠣᠲᠠ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠶᠢᠨ ᠪᠥᠬᠥ ᠬᠣᠲᠠ ᠶᠢᠨ ᠰᠢᠭᠦᠬᠦ ᠬᠣᠷᠢᠶ᠎ᠠ ᠶᠢᠨ ᠭᠦᠶᠴᠡᠳᠬᠡᠬᠦ ᠠᠵᠢᠯ ᠤᠨ ᠲᠤᠬᠠᠢ ᠬᠢᠨᠠᠨ ᠵᠥᠪᠯᠡᠭᠰᠡᠨ ᠰᠠᠨᠠᠯ ᠢ ᠲᠤᠤᠱᠠᠯᠠᠭᠤᠯᠤᠨ ᠨᠠᠶᠢᠳᠠᠪᠤᠷᠢᠵᠢᠭᠤᠯᠤᠭᠰᠠᠨ ᠪᠠᠢᠳᠠᠯ ᠤᠨ ᠲᠤᠬᠠᠢ ᠮᠡᠳᠡᠭᠦᠯᠦᠯᠲᠡ 》 ᠶᠢ ᠪᠠᠲᠤᠯᠠᠪᠠ ᠃
ᠦᠨᠡᠯᠡᠬᠦ 0ᠦᠨᠡᠯᠡᠯᠲᠡ᠎ᠲᠠᠢ