ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ   》 ᠭᠣᠣᠯ ᠰᠡᠳᠦᠪᠲᠦ᠁
2020.01.10 ᠲᠣᠰ ᠥᠷᠲᠡᠭᠡᠨ ᠦ ᠨᠠᠢᠷᠠᠭᠤᠯᠤᠭᠴᠢ

     ᠮᠠᠨ ᠤ᠋ ᠬᠣᠷᠢᠶᠠᠨ ᠤ᠋ 2019 ᠣᠨ ᠤ᠋ ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠬᠤᠷᠢᠶᠠᠩᠭᠤᠢᠯᠠᠬᠤ ᠶ᠋ᠢᠨ ᠲᠥᠯᠥᠭᠡ ᠂ 2020 ᠣᠨ ᠤ᠋ ᠠᠵᠢᠯ ᠤ᠋ᠨ ᠰᠡᠳᠭᠢᠴᠡ ᠶ᠋ᠢ ᠲᠣᠳᠣᠷᠬᠠᠢᠯᠠᠵᠤ ᠂ ᠨᠠᠮ ᠤ᠋ᠨ ᠪᠠᠢᠭᠤᠯᠤᠯᠲᠠ ᠶ᠋ᠢ ᠪᠦᠬᠦ ᠲᠠᠯ᠎ᠠ ᠪᠠᠷ ᠴᠢᠩᠭᠠᠳᠭᠠᠵᠤ ᠂《 ᠭᠤᠷᠪᠠᠨ ᠬᠤᠷᠠᠯ ᠨᠢᠭᠡ ᠬᠢᠴᠢᠶᠡᠯ 》 ᠦ᠋ᠨ ᠳᠦᠷᠢᠮ ᠢ᠋ ᠤᠯᠠᠮ ᠨᠢᠭᠡ ᠠᠯᠬᠤᠮ ᠰᠠᠢᠲᠤᠷ ᠠᠳᠭᠤᠵᠤ ᠂ 《 ᠬᠣᠶᠠᠷ ᠢ᠋ ᠰᠤᠷᠤᠯᠴᠠᠵᠤ ᠨᠢᠭᠡ  ᠶ᠋ᠢ ᠬᠢᠬᠦ 》 ᠶ᠋ᠢ ᠰᠤᠷᠤᠯᠴᠠᠯᠭ᠎ᠠ ᠬᠥᠮᠦᠵᠢᠯ ᠬᠢᠵᠦ ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠰᠢ ᠵᠢᠨ ᠫᠢᠩ ᠦ᠋ᠨ  ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ  ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠣᠢᠯᠠᠭᠠᠵᠠᠢ ᠃ 1 ᠰᠠᠷ᠎ᠠ ᠶ᠋ᠢᠨ 3 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠨᠠᠮ ᠤ᠋ᠨ ᠡᠭᠦᠷ ᠦ᠋ᠨ ᠱᠦᠵᠢ ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠠᠳᠭᠤᠬᠤ  ᠲᠤᠰᠢᠶᠠᠯ  ᠤ᠋ᠨ ᠮᠡᠳᠡᠭᠦᠯᠦᠯᠲᠡ ᠪᠠ ᠦᠨᠡᠯᠡᠯᠲᠡ ᠶ᠋ᠢᠨ ᠶᠡᠬᠡ ᠬᠤᠷᠠᠯ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ  ᠬᠣᠷᠢᠶ᠎ᠠ ᠶ᠋ᠢᠨ ᠪᠠᠢᠭᠤᠯᠭ᠎ᠠ ᠶ᠋ᠢᠨ ᠨᠠᠮ ᠤ᠋ᠨ ᠬᠣᠷᠢᠶᠠᠨ ᠤ᠋ ᠲᠤᠰᠭᠠᠢ ᠱᠦᠵᠢ ᠸᠠᠩ ᡁᠢ ᠯᠠᠩ ᠬᠤᠷᠠᠯ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ  ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ  ᠭᠡᠰᠢᠭᠦᠨ ᠂ ᠳᠡᠳ᠋  ᠬᠣᠷᠢᠶᠠᠨ ᠳᠠᠷᠤᠭ᠎ᠠ ᠠᠢ ᠹᠧᠢ ᠂ ᠪᠠᠢᠭᠤᠯᠭ᠎ᠠ ᠶ᠋ᠢᠨ ᠨᠠᠮ ᠤ᠋ᠨ ᠬᠣᠷᠢᠶᠠᠨ ᠤ᠋ ᠪᠦᠬᠦ  ᠭᠡᠰᠢᠭᠦᠨ ᠂ ᠡᠯ᠎ᠡ ᠨᠠᠮ ᠤ᠋ᠨ ᠡᠭᠦᠷ ᠦ᠋ᠨ ᠱᠦᠵᠢ ᠬᠤᠷᠠᠯ ᠳ᠋ᠤ᠌ ᠣᠷᠣᠯᠴᠠᠪᠠ ᠃

     ᠬᠤᠷᠠᠯ ᠳᠡᠭᠡᠷ᠎ᠡ ᠂ ᠮᠠᠨ ᠤ᠋ ᠬᠣᠷᠢᠶᠠᠨ ᠤ᠋ 8 ᠨᠠᠮ ᠤ᠋ᠨ ᠡᠭᠦᠷ ᠦ᠋ᠨ ᠱᠦᠵᠢ ᠨᠠᠷ ᠨᠢᠭᠡᠳ ᠨᠢᠭᠡ ᠪᠡᠷ ᠠᠵᠢᠯ ᠢ᠋ᠶ᠋ᠠᠨ ᠬᠠᠷᠢᠭᠤ ᠮᠡᠳᠡᠭᠦᠯᠦᠯᠲᠡ ᠬᠢᠵᠦ ᠂ 2019 ᠣᠨ ᠤ᠋ ᠡᠯ᠎ᠡ ᠨᠠᠮ ᠤ᠋ᠨ ᠡᠭᠦᠷ ᠦ᠋ᠨ ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠠᠳᠭᠤᠵᠤ ᠪᠠᠢᠭ᠎ᠠ ᠪᠠᠢᠳᠠᠯ ᠢ᠋ ᠪᠦᠬᠦ ᠲᠠᠯ᠎ᠠ ᠪᠠᠷ ᠬᠠᠷᠢᠭᠤ ᠮᠡᠳᠡᠭᠦᠯᠵᠡᠢ ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠢᠳᠠᠯ ᠂ ᠠᠵᠢᠯ ᠤ᠋ᠨ ᠠᠷᠭ᠎ᠠ ᠪᠠᠷᠢᠯ ᠂ ᠭᠣᠣᠯ ᠦᠷ᠎ᠡ ᠪᠦᠲᠦᠮᠵᠢ ᠂ ᠣᠷᠤᠰᠢᠵᠤ ᠪᠠᠢᠭ᠎ᠠ ᠠᠰᠠᠭᠤᠳᠠᠯ ᠂  ᠰᠢᠯᠲᠠᠭᠠᠨ  ᠤ᠋ ᠵᠠᠳᠠᠯᠤᠯᠲᠠ ᠂ 2020 ᠣᠨ ᠤ᠋ ᠠᠵᠢᠯ ᠤ᠋ᠨ ᠰᠡᠳᠭᠢᠴᠡ ᠵᠡᠷᠭᠡ ᠠᠭᠤᠯᠭ᠎ᠠ ᠶ᠋ᠢ ᠪᠠᠢᠭᠤᠯᠭ᠎ᠠ ᠶ᠋ᠢᠨ ᠨᠠᠮ ᠤ᠋ᠨ ᠬᠣᠷᠢᠶ᠎ᠠ ᠳ᠋ᠤ᠌ ᠠᠵᠢᠯ ᠢ᠋ᠶ᠋ᠠᠨ ᠬᠠᠷᠢᠭᠤ ᠮᠡᠳᠡᠭᠦᠯᠵᠡᠢ ᠃ ᠠᠵᠢᠯ ᠢ᠋ᠶ᠋ᠠᠨ ᠲᠣᠭᠠᠴᠢᠵᠤ ᠳᠠᠭᠤᠰᠤᠭᠰᠠᠨ ᠤ᠋ ᠳᠠᠷᠠᠭ᠎ᠠ ᠂ ᠬᠤᠷᠠᠯ ᠳ᠋ᠤ᠌ ᠣᠷᠣᠯᠴᠠᠭᠰᠠᠨ ᠠᠵᠢᠯᠲᠠᠨ  ᠲᠤᠰᠢᠶᠠᠯ ᠤ᠋ᠨ ᠮᠡᠳᠡᠭᠦᠯᠦᠯᠲᠡ ᠶ᠋ᠢ ᠦᠨᠡᠯᠡᠨ ᠶᠠᠷᠢᠯᠴᠠᠵᠤ ᠬᠢᠨᠠᠨ ᠦᠨᠡᠯᠡᠬᠦ ᠬᠦᠰᠦᠨᠦᠭᠲᠦ ᠶ᠋ᠢ ᠲᠠᠭᠯᠠᠵᠤ ᠂ ᠰᠠᠢᠨ ᠂ ᠨᠡᠯᠢᠶᠡᠳ ᠰᠠᠢᠨ ᠂ ᠡᠩ ᠦ᠋ᠨ ᠂ ᠨᠡᠯᠢᠶᠡᠳ ᠠᠨᠠᠢ ᠵᠡᠷᠭᠡ ᠳᠥᠷᠪᠡᠨ ᠳᠡᠰ ᠦ᠋ᠨ ᠶᠣᠰᠣᠭᠠᠷ  ᠲᠤᠰᠢᠶᠠᠯ ᠤ᠋ᠨ ᠮᠡᠳᠡᠭᠦᠯᠦᠯᠲᠡ ᠬᠢᠭᠰᠡᠨ ᠠᠵᠢᠯᠲᠠᠨ ᠨᠢᠭᠡᠪᠦᠷᠢ ᠶ᠋ᠢᠨ  ᠲᠤᠰᠢᠶᠠᠯ ᠤ᠋ᠨ ᠮᠡᠳᠡᠭᠦᠯᠦᠯᠲᠡ ᠬᠢᠭᠰᠡᠨ ᠪᠠᠢᠳᠠᠯ ᠳ᠋ᠤ᠌ ᠶᠡᠷᠦᠩᠬᠡᠢᠯᠡᠭᠰᠡᠨ ᠦᠨᠡᠯᠡᠯᠲᠡ ᠬᠢᠵᠡᠢ᠃

ᠨᠢᠭᠡᠳᠦᠭᠡᠷ ᠨᠠᠮ ᠤ᠋ᠨ ᠡᠭᠦᠷ ᠦ᠋ᠨ ᠱᠦᠵᠢ

ᠲᠤᠶᠠᠭ᠎ᠠ

ᠨᠢᠭᠡ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠢᠳᠠᠯ

     ᠵᠣᠬᠢᠶᠠᠨ ᠪᠠᠢᠭᠤᠯᠤᠯᠲᠠ ᠶ᠋ᠢᠨ ᠪᠠᠢᠭᠤᠯᠤᠮᠵᠢ ᠪᠠᠨ ᠲᠡᠭᠦᠯᠳᠡᠷᠵᠢᠭᠦᠯᠵᠦ ᠂ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠴᠢᠩᠭᠠᠳᠭᠠᠵᠠᠢ ᠃

     ᠣᠨᠣᠯ ᠤ᠋ᠨ ᠡᠣᠢᠯᠠᠳᠣᠯᠬᠡ᠎ ᠶ᠋ᠢᠨ ᠰᠤᠷᠤᠯᠴᠠᠯᠭ᠎ᠠ ᠪᠠᠨ ᠴᠢᠩᠭᠠᠳᠭᠠᠨ ᠂ ᠡᠠᠵᠢᠯ ᠤ᠋ᠨ ᠴᠢᠳᠠᠪᠤᠷᠢ ᠪᠠᠨ ᠪᠦᠲᠦᠮᠵᠢᠲᠡᠢ ᠪᠡᠷ  ᠳᠡᠭᠡᠭᠰᠢᠯᠡᠭᠦᠯᠵᠡᠢ ᠃

     ᠡᠯ᠎ᠡ  ᠲᠥᠷᠦᠯ ᠤ᠋ᠨ  ᠬᠥᠳᠡᠯᠭᠡᠭᠡᠨ ᠢ᠋ ᠢᠳᠡᠪᠬᠢᠲᠡᠢ ᠪᠡᠷ ᠵᠣᠬᠢᠶᠠᠨ ᠪᠠᠢᠭᠤᠯᠵᠤ ᠂ ᠨᠠᠮ ᠤ᠋ᠨ ᠪᠠᠢᠭᠤᠯᠤᠯᠲᠠ ᠶ᠋ᠢᠨ ᠨᠡᠢᠯᠡᠮᠡᠯ ᠬᠦᠴᠦᠨ ᠢ᠋ ᠨᠢᠭᠲᠠᠷᠠᠭᠤᠯᠤᠨ᠎ᠠ ᠃

     ᠦᠵᠡᠯ ᠤᠬᠠᠮᠰᠠᠷ ᠤ᠋ᠨ ᠬᠡᠯᠪᠡᠷᠢ ᠶ᠋ᠢᠨ ᠬᠥᠮᠦᠵᠢᠯ ᠢ᠋ ᠠᠳᠭᠤᠵᠤ᠂ ᠦᠵᠡᠯ ᠰᠠᠨᠠᠭᠠᠨ ᠤ᠋ ᠰᠡᠷᠭᠡᠢᠯᠡᠯᠲᠡ ᠶ᠋ᠢᠨ ᠱᠤᠭᠤᠮ ᠢ᠋ ᠪᠠᠲᠤ ᠪᠡᠬᠢ ᠴᠣᠭᠴᠠᠯᠠᠨ᠎ᠠ ᠃

ᠬᠣᠶᠠᠷ ᠂  ᠣᠷᠤᠰᠢᠵᠤ  ᠪᠠᠢᠭ᠎ᠠ ᠠᠰᠠᠭᠤᠳᠠᠯ

      ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠲᠠᠯ᠎ᠠ ᠪᠠᠷ  ᠰᠢᠨ᠎ᠡ  ᠶ᠋ᠢ ᠡᠭᠦᠳᠬᠦ ᠰᠡᠳᠭᠢᠴᠡ ᠪᠠᠰᠠ ᠲᠡᠢᠮᠦ ᠥᠷᠭᠡᠨ  ᠪᠢᠰᠢ ᠪᠠᠢᠵᠤ ᠂  ᠰᠢᠨ᠎ᠡ  ᠪᠠᠢᠳᠠᠯ ᠳᠣᠣᠷ᠎ᠠ ᠨᠠᠮ ᠤ᠋ᠨ ᠪᠠᠢᠭᠤᠯᠤᠯᠲᠠ ᠪᠣᠯᠤᠨ ᠲᠤᠬᠠᠢᠯᠠᠭᠰᠠᠨ ᠠᠵᠢᠯ ᠢ᠋ ᠬᠡᠷᠬᠢᠨ ᠬᠠᠷᠢᠯᠴᠠᠨ ᠠᠬᠢᠭᠤᠯᠬᠤ ᠠᠷᠭ᠎ᠠ ᠬᠡᠮᠵᠢᠶ᠎ᠡ ᠪᠣᠯᠤᠨ ᠠᠷᠭ᠎ᠠ ᠵᠠᠮ ᠪᠠᠰᠠ ᠲᠡᠳᠦᠢ ᠠᠷᠪᠢᠨ  ᠪᠢᠰᠢ ᠪᠠᠢᠨ᠎ᠠ ᠃

      ᠨᠠᠮ ᠤ᠋ᠨ  ᠭᠡᠰᠢᠭᠦᠨ ᠺᠠᠲᠷᠴᠤᠳ ᠤ᠋ᠨ ᠦᠵᠡᠯ ᠰᠠᠨᠠᠭᠠᠨ ᠤ᠋ ᠪᠠᠢᠳᠠᠯ ᠢ᠋ ᠭᠦᠢᠴᠡᠳ ᠣᠢᠯᠠᠭᠠᠭᠰᠠᠨ ᠥᠬᠡᠢ ᠂ ᠡᠭᠦᠷ ᠦ᠋ᠨ ᠨᠠᠮ ᠤ᠋ᠨ  ᠭᠡᠰᠢᠭᠦᠳ ᠦ᠋ᠨ ᠬᠣᠭᠣᠷᠣᠨᠳᠣᠬᠢ ᠰᠡᠳᠭᠢᠯ ᠦ᠋ᠨ ᠶᠠᠷᠢᠯᠴᠠᠭ᠎ᠠ ᠤᠯᠠᠮ ᠨᠢᠭᠡ ᠠᠯᠬᠤᠮ ᠴᠢᠩᠭᠠᠳᠭᠠᠬᠤ ᠴᠢᠬᠤᠯᠠᠲᠠᠢ ᠪᠠᠢᠨ᠎ᠠ ᠃

ᠭᠤᠷᠪᠠ ᠂ ᠳᠠᠷᠠᠭᠠᠴᠢ ᠶ᠋ᠢᠨ ᠠᠯᠬᠤᠮ ᠤ᠋ᠨ ᠠᠵᠢᠯ ᠤ᠋ᠨ ᠰᠡᠳᠭᠢᠴᠡ

      ᠳᠠᠷᠠᠭ᠎ᠠ ᠠᠯᠬᠤᠮ ᠳ᠋ᠤ᠌ ᠂ ᠪᠢᠳᠡ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠵᠤ ᠂ ᠨᠢᠭᠡᠳᠦᠭᠡᠷ ᠵᠠᠭᠤᠨ ᠵᠢᠯ ᠦ᠋ᠨ ᠲᠡᠮᠡᠴᠡᠬᠦ ᠬᠠᠷᠠᠯᠲᠠ ᠶ᠋ᠢ ᠪᠡᠶᠡᠯᠡᠭᠦᠯᠬᠦ ᠪᠡᠷ ᠵᠢᠯᠣᠭᠣᠳᠤᠯᠭ᠎ᠠ ᠪᠣᠯᠭᠠᠨ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ  ᠰᠢᠭᠦᠬᠦ  ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶᠠᠨ ᠤ᠋ ᠬᠠᠮᠢᠶ᠎ᠠ ᠪᠦᠬᠦᠢ ᠬᠤᠷᠠᠯ ᠤ᠋ᠨ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠵᠤ ᠂ ᠨᠠᠮ ᠤ᠋ᠨ ᠪᠠᠢᠭᠤᠯᠤᠯᠲᠠ ᠶ᠋ᠢᠨ ᠨᠢᠭᠡᠳᠦᠭᠡᠷ ᠬᠠᠷᠢᠭᠤᠴᠠᠯᠭᠠᠲᠤ ᠬᠥᠮᠦᠨ ᠦ᠌ ᠦᠵᠡᠯ ᠤᠬᠠᠮᠰᠠᠷ ᠢ᠋ ᠪᠠᠲᠤ ᠪᠡᠬᠢ ᠪᠣᠢ ᠪᠣᠯᠭᠠᠵᠤ ᠂ ᠨᠠᠮ ᠢ᠋ ᠴᠢᠩᠭ᠎ᠠ ᠵᠠᠰᠠᠬᠤ ᠬᠠᠷᠢᠭᠤᠴᠠᠯᠭ᠎ᠠ ᠶ᠋ᠢ ᠬᠢᠨᠠᠮᠠᠭᠠᠢ ᠰᠠᠢᠲᠤᠷ ᠬᠡᠷᠡᠭᠵᠢᠭᠦᠯᠦᠨ ᠂ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠪᠣᠯᠪᠠᠰᠣᠷᠠᠭᠤᠯᠤᠯ ᠢ᠋ ᠴᠢᠩᠭᠠᠳᠭᠠᠵᠤ ᠂ ᠨᠠᠮ ᠤ᠋ᠨ ᠭᠡᠰᠢᠭᠦᠨ ᠦ᠌ ᠡᠳᠦᠷ ᠳᠣᠳᠣᠮ ᠤ᠋ᠨ ᠬᠥᠮᠦᠵᠢᠯ ᠢ᠋ ᠴᠢᠩᠭᠠᠳᠭᠠᠨ᠎ᠠ ᠃ᠡᠣᠯᠠᠠ ᠬᠡᠯᠪᠡᠷᠢ ᠮᠠᠶᠢᠬ ᠪᠦᠬᠦᠢ ᠨᠠᠮ ᠤ᠋ᠨ ᠪᠠᠢᠭᠤᠯᠤᠯᠲᠠ ᠶ᠋ᠢᠨ ᠠᠵᠢᠯᠯᠠᠭ᠎ᠠ ᠶ᠋ᠢ  ᠥᠷᠨᠢᠭᠦᠯᠵᠦ ᠂ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠳᠦᠷᠢᠮ  ᠢ᠋ ᠴᠢᠩᠭ᠎ᠠ ᠨᠢᠮᠪᠠᠢ ᠨᠠᠢᠳᠠᠪᠤᠷᠢᠵᠢᠭᠤᠯᠵᠤ ᠂ ᠨᠠᠮ ᠤ᠋ᠨ ᠡᠯ᠎ᠡ ᠵᠦᠢᠯ ᠦ᠋ᠨ  ᠰᠢᠢᠳᠪᠦᠷᠢᠲᠦ ᠪᠣᠳᠣᠯᠭ᠎ᠠ ᠶ᠋ᠢ ᠲᠡᠷᠡ ᠶᠣᠰᠣᠭᠠᠷ ᠨᠢ  ᠪᠤᠲᠠᠲᠠᠢ ᠳ᠋ᠤ  ᠪᠠᠢᠷᠢᠯᠠᠭᠤᠯᠤᠨ᠎ᠠ᠃

ᠬᠣᠶᠠᠳᠤᠭᠠᠷ ᠨᠠᠮ ᠤ᠋ᠨ ᠡᠭᠦᠷ ᠦ᠋ᠨ ᠱᠦᠵᠢ

ᠯᠢ ᠱᠣᠣ ᠢ

    ᠣᠨᠣᠯ ᠤ᠋ᠨ ᠰᠤᠷᠤᠯᠴᠠᠯᠭ᠎ᠠ ᠪᠠᠨ ᠴᠢᠩᠭᠠᠳᠭᠠᠨ ᠂ ᠬᠦᠰᠡᠯᠡᠩ ᠢᠲᠡᠭᠡᠯ  ᠪᠢᠰᠢᠷᠡᠯ ᠢ᠋ᠶ᠋ᠡᠨ ᠪᠠᠲᠤᠳᠭᠠᠬᠤ ᠬᠡᠷᠡᠭᠲᠡᠢ ᠃

    ᠭᠣᠣᠯ ᠰᠡᠳᠦᠪᠲᠦ ᠬᠥᠮᠦᠵᠢᠯ ᠢ᠋ ᠰᠠᠢᠲᠤᠷ ᠠᠳᠭᠤᠵᠤ ᠪᠣᠳᠠᠲᠤ ᠦᠷ᠎ᠡ ᠪᠦᠲᠦᠮᠵᠢ ᠣᠯᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃

    ᠨᠠᠮ ᠤ᠋ᠨ ᠪᠠᠢᠭᠤᠯᠤᠯᠲᠠ ᠶ᠋ᠢᠨ ᠲᠤᠬᠠᠢᠯᠠᠭᠰᠠᠨ ᠠᠵᠢᠯ ᠲᠠᠢ ᠤᠶᠠᠯᠳᠤᠭᠤᠯᠤᠨ ᠨᠢᠭᠲᠠᠷᠠᠯ ᠤ᠋ᠨ ᠬᠦᠴᠦᠨ ᠦ᠌ ᠳᠠᠢᠴᠢᠨ ᠬᠦᠴᠦ ᠶ᠋ᠢ  ᠴᠢᠩᠭᠠᠷᠠᠭᠤᠯᠬᠤ  ᠬᠡᠷᠡᠭᠲᠡᠢ᠃

    ᠨᠠᠮ ᠤ᠋ᠨ ᠡᠭᠦᠷ ᠦ᠋ᠨ ᠪᠠᠢᠭᠤᠯᠤᠯᠲᠠ ᠶ᠋ᠢ ᠴᠢᠬᠤᠯᠠᠴᠢᠯᠠᠨ ᠂ ᠠᠵᠢᠯ ᠤ᠋ᠨ ᠬᠢᠷᠢ ᠲᠦᠪᠰᠢᠨ ᠢ᠋ᠶ᠋ᠡᠨ  ᠳᠡᠭᠡᠭᠰᠢᠯᠡᠭᠦᠯᠦᠨ᠎ᠡ ᠃

    ᠬᠤᠢᠰᠢᠲᠠ ᠶ᠋ᠢᠨ ᠠᠵᠢᠯ ᠤ᠋ᠨ ᠳᠤᠮᠳᠠ ᠂ ᠪᠢᠳᠡ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠂ ᠪᠠᠢᠭᠤᠯᠭ᠎ᠠ ᠶ᠋ᠢᠨ ᠨᠠᠮ ᠤ᠋ᠨ ᠬᠣᠷᠢᠶᠠᠨ ᠤ᠋ ᠤᠳᠤᠷᠢᠳᠤᠯᠭ᠎ᠠ ᠳᠣᠣᠷ᠎ᠠ ᠂ ᠨᠠᠮ ᠤ᠋ᠨ ᠪᠠᠢᠭᠤᠯᠤᠯᠲᠠ ᠪᠠᠷ ᠬᠥᠲᠥᠯᠦᠨ ᠳᠠᠭᠠᠭᠤᠯᠬᠤ ᠶ᠋ᠢ ᠳᠣᠪᠣᠢᠯᠭᠠᠵᠤ ᠂ ᠨᠢᠭᠡ ᠲᠠᠯ᠎ᠠ ᠪᠠᠷ ᠱᠠᠭᠠᠷᠳᠠᠯᠭ᠎ᠠ ᠶ᠋ᠢ ᠴᠢᠩᠭ᠎ᠠ ᠵᠢᠷᠤᠮᠯᠠᠨ ᠲᠣᠭᠲᠠᠭᠰᠠᠨ ᠬᠥᠳᠡᠯᠦᠯ ᠪᠠᠷᠢᠯ ᠢ᠋ ᠰᠠᠢᠲᠤᠷ ᠨᠠᠢᠳᠠᠪᠤᠷᠢᠵᠢᠭᠤᠯᠤᠨ᠎ᠠ ︔ ᠨᠥᠭᠦᠭᠡ ᠲᠠᠯ᠎ᠠ ᠪᠠᠷ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠂ ᠠᠵᠢᠯ ᠤ᠋ᠨ ᠠᠷᠭ᠎ᠠ ᠮᠠᠶᠢᠭ ᠲᠤ᠌ ᠵᠣᠷᠢᠭᠲᠠᠢ ᠪᠠᠷ  ᠰᠢᠨ᠎ᠡ ᠶ᠋ᠢ ᠡᠭᠦᠳᠴᠦ ᠂ ᠡᠭᠦᠷ ᠦ᠋ᠨ ᠨᠠᠮ ᠤ᠋ᠨ ᠪᠠᠢᠭᠤᠯᠤᠯᠲᠠ ᠶ᠋ᠢᠨ ᠪᠦᠲᠦᠮᠵᠢᠲᠡᠢ ᠬᠡᠪ ᠵᠠᠭᠪᠤᠷ ᠢ᠋ ᠢᠳᠡᠪᠬᠢᠲᠡᠢ ᠪᠡᠷ ᠬᠠᠢᠨ ᠰᠦᠪᠡᠭᠴᠢᠯᠡᠵᠦ ᠂ ᠪᠦᠬᠦ ᠨᠠᠮ ᠤ᠋ᠨ ᠭᠡᠰᠢᠭᠦᠳ ᠢ᠋ ᠲᠡᠭᠦᠨ ᠳ᠋ᠦ᠍ ᠵᠢᠩᠬᠢᠨᠢ ᠣᠷᠣᠯᠴᠠᠭᠤᠯᠵᠤ ᠂ ᠨᠠᠮ ᠤ᠋ᠨ ᠡᠭᠦᠷ ᠦ᠋ᠨ ᠪᠠᠢᠪᠠᠰᠤ ᠵᠣᠬᠢᠬᠤ ᠦᠢᠯᠡᠳᠦᠯ ᠢ᠋ ᠦᠨᠡᠨᠬᠦ ᠪᠠᠳᠠᠷᠠᠭᠤᠯᠵᠤ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠲᠡᠷᠢᠭᠦᠨ ᠵᠡᠷᠭᠡ ᠶ᠋ᠢᠨ ᠨᠠᠮ ᠤ᠋ᠨ ᠡᠭᠦᠷ ᠢ᠋ ᠴᠢᠷᠮᠠᠢᠨ ᠡᠭᠦᠳᠬᠦ ᠬᠡᠷᠡᠭᠲᠡᠢ ᠃

ᠭᠤᠷᠪᠠᠳᠤᠭᠠᠷ ᠨᠠᠮ ᠤ᠋ᠨ ᠡᠭᠦᠷ ᠦ᠋ᠨ ᠱᠦᠵᠢ

ᠶᠦᠨ ᠲᠤᠤ

ᠨᠢᠭᠡ ᠂ ᠭᠣᠣᠯ ᠠᠵᠢᠯ ᠢ᠋ ᠨᠠᠢᠳᠠᠪᠤᠷᠢᠵᠢᠭᠤᠯᠤᠭᠰᠠᠨ ᠪᠠᠢᠳᠠᠯ

    ᠦᠵᠡᠯ ᠰᠠᠨᠠᠭᠠᠨ ᠤ᠋ ᠬᠥᠮᠦᠵᠢᠯ ᠢ᠋ ᠴᠢᠬᠤᠯᠠᠴᠢᠯᠠᠵᠤ ᠂ ᠤᠯᠤᠰ ᠲᠥᠷᠥ ᠶ᠋ᠢᠨ ᠬᠥᠲᠥᠯᠦᠨ ᠵᠢᠯᠣᠭᠣᠳᠤᠯᠭ᠎ᠠ ᠶ᠋ᠢ ᠴᠢᠩᠭᠠᠳᠭᠠᠵᠠᠢ ᠃

    ᠡᠩᠨᠡᠭᠡᠨ ᠦ᠌ ᠪᠠᠢᠭᠤᠯᠤᠯᠲᠠ ᠶ᠋ᠢ ᠴᠢᠩᠭ᠎ᠠ ᠠᠳᠭᠤᠵᠤ ᠂ ᠵᠣᠬᠢᠶᠠᠨ ᠪᠠᠢᠭᠤᠯᠤᠯᠲᠠ ᠶ᠋ᠢᠨ ᠰᠠᠭᠤᠷᠢ ᠶ᠋ᠢ ᠪᠠᠲᠤ  ᠲᠠᠯᠪᠢᠵᠠᠢ᠃

    ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠦᠷ᠎ᠡ ᠪᠦᠲᠦᠮᠵᠢ ᠶ᠋ᠢ ᠨᠡᠮᠡᠭᠳᠡᠭᠦᠯᠦᠨ᠎ᠡ ᠃

ᠬᠣᠶᠠᠷ ᠂  ᠣᠷᠤᠰᠢᠵᠤ ᠪᠠᠢᠭ᠎ᠠ ᠠᠰᠠᠭᠤᠳᠠᠯ ᠬᠢᠭᠡᠳ ᠬᠦᠷᠦᠯᠴᠡᠬᠦ ᠦᠭᠡᠢ

    ᠨᠠᠮ ᠤ᠋ᠨ ᠳᠣᠲᠣᠭᠠᠳᠤ ᠶ᠋ᠢᠨ ᠬᠠᠯᠠᠮᠵᠢᠯᠠᠯ ᠪᠠ ᠰᠡᠳᠭᠢᠯ ᠦ᠋ᠨ ᠳᠦᠷᠢᠮ ᠦ᠋ᠨ ᠨᠠᠢᠳᠠᠪᠤᠷᠢᠵᠢᠭᠤᠯᠤᠯᠲᠠ ᠶ᠋ᠢᠨ ᠲᠠᠯ᠎ᠠ ᠪᠠᠷ ᠲᠡᠢᠮᠦ ᠰᠠᠢᠨ ᠪᠢᠰᠢ ᠪᠠᠢᠨ᠎ᠠ ᠃

    ᠨᠠᠮ ᠤ᠋ᠨ  ᠭᠡᠰᠢᠭᠦᠨ ᠦ᠌ ᠵᠢᠱ᠌ᠢᠶᠡᠴᠢ ᠳᠠᠭᠠᠭᠤᠯᠤᠭᠴᠢ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠤᠭᠰᠠᠨ ᠦᠭᠡᠢ ᠃

    ᠨᠠᠮ ᠤ᠋ᠨ ᠭᠡᠰᠢᠭᠦᠨ  ᠦ᠌ ᠤᠯᠤᠰ ᠲᠥᠷᠥ ᠶ᠋ᠢᠨ ᠣᠨᠣᠯ ᠤ᠋ᠨ ᠰᠤᠷᠤᠯᠴᠠᠯᠭ᠎ᠠ ᠶ᠋ᠢᠨ ᠬᠡᠯᠪᠡᠷᠢ ᠪᠠ ᠠᠷᠭ᠎ᠠ ᠨᠢ ᠨᠡᠯᠢᠶᠡᠳ ᠳᠠᠩ ᠴᠤᠯᠭᠤᠢ ᠃

    ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠬᠠᠷᠢᠭᠤᠴᠠᠯᠭ᠎ᠠ ᠶ᠋ᠢ ᠨᠠᠢᠳᠠᠪᠤᠷᠢᠵᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠪᠢᠰᠢ ᠃

ᠭᠤᠷᠪᠠ ᠂ ᠳᠠᠷᠠᠭᠠᠴᠢ ᠶ᠋ᠢᠨ ᠠᠯᠬᠤᠮ ᠤ᠋ᠨ ᠠᠵᠢᠯ ᠤ᠋ᠨ ᠰᠡᠳᠭᠢᠴᠡ ᠪᠠ ᠭᠣᠣᠯ ᠠᠷᠭ᠎ᠠ ᠬᠡᠮᠵᠢᠶ᠎ᠡ

    ᠦᠵᠡᠯ ᠰᠠᠨᠠᠭ᠎ᠠ ᠤᠯᠤᠰ ᠲᠥᠷᠥ ᠶ᠋ᠢᠨ ᠬᠥᠮᠦᠵᠢᠯ ᠢ᠋ ᠦᠷᠭᠦᠯᠵᠢᠯᠡᠨ ᠴᠢᠩᠭᠠᠳᠭᠠᠵᠤ ᠂ ᠦᠵᠡᠯ ᠰᠠᠨᠠᠭ᠎ᠠ ᠤᠯᠤᠰ ᠲᠥᠷᠥ ᠶ᠋ᠢᠨ ᠬᠥᠲᠥᠯᠦᠨ ᠳᠠᠭᠠᠭᠤᠯᠬᠤ ᠦᠢᠯᠡᠳᠦᠯ ᠢ᠋ ᠪᠠᠳᠠᠷᠠᠭᠤᠯᠤᠨ᠎ᠠ ᠃

    ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ ᠂《 ᠨᠢᠭᠡᠳᠦᠭᠡᠷ ᠬᠠᠷᠢᠭᠤᠴᠠᠭᠴᠢ 》 ᠶ᠋ᠢᠨ ᠬᠠᠷᠢᠭᠤᠴᠠᠯᠭ᠎ᠠ ᠶ᠋ᠢ ᠨᠠᠢᠳᠠᠪᠤᠷᠢᠵᠢᠭᠤᠯᠪᠠ ᠃

   ᠳᠦᠷᠢᠮ ᠦ᠋ᠨ ᠠᠵᠢᠯᠯᠠᠭᠠᠨ ᠢ᠋ ᠴᠢᠩᠭ᠎ᠠ ᠠᠳᠭᠤᠵᠤ ᠂ ᠨᠠᠮ ᠤ᠋ᠨ ᠪᠠᠢᠭᠤᠯᠤᠯᠲᠠ ᠪᠠ ᠲᠤᠬᠠᠢᠯᠠᠭᠰᠠᠨ ᠠᠵᠢᠯ ᠤ᠋ᠨ ᠭᠦᠨᠵᠡᠭᠡᠢ ᠠᠭᠤᠰᠤᠯᠴᠠᠯ ᠢ᠋ ᠠᠬᠢᠭᠤᠯᠤᠨ᠎ᠠ ᠃

ᠳᠥᠷᠪᠡᠳᠦᠭᠡᠷ ᠨᠠᠮ ᠤ᠋ᠨ ᠡᠭᠦᠷ ᠦ᠋ᠨ ᠱᠦᠵᠢ

ᠭᠦᠸᠧ ᠵᠸᠨ

ᠨᠢᠭᠡ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠢᠳᠠᠯ

    ᠨᠠᠮ ᠤ᠋ᠨ ᠭᠡᠰᠢᠭᠦᠳ ᠦ᠋ᠨ ᠤᠯᠤᠰ ᠲᠥᠷᠥ ᠶ᠋ᠢᠨ ᠬᠡᠪ ᠪᠣᠯᠪᠠᠰᠤᠷᠠᠯ ᠢ᠋  ᠳᠡᠭᠡᠭᠰᠢᠯᠡᠭᠦᠯᠵᠡᠢ ᠃

    ᠤᠯᠤᠰ ᠲᠥᠷᠥ ᠶ᠋ᠢ ᠤᠳᠤᠷᠢᠳᠬᠤ ᠭᠣᠣᠯᠯᠠᠬᠤ ᠦᠢᠯᠡᠳᠦᠯ ᠢ᠋ ᠪᠠᠳᠠᠷᠠᠭᠤᠯᠤᠨ᠎ᠠ

    ᠨᠠᠮ ᠤ᠋ᠨ ᠭᠡᠰᠢᠭᠦᠨ ᠦ᠌ ᠬᠥᠮᠦᠵᠢᠯ ᠬᠠᠮᠢᠶᠠᠷᠤᠯᠲᠠ ᠶ᠋ᠢ ᠴᠢᠩᠭᠠᠳᠭᠠᠵᠤ ᠬᠢᠨᠠᠯᠲᠠ ᠲᠠᠯᠪᠢᠨ᠎ᠠ

    ᠨᠠᠷᠢᠨ ᠨᠢᠮᠪᠠᠢ ᠲᠣᠬᠢᠷᠠᠭᠤᠯᠵᠤ ᠂ 《 ᠭᠤᠷᠪᠠᠨ ᠬᠤᠷᠠᠯ ᠨᠢᠭᠡ ᠬᠢᠴᠢᠶᠡᠯ 》 ᠦ᠋ᠨ ᠳᠦᠷᠢᠮ ᠢ᠋ ᠨᠠᠢᠳᠠᠪᠤᠷᠢᠵᠢᠭᠤᠯᠵᠤ ᠂ 《 ᠬᠣᠶᠠᠷ ᠢ᠋ ᠰᠤᠷᠤᠯᠴᠠᠵᠤ ᠨᠢᠭᠡ  ᠶ᠋ᠢ  ᠬᠢᠬᠦ 》 ᠶ᠋ᠢ 《 ᠡᠣᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠰᠤᠷᠭᠠᠨ ᠬᠥᠮᠦᠵᠢᠯ ᠦ᠋ᠨ ᠠᠵᠢᠯᠯᠠᠭ᠎ᠠ ᠲᠠᠢ ᠣᠷᠭᠠᠨᠢᠭ ᠢ᠋ᠶ᠋ᠠᠷ ᠤᠶᠠᠯᠳᠤᠭᠤᠯᠪᠠ ᠃

ᠬᠣᠶᠠᠷ ᠂  ᠣᠷᠤᠰᠢᠵᠤ ᠪᠠᠢᠭ᠎ᠠ ᠭᠣᠣᠯ ᠠᠰᠠᠭᠤᠳᠠᠯ

     ᠣᠨᠴᠠᠯᠢᠭ  ᠨᠢ  ᠳᠣᠪᠤᠢᠬᠤ  ᠦᠭᠡᠢ᠂ ᠠᠮᠢᠳᠤᠷᠠᠯ  ᠤ᠋ᠨ ᠵᠣᠬᠢᠶᠠᠨ ᠪᠠᠢᠭᠤᠯᠤᠯᠲᠠ ᠢ᠋ᠢᠨ ᠠᠷᠭ᠎ᠠ ᠬᠡᠮᠵᠢᠶ᠎ᠡ ᠨᠢ  ᠳᠠᠩ  ᠴᠤᠯᠭᠤᠢ᠂ ᠰᠢᠨ᠎ᠡ  ᠶ᠋ᠢ  ᠡᠭᠦᠳᠬᠦ  ᠤᠬᠠᠮᠰᠠᠷ  ᠳᠤᠲᠠᠮᠠᠭ᠃

     ᠨᠠᠮ ᠤ᠋ᠨ ᠭᠡᠰᠢᠭᠦᠨ  ᠢ᠋  ᠬᠥᠮᠦᠵᠢᠭᠦᠯᠬᠦ ᠬᠥᠭᠵᠢᠭᠦᠯᠬᠦ ᠠᠵᠢᠯ ᠢ᠋ ᠴᠢᠩᠭᠠᠳᠭᠠᠬᠤ ᠴᠢᠬᠤᠯᠠ ᠲᠠᠢ ᠃

ᠭᠤᠷᠪᠠ ᠂ ᠳᠠᠷᠠᠭᠠᠴᠢ ᠶ᠋ᠢᠨ ᠠᠯᠬᠤᠮ ᠤ᠋ᠨ ᠠᠵᠢᠯ ᠤ᠋ᠨ ᠰᠡᠳᠭᠢᠴᠡ ᠪᠣᠯᠤᠨ ᠴᠢᠷᠮᠠᠢᠬᠤ ᠴᠢᠭᠯᠡᠯ

     ᠳᠤᠮᠳᠠ ᠵᠡᠷᠭᠡ ᠢ᠋ᠢᠨ  ᠰᠢᠭᠦᠬᠦ  ᠬᠣᠷᠢᠶ᠎ᠠ  ᠶ᠋ᠢᠨ ᠨᠠᠮ ᠤ᠋ᠨ ᠡᠣᠳᠣᠷᠢᠣᠠᠬᠣ  ᠳᠤᠭᠤᠢᠯᠠᠩ  ᠤ᠋ᠨ ᠡᠣᠳᠣᠷᠢᠳᠣᠯᠭ᠎ᠠ ᠳᠣᠣᠷ᠎ᠠ ᠂ ᠪᠢ ᠲᠤᠰ ᠪᠡᠶ᠎ᠡ ᠶ᠋ᠢᠨ ᠬᠡᠪ ᠴᠢᠨᠠᠷ ᠢ᠋ᠶ᠋ᠠᠨ ᠤᠯᠠᠮ ᠨᠢᠬᠡ᠎ ᠠᠯᠬᠤᠮ ᠴᠢᠩᠭᠠᠳᠭᠠᠨ ᠂ ᠡᠯ᠎ᠡ ᠵᠦᠢᠯ ᠦ᠋ᠨ ᠰᠤᠷᠤᠯᠴᠠᠯᠭ᠎ᠠ ᠪᠣᠯᠪᠠᠰᠣᠷᠠᠭᠤᠯᠤᠯ ᠳ᠋ᠤ᠌  ᠢᠳᠡᠪᠬᠢᠲᠡᠢ ᠣᠷᠣᠯᠴᠠᠵᠤ ᠂ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠵᠤ ᠂ ᠳᠠᠭᠤᠷᠢᠶᠠᠯ ᠪᠣᠯᠬᠤ ᠶᠤᠮ ᠃ ᠨᠠᠮ ᠤ᠋ᠨ ᠡᠭᠦᠷ ᠦ᠋ᠨ  ᠭᠡᠰᠢᠭᠦᠳ ᠦ᠋ᠨ ᠰᠤᠷᠤᠯᠴᠠᠯᠭ᠎ᠠ ᠬᠥᠮᠦᠵᠢᠯ ᠢ᠋ ᠪᠠᠷᠢᠮᠲᠠᠯᠠᠵᠤ ᠂  ᠦᠵᠡᠯ ᠰᠠᠨᠠᠭ᠎ᠠ ᠪᠠᠷ ᠬᠥᠲᠥᠯᠦᠨ ᠳᠠᠭᠠᠭᠤᠯᠬᠤ ᠶ᠋ᠢ ᠴᠢᠩᠭᠠᠳᠭᠠᠵᠤ ᠂ 《  ᠳᠥᠷᠪᠡᠨ ᠤᠬᠠᠮᠰᠠᠷ 》 ᠢ᠋  ᠨᠡᠮᠡᠭᠳᠡᠭᠦᠯᠦᠨ ᠂ 《  ᠳᠥᠷᠪᠡᠨ ᠢᠲᠡᠭᠡᠯ 》 ᠢ᠋ ᠪᠠᠲᠤᠳᠭᠠᠵᠤ ᠂ 《 ᠬᠣᠶᠠᠷ  ᠢ᠋  ᠪᠠᠲᠤᠯᠠᠬᠤ》 ᠶ᠋ᠢ ᠡᠷᠡᠰ ᠪᠡᠶᠡᠯᠡᠭᠦᠯᠦᠨ᠎ᠡ ᠃

ᠳᠣᠯᠣᠳᠤᠭᠠᠷ ᠨᠠᠮ ᠤ᠋ᠨ ᠡᠭᠦᠷ ᠦ᠋ᠨ ᠱᠦᠵᠢ

ᠾᠧ ᠶᠠᠨ ᠴᠦᠨ

ᠨᠢᠭᠡ ᠂ ᠠᠵᠢᠯ ᠢ᠋ᠶ᠋ᠠᠨ ᠥᠷᠨᠢᠭᠦᠯᠦᠭᠰᠡᠨ ᠪᠠᠢᠳᠠᠯ

      ᠡᠭᠦᠷ ᠦ᠋ᠨ  ᠭᠡᠰᠢᠭᠦᠳ ᠦ᠋ᠨ ᠬᠤᠷᠠᠯ ᠤ᠋ᠨ ᠪᠠᠭ ᠢ᠋ ᠲᠡᠭᠦᠯᠳᠡᠷᠵᠢᠭᠦᠯᠵᠦ ᠂ ᠡᠭᠦᠷ ᠦ᠋ᠨ ᠨᠠᠮ ᠤ᠋ᠨ  ᠭᠡᠰᠢᠭᠦᠳ ᠦ᠋ᠨ ᠶᠡᠬᠡ ᠬᠤᠷᠠᠯ ᠢ᠋ ᠬᠤᠷᠠᠯᠳᠤᠭᠤᠯᠵᠤ ᠂ ᠬᠤᠭᠤᠴᠠᠭ᠎ᠠ ᠰᠣᠯᠢᠬᠤ ᠰᠣᠩᠭᠣᠭᠤᠯᠢ ᠶ᠋ᠢ ᠴᠠᠭ ᠲᠤᠬᠠᠢ ᠳ᠋ᠤᠨᠢ ᠬᠢᠬᠦ ᠶ᠋ᠢᠨ ᠬᠠᠮᠲᠤ ᠳᠤᠮᠳᠠ ᠵᠡᠷᠭᠡ ᠢ᠋ᠢᠨ  ᠰᠢᠭᠦᠬᠦ  ᠬᠣᠷᠢᠶ᠎ᠠ  ᠢ᠋ᠢᠨ ᠪᠠᠢᠭᠤᠯᠭ᠎ᠠ ᠶ᠋ᠢᠨ ᠨᠠᠮ ᠤ᠋ᠨ ᠬᠣᠷᠢᠶᠠᠨ ᠳ᠋ᠤ᠌ ᠮᠡᠳᠡᠭᠦᠯᠪᠡ ᠃

    《 ᠭᠤᠷᠪᠠᠨ ᠬᠤᠷᠠᠯ ᠨᠢᠬᠡ᠎ ᠬᠢᠴᠢᠶᠡᠯ 》 ᠦ᠋ᠨ  ᠳᠦᠷᠢᠮ  ᠢ᠋ ᠪᠠᠷᠢᠮᠲᠠᠯᠠᠵᠤ ᠂ ᠪᠦᠬᠦ  ᠵᠢᠯ ᠳ᠋ᠦ᠍  ᠨᠠᠮ  ᠤ᠋ᠨ ᠡᠭᠦᠷ ᠦ᠋ᠨ ᠨᠠᠮ ᠤ᠋ᠨ  ᠭᠡᠰᠢᠭᠦᠳ ᠦ᠋ᠨ ᠶᠠᠬᠡ᠎ ᠬᠤᠷᠠᠯ ᠢ᠋ 4 ᠡᠣᠳᠠᠭ᠎ᠠ ᠬᠤᠷᠠᠯᠳᠤᠭᠤᠯᠵᠤ ᠂ ᠡᠭᠦᠷ ᠦ᠋ᠨ ᠭᠡᠰᠢᠭᠦᠳ ᠦ᠋ᠨ ᠬᠤᠷᠠᠯ ᠢ᠋ 12 ᠡᠣᠳᠠᠭ᠎ᠠ ᠡᠷᠬᠢᠯᠡᠵᠡᠢ ᠃

     ᠦᠵᠡᠯ ᠤᠬᠠᠮᠰᠠᠷ ᠤ᠋ᠨ ᠬᠡᠯᠪᠡᠷᠢ ᠶ᠋ᠢᠨ ᠬᠥᠮᠦᠵᠢᠯ ᠢ᠋ ᠴᠢᠬᠤᠯᠠᠴᠢᠯᠠᠨ᠎ᠠ ᠃

  《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ ᠦ᠋ᠨ ᠠᠵᠢᠯᠯᠠᠭ᠎ᠠ ᠶ᠋ᠢ ᠯᠠᠪᠳᠠᠭᠤᠨ ᠪᠠᠲᠤᠲᠠᠢ ᠥᠷᠨᠢᠭᠦᠯᠦᠨ᠎ᠡ ᠃

     ᠡᠩ ᠦ᠋ᠨ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠡᠮᠬᠢ ᠵᠢᠷᠤᠮ ᠲᠠᠢ ᠥᠷᠨᠢᠭᠦᠯᠵᠦ ᠂ ᠰᠠᠨᠠᠭᠠᠴᠢᠯᠭᠠᠲᠠᠢ ᠪᠠᠷ ᠬᠠᠷᠢᠭᠤᠴᠠᠨ᠎ᠠ ᠃

     ᠨᠠᠮ ᠤ᠋ᠨ ᠪᠠᠢᠭᠤᠯᠤᠯᠲᠠ ᠶ᠋ᠢᠨ ᠠᠵᠢᠯ ᠢ᠋ᠶ᠋ᠠᠷ  ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠶ᠋ᠢ  ᠳᠡᠭᠡᠭᠰᠢᠯᠡᠭᠦᠯᠬᠦ ᠶ᠋ᠢ ᠠᠬᠢᠭᠤᠯᠪᠠ ᠃

ᠬᠣᠶᠠᠷ ᠂  ᠤᠷᠤᠰᠢᠵᠦ ᠪᠠᠢᠭ᠎ᠠ ᠠᠰᠠᠭᠤᠳᠠᠯ

     ᠣᠨᠣᠯ ᠤ᠋ᠨ ᠰᠤᠷᠤᠯᠴᠠᠯᠭ᠎ᠠ ᠪᠠ ᠲᠤᠬᠠᠢᠯᠠᠭᠰᠠᠨ ᠠᠵᠢᠯ ᠤ᠋ᠨ ᠬᠣᠶᠠᠷ  ᠭᠠᠳᠠᠷ ᠦᠵᠡᠭᠳᠡᠯ ᠪᠠᠰᠠ ᠠᠳᠠᠯᠢ ᠪᠤᠰᠤ ᠬᠡᠮᠵᠢᠶ᠎ᠡ ᠪᠡᠷ  ᠣᠷᠤᠰᠢᠵᠤ ᠪᠠᠢᠨ᠎ᠠ ᠃

     ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ ᠪᠠᠰᠠ ᠬᠦᠷᠦᠯᠴᠡᠬᠦ ᠦᠭᠡᠢ ᠲᠠᠯ᠎ᠠ  ᠣᠷᠤᠰᠢᠵᠤ ᠪᠠᠢᠨ᠎ᠠ ᠃

     ᠣᠯᠠᠨ ᠲᠦᠮᠡᠨ ᠲᠡᠢ ᠨᠢᠭᠲᠠ ᠬᠠᠷᠢᠯᠴᠠᠬᠤ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠢᠨ᠎ᠠ ᠃

ᠭᠤᠷᠪᠠ ᠂ ᠳᠠᠷᠠᠭᠠᠴᠢ ᠶ᠋ᠢᠨ ᠠᠯᠬᠤᠮ ᠤ᠋ᠨ ᠴᠢᠷᠮᠠᠢᠬᠤ ᠴᠢᠭᠯᠡᠯ

     ᠣᠨᠣᠯ ᠤ᠋ᠨ ᠰᠤᠷᠤᠯᠴᠠᠯᠭ᠎ᠠ ᠶ᠋ᠢ ᠤᠯᠠᠮ ᠴᠢᠩᠭᠠᠳᠭᠠᠵᠤ ᠃

     ᠨᠠᠮᠴᠢ ᠴᠢᠨᠠᠷ ᠤ᠋ᠨ ᠪᠣᠯᠪᠠᠰᠤᠷᠠᠯ ᠢ᠋ ᠤᠯᠠᠮ ᠳᠠᠪᠲᠠᠨ ᠪᠣᠯᠪᠠᠰᠤᠷᠠᠭᠤᠯᠤᠶ᠎ᠠ

     ᠵᠣᠷᠢᠯᠲᠠ ᠶ᠋ᠢᠨ ᠦᠵᠡᠯ ᠤᠬᠠᠮᠰᠠᠷ ᠢ᠋ ᠤᠯᠠᠮ ᠨᠢᠭᠡ ᠠᠯᠬᠤᠮ ᠪᠠᠲᠤ ᠪᠡᠬᠢ ᠪᠣᠯᠭᠠᠵᠤ ᠃

ᠨᠠᠢ᠍ᠮᠠᠳᠤᠭᠠᠷ ᠨᠠᠮ ᠤ᠋ᠨ ᠡᠭᠦᠷ ᠦ᠋ᠨ ᠱᠦᠵᠢ

ᠪᠢᠶᠠᠨ  ᠰᠢᠶᠠᠤᠤ ᠶᠠᠨ

ᠨᠢᠭᠡ ᠂ ᠦᠨᠳᠦᠰᠦᠨ ᠪᠠᠢᠳᠠᠯ

     ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠢᠳᠡᠪᠬᠢᠲᠡᠢ ᠥᠷᠨᠢᠭᠦᠯᠵᠦ ᠂ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠲᠤᠰᠭᠠᠢ ᠰᠡᠳᠦᠪᠲᠦ ᠠᠮᠢᠳᠤᠷᠠᠯ ᠤ᠋ᠨ ᠬᠤᠷᠠᠯ ᠪᠠ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠭᠠᠢ ᠰᠤᠷᠤᠯᠴᠠᠯᠭ᠎ᠠ ᠶ᠋ᠢ ᠥᠷᠨᠢᠭᠦᠯᠦᠨ ᠂ ᠨᠠᠮ ᠤ᠋ᠨ ᠦᠨᠳᠦᠰᠦᠨ ᠱᠠᠲᠤᠨ ᠤ᠋ ᠵᠣᠬᠢᠶᠠᠨ ᠪᠠᠢᠭᠤᠯᠤᠯᠲᠠ ᠶ᠋ᠢᠨ ᠲᠣᠬᠢᠷᠠᠭᠤᠯᠤᠯᠲᠠ ᠪᠠ ᠠᠵᠢᠯᠯᠠᠭᠠᠨ ᠤ᠋ ᠬᠡᠯᠪᠡᠷᠢ ᠶ᠋ᠢᠨ ᠰᠢᠨ᠎ᠡ ᠶ᠋ᠢ ᠡᠭᠦᠳᠬᠦ ᠶ᠋ᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ ᠃

     ᠲᠤᠰᠭᠠᠢ ᠰᠡᠳᠦᠪᠲᠦ ᠬᠥᠮᠦᠵᠢᠯ ᠢ᠋ ᠰᠠᠢᠲᠤᠷ ᠠᠳᠭᠤᠵᠤ ᠂ ᠲᠤᠰᠭᠠᠢ ᠰᠡᠳᠦᠪᠲᠦ ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯ ᠤ᠋ᠨ ᠬᠤᠷᠠᠯ ᠂ ᠡᠭᠦᠷ ᠦ᠋ᠨ ᠱᠦᠵᠢ ᠶ᠋ᠢᠨ ᠨᠠᠮ ᠤ᠋ᠨ ᠬᠢᠴᠢᠶᠡᠯ ᠶᠠᠷᠢᠬᠤ ᠵᠡᠷᠭᠡ ᠠᠵᠢᠯᠯᠠᠭ᠎ᠠ ᠶ᠋ᠢ ᠥᠷᠨᠢᠭᠦᠯᠦᠨ᠎ᠡ ᠃ ᠰᠤᠷᠤᠯᠴᠠᠯᠭ᠎ᠠ ᠪᠠᠨ ᠴᠢᠩᠭᠠᠳᠭᠠᠵᠤ ᠂ ᠥᠪᠡᠷᠲᠡᠭᠡᠨ ᠪᠠᠢᠴᠠᠭᠠᠵᠤ ᠥᠪᠡᠷᠲᠡᠭᠡᠨ ᠵᠠᠯᠠᠷᠠᠭᠤᠯᠵᠤ ᠂ ᠰᠠᠢᠨ ᠰᠠᠢᠬᠠᠨ ᠲᠣᠭᠲᠠᠴᠠ ᠶ᠋ᠢ ᠪᠠᠢᠭᠤᠯᠪᠠ ᠃ ᠲᠤᠰ ᠪᠡᠶ᠎ᠡ ᠶ᠋ᠢᠨ ᠢ᠋ᠶ᠋ᠡᠨ ᠨᠠᠮ ᠤ᠋ᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠶ᠋ᠢᠨ ᠰᠤᠷᠤᠯᠴᠠᠬᠤ ᠴᠢᠳᠠᠪᠤᠷᠢ ᠶ᠋ᠢ ᠴᠢᠩᠭ᠋ᠠᠳᠬᠠᠵᠦ᠂  ᠥᠪᠡᠷ  ᠢ᠋ ᠪᠡᠨ ᠤᠷᠢᠳᠴᠢᠯᠠᠨ ᠰᠡᠷᠭᠡᠢᠯᠡᠬᠦ ᠶ᠋ᠢ ᠴᠢᠬᠤᠯᠠᠴᠢᠯᠠᠨ᠎ᠠ᠃

ᠬᠣᠶᠠᠷ᠂ ᠬᠦᠷᠦᠯᠴᠡᠬᠦ ᠥᠬᠡᠢ ᠲᠠᠯ᠎ᠠ ᠪᠠ ᠴᠢᠷᠮᠠᠢᠬᠤ ᠴᠢᠭᠯᠡᠯ

     ᠰᠢᠨ᠎ᠡ ᠮᠡᠳᠡᠯᠭᠡ  ᠰᠢᠨ᠎ᠡ  ᠤᠷ᠎ᠠ ᠮᠡᠷᠭᠡᠵᠢᠯ ᠢ᠋ ᠰᠤᠷᠴᠤ  ᠡᠵᠡᠮᠰᠢᠬᠦ  ᠲᠠᠯ᠎ᠠ ᠪᠠᠷ ᠬᠦᠷᠦᠯᠴᠡᠬᠦ ᠦᠭᠡᠢ ᠂ ᠤᠳᠤᠷᠢᠳᠬᠤ ᠴᠢᠳᠠᠪᠤᠷᠢ ᠪᠠ ᠡᠵᠡᠮᠳᠡᠬᠦ ᠬᠢᠷᠢ ᠬᠡᠮᠵᠢᠶ᠎ᠡ ᠪᠡᠨ ᠪᠠᠰᠠ  ᠳᠡᠭᠡᠭᠰᠢᠯᠡᠭᠦᠯᠬᠦ  ᠴᠢᠬᠤᠯᠠᠲᠠᠢ ᠪᠠᠢᠨ᠎ᠠ ᠃  ᠬᠤᠢᠰᠢᠲᠠ ᠶ᠋ᠢᠨ ᠠᠵᠢᠯ ᠤ᠋ᠨ ᠳᠤᠮᠳᠠ ᠠᠮᠵᠢᠯᠲᠠ ᠪᠠᠨ ᠪᠠᠳᠠᠷᠠᠭᠤᠯᠵᠤ ᠂ ᠬᠦᠷᠦᠯᠴᠡᠬᠦ ᠦᠭᠡᠢ ᠲᠠᠯ᠎ᠠ ᠪᠠᠨ ᠵᠠᠯᠠᠷᠠᠭᠤᠯᠵᠤ ᠂ ᠰᠠᠨᠠᠭᠠᠴᠢᠯᠠᠭ᠎ᠠ ᠠ᠋ᠴᠠ ᠪᠠᠨ ᠰᠤᠷᠤᠯᠴᠠᠯᠭ᠎ᠠ ᠪᠠᠨ ᠴᠢᠩᠭᠠᠳᠭᠠᠨ ᠂ ᠲᠤᠰ ᠪᠡᠶ᠎ᠡ ᠶ᠋ᠢᠨ ᠬᠢᠷᠢ ᠬᠡᠮᠵᠢᠶ᠎ᠡ ᠪᠡᠨ ᠴᠢᠷᠮᠠᠢᠨ ᠳᠡᠭᠡᠭᠰᠢᠯᠡᠭᠦᠯᠵᠦ᠂ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠶ᠋ᠢ ᠨᠡᠩ ᠴᠢᠬᠤᠯᠠᠴᠢᠯᠠᠵᠤ ᠂ ᠰᠠᠢᠨ ᠰᠠᠢᠬᠠᠨ ᠳᠦᠷᠢ ᠲᠦᠷᠬᠦ ᠶ᠋ᠢ ᠪᠣᠢ ᠪᠣᠯᠭᠠᠬᠤ ᠬᠡᠷᠡᠭᠲᠡᠢ ᠃

 

ᠠᠷᠪᠠᠳᠤᠭᠠᠷ ᠨᠠᠮ ᠤ᠋ᠨ ᠡᠭᠦᠷ ᠦ᠋ᠨ ᠱᠦᠵᠢ

ᠡᠠᠭᠣᠯᠠ

ᠨᠢᠭᠡ ᠂ ᠠᠵᠢᠯ ᠢ᠋ᠶ᠋ᠠᠨ ᠥᠷᠨᠢᠭᠦᠯᠦᠭᠰᠡᠨ ᠪᠠᠢᠳᠠᠯ ᠵᠢᠴᠢ ᠣᠯᠤᠭᠰᠠᠨ ᠠᠮᠵᠢᠯᠲᠠ ᠪᠦᠲᠦᠮᠵᠢ

     ᠦᠵᠡᠯ ᠰᠠᠨᠠᠭᠠᠨ ᠤ᠋ ᠪᠠᠢᠭᠤᠯᠤᠯᠲᠠ ᠪᠠᠨ ᠳᠣᠪᠣᠢᠯᠭᠠᠵᠤ ᠂ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠰᠤᠷᠤᠯᠴᠠᠯᠭ᠎ᠠ ᠬᠥᠮᠦᠵᠢᠯ ᠢ᠋ ᠬᠢᠨᠠᠮᠠᠭᠠᠢ ᠰᠠᠢᠲᠤᠷ ᠠᠳᠭᠤᠬᠤ ᠬᠡᠷᠡᠭᠲᠡᠢ ᠃

     ᠰᠤᠷᠲᠠᠯ ᠤ᠋ᠨ ᠪᠠᠢᠭᠤᠯᠤᠯᠲᠠ ᠶ᠋ᠢ ᠰᠠᠢᠲᠤᠷ ᠠᠳᠭᠤᠵᠤ ᠂ ᠪᠠᠲᠤ ᠴᠢᠩᠭ᠎ᠠ ᠳᠠᠢᠴᠢᠨ ᠪᠡᠬᠢᠯᠡᠯᠲᠡ ᠪᠠᠢᠭᠤᠯᠬᠤ ᠬᠡᠷᠡᠭᠲᠡᠢ ᠃

     ᠵᠣᠬᠢᠶᠠᠨ ᠪᠠᠢᠭᠤᠯᠤᠯᠲᠠ ᠶ᠋ᠢᠨ ᠴᠣᠭᠴᠠᠯᠠᠯᠲᠠ ᠶ᠋ᠢ ᠲᠡᠭᠦᠯᠳᠡᠷᠵᠢᠭᠦᠯᠵᠦ ᠂ ᠺᠠᠲᠷ ᠤ᠋ᠨ ᠡᠩᠨᠡᠭᠡ ᠶ᠋ᠢ  ᠰᠢᠯᠭᠠᠬᠤ  ᠬᠡᠷᠡᠭᠲᠡᠢ᠃

     ᠦᠢᠯᠡᠴᠢᠯᠡᠭᠡᠨ ᠦ᠌ ᠬᠠᠮᠢᠶᠠᠷᠤᠯᠲᠠ ᠶ᠋ᠢᠨ ᠪᠠᠢᠭᠤᠯᠤᠯ ᠤ᠋ᠨ  ᠰᠢᠨ᠎ᠡ ᠶ᠋ᠢ ᠡᠭᠦᠳᠴᠦ ᠂ 《 ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ 》 ᠪᠠᠢᠭᠤᠯᠤᠯᠲᠠ ᠶ᠋ᠢ ᠲᠠᠰᠤᠷᠠᠯᠲᠠ ᠦᠭᠡᠢ ᠲᠦᠯᠬᠢᠨ ᠠᠬᠢᠭᠤᠯᠪᠠ ᠃

ᠬᠣᠶᠠᠷ ᠂ ᠣᠷᠤᠰᠢᠵᠤ ᠪᠠᠢᠭ᠎ᠠ ᠭᠣᠣᠯ ᠠᠰᠠᠭᠤᠳᠠᠯ

     ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠨᠠᠢᠳᠠᠪᠤᠷᠢᠵᠢᠭᠤᠯᠤᠯᠲᠠ ᠬᠦᠴᠦᠲᠡᠢ  ᠪᠢᠰᠢ ᠃

     ᠡᠩᠨᠡᠭᠡ ᠶ᠋ᠢᠨ ᠬᠡᠪ ᠴᠢᠨᠠᠷ  ᠢ᠋  ᠳᠡᠭᠡᠰᠢᠯᠡᠭᠦᠯᠵᠦ  ᠠᠳᠭᠤᠬᠤ ᠲᠠᠯ᠎ᠠ ᠪᠠᠷ ᠬᠦᠷᠦᠯᠴᠡᠬᠦ ᠦᠭᠡᠢ ᠪᠠᠢᠨ᠎ᠠ ᠃

     ᠰᠢᠨ᠎ᠡ ᠶ᠋ᠢ ᠡᠭᠦᠳᠬᠦ ᠠᠵᠢᠯ ᠢ᠋ ᠵᠥᠪᠬᠡᠨ ᠳᠣᠲᠣᠭᠠᠳᠤ ᠶ᠋ᠢᠨ ᠤᠬᠠᠭᠤᠯᠭ᠎ᠠ ᠬᠢᠵᠦ ᠂ ᠨᠠᠮ ᠤ᠋ᠨ ᠪᠠᠢᠭᠤᠯᠤᠯᠲᠠ ᠪᠠᠷ ᠲᠤᠬᠠᠢᠯᠠᠭᠰᠠᠨ ᠠᠵᠢᠯ ᠢ᠋ᠶ᠋ᠠᠨ ᠠᠬᠢᠭᠤᠯᠬᠤ ᠢᠳᠡᠪᠬᠢ ᠦᠢᠯᠡᠳᠦᠯ ᠭᠠᠷᠭᠠᠭᠰᠠᠨ ᠦᠭᠡᠢ ᠃

    ᠨᠠᠮ ᠤ᠋ᠨ ᠰᠤᠷᠲᠠᠯ  ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠶ᠋ᠢᠨ ᠦᠵᠡᠯ ᠰᠠᠨᠠᠭᠠᠨ ᠤ᠋ ᠲᠠᠨᠢᠯᠲᠠ ᠨᠢ ᠬᠦᠷᠦᠯᠴᠡᠬᠦ ᠦᠭᠡᠢ ᠪᠠᠢᠵᠤ ᠂ 《 ᠨᠠᠮ ᠤ᠋ᠨ ᠰᠤᠷᠲᠠᠯ  ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠪᠣᠯ ᠵᠥᠪᠬᠡᠨ ᠨᠠᠮ ᠤ᠋ᠨᠭᠡᠰᠢᠭᠦᠨ ᠪᠤᠰᠤ ᠺᠠᠲᠷ  ᠴᠠᠭᠳᠠᠭ᠎ᠠ ᠶ᠋ᠢᠨ ᠠᠵᠢᠯ ᠮᠥᠨ ᠂ ᠨᠠᠮ ᠤ᠋ᠨ  ᠭᠡᠰᠢᠭᠦᠨ ᠪᠤᠰᠤ ᠺᠠᠲᠷ ᠴᠠᠭᠳᠠᠭ ᠎ᠠ ᠲᠠᠢ ᠬᠣᠯᠪᠣᠭᠳᠠᠯ ᠦᠭᠡᠢ 》 ᠭᠡᠬᠦ ᠵᠡᠷᠭᠡ ᠦᠵᠡᠯ ᠰᠠᠨᠠᠭᠠᠨ ᠤ᠋ ᠲᠠᠨᠢᠯᠲᠠ  ᠣᠷᠤᠰᠢᠵᠤ ᠪᠠᠢᠨ᠎ᠠ ᠃

ᠭᠤᠷᠪᠠ ᠂  ᠬᠤᠢᠰᠢᠲᠠ ᠶ᠋ᠢᠨ ᠠᠵᠢᠯ ᠤ᠋ᠨ ᠰᠡᠳᠭᠢᠴᠡ ᠪᠣᠯᠤᠨ ᠭᠣᠣᠯ ᠠᠷᠭ᠎ᠠ ᠬᠡᠮᠵᠢᠶ᠎ᠡ ᠃

     ᠰᠤᠷᠤᠯᠴᠠᠯᠭ᠎ᠠ ᠪᠠᠨ ᠴᠢᠩᠭᠠᠳᠭᠠᠨ ᠂ ᠡᠣᠯᠣᠰ  ᠲᠥᠷᠦ ᠶ᠋ᠢᠨ ᠵᠣᠭᠰᠣᠴᠠ ᠪᠠᠨ  ᠳᠡᠭᠡᠭᠰᠢᠯᠡᠭᠦᠯᠦᠨ᠎ᠡ ᠃

     ᠨᠠᠮ ᠤ᠋ᠨ ᠶᠠᠪᠤᠳᠠᠯ ᠤ᠋ᠨ ᠬᠠᠮᠢᠶᠠᠷᠤᠯᠲᠠ ᠶ᠋ᠢ ᠵᠢᠷᠤᠮᠵᠢᠭᠤᠯᠵᠤ᠂ ᠡᠭᠦᠷ ᠦ᠋ᠨ ᠪᠠᠢᠭᠤᠯᠤᠯᠲᠠ ᠶ᠋ᠢᠨ ᠪᠠᠷᠢᠮᠵᠢᠶᠠᠵᠢᠭᠤᠯᠤᠯᠲᠠ ᠶ᠋ᠢ ᠬᠦᠴᠦᠯᠡᠨ ᠠᠬᠢᠭᠤᠯᠵᠠᠢ ᠃

     ᠵᠠᠷᠭᠤ ᠶ᠋ᠢᠨ ᠦᠢᠯᠡᠴᠢᠯᠡᠭᠡᠨ ᠦ᠌ ᠬᠢᠷᠢ  ᠲᠦᠪᠰᠢᠨ ᠢ᠋ᠶ᠋ᠡᠨ  ᠳᠡᠭᠡᠭᠰᠢᠯᠡᠭᠦᠯᠵᠦ ᠂ ᠠᠷᠠᠳ ᠤ᠋ᠨ ᠲᠥᠯᠥᠭᠡ ᠬᠠᠤᠯᠢ ᠪᠠᠷᠢᠬᠤ ᠣᠢᠯᠠᠭᠠᠭᠳᠠᠬᠤᠨ ᠢ᠋ ᠦᠢᠯᠡᠳᠦᠯᠭᠡᠵᠢᠭᠦᠯᠪᠡ ᠃

ᠠᠷᠪᠠᠨ ᠬᠣᠶᠠᠳᠤᠭᠠᠷ ᠨᠠᠮ ᠤ᠋ᠨ ᠡᠭᠦᠷ ᠦ᠋ᠨ ᠱᠦᠵᠢ

ᠯᠢ ᠭᠦᠸᠧ ᠴᠢᠩ

ᠨᠢᠭᠡ ᠂ ᠨᠠᠮ ᠤ᠋ᠨ ᠡᠭᠦᠷ ᠦ᠋ᠨ ᠱᠦᠵᠢ ᠶ᠋ᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠢᠳᠠᠯ

     ᠨᠠᠮ ᠤ᠋ᠨ ᠭᠡᠰᠢᠭᠦᠳ ᠦ᠋ᠨ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠭᠠᠵᠤ ᠂ ᠨᠠᠮ ᠤ᠋ᠨ ᠭᠡᠰᠢᠭᠦᠳ ᠦ᠋ᠨ ᠪᠦᠬᠦᠯᠢ ᠴᠣᠭᠴᠠ ᠶ᠋ᠢᠨ ᠬᠡᠪ ᠴᠢᠨᠠᠷ ᠢ᠋  ᠳᠡᠭᠡᠭᠰᠢᠯᠡᠭᠦᠯᠦᠨ᠎ᠡ  ᠃

     ᠨᠠᠮ ᠤ᠋ᠨ ᠳᠣᠲᠣᠭᠠᠳᠤ ᠶ᠋ᠢᠨ ᠠᠷᠠᠳᠴᠢᠯᠠᠯ ᠤ᠋ᠨ ᠪᠠᠢᠭᠤᠯᠤᠯᠲᠠ ᠶ᠋ᠢᠨ ᠳᠦᠷᠢᠮ ᠢ᠋ ᠢᠳᠡᠪᠬᠢᠲᠡᠢ ᠪᠡᠷ ᠲᠦᠯᠬᠢᠨ ᠠᠬᠢᠭᠤᠯᠵᠤ ᠂ ᠨᠠᠮ ᠤ᠋ᠨ ᠠᠵᠢᠯ ᠢ᠋ ᠢᠯᠡ ᠪᠣᠯᠭᠠᠬᠤ ᠳᠦᠷᠢᠮ ᠢ᠋ ᠶᠡᠬᠡᠪᠡᠷ ᠶᠠᠪᠤᠭᠤᠯᠵᠤ ᠂ ᠠᠵᠢᠯ ᠠ᠋ᠴᠠ ᠪᠠᠨ ᠰᠠᠯᠵᠤ ᠠᠮᠠᠷᠠᠭᠰᠠᠨ ᠪᠠ ᠨᠠᠰᠤᠨ ᠤ᠋ ᠠᠮᠠᠷᠠᠯᠲᠠ ᠠᠪᠤᠭᠰᠠᠨ ᠨᠠᠮ ᠤ᠋ᠨ  ᠭᠡᠰᠢᠭᠦᠨ ᠨᠢᠭᠡᠪᠦᠷᠢ ᠶ᠋ᠢᠨ ᠨᠠᠮ ᠤ᠋ᠨ ᠳᠣᠲᠣᠭᠠᠳᠤ ᠶ᠋ᠢᠨ ᠬᠡᠷᠡᠭ ᠶᠠᠪᠤᠳᠠᠯ ᠳ᠋ᠤ᠌ ᠥᠷᠭᠡᠨ ᠢ᠋ᠶ᠋ᠡᠷ ᠣᠷᠣᠯᠴᠠᠬᠤ ᠪᠠ ᠪᠦᠲᠦᠮᠵᠢᠲᠡᠢ ᠬᠢᠨᠠᠯᠲᠠ ᠲᠠᠯᠪᠢᠬᠤ ᠶ᠋ᠢ ᠪᠠᠲᠤᠯᠠᠪᠠ ᠃

      ᠠᠵᠢᠯ ᠠ᠋ᠴᠠ ᠪᠠᠨ  ᠲᠦᠷ  ᠬᠠᠯᠠᠭᠳᠠᠭᠰᠠᠨ ᠠᠵᠢᠯ ᠠ᠋ᠴᠠ ᠪᠠᠨ ᠠᠮᠠᠷᠠᠭᠰᠠᠨ ᠨᠠᠮ ᠤ᠋ᠨ  ᠭᠡᠰᠢᠭᠦᠨ ᠦ᠌ ᠠᠮᠢᠳᠤᠷᠠᠯ ᠤ᠋ᠨ ᠪᠠᠢᠳᠠᠯ ᠢ᠋ ᠴᠠᠭ ᠲᠤᠬᠠᠢ ᠳ᠋ᠤ᠌ ᠨᠢ ᠣᠢᠯᠠᠭᠠᠬᠤ  ᠬᠡᠷᠡᠭᠲᠡᠢ ᠃

ᠬᠣᠶᠠᠷ ᠂  ᠣᠷᠤᠰᠢᠵᠤ ᠪᠠᠢᠭ᠎ᠠ ᠭᠣᠣᠯ ᠠᠰᠠᠭᠤᠳᠠᠯ ᠪᠠ  ᠰᠢᠯᠲᠠᠭᠠᠨ

     ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠶ᠋ᠢ ᠠᠳᠭᠤᠬᠤ ᠲᠠᠯ᠎ᠠ ᠪᠠᠷ ᠪᠠᠰᠠ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ  ᠣᠷᠤᠰᠢᠵᠤ  ᠪᠠᠢᠨ᠎ᠠ ᠃

     ᠨᠠᠮ ᠤ᠋ᠨ ᠡᠭᠦᠷ ᠦ᠋ᠨ ᠵᠣᠬᠢᠶᠠᠨ ᠪᠠᠢᠭᠤᠯᠤᠯᠲᠠ ᠶ᠋ᠢᠨ ᠪᠠᠭ ᠤ᠋ᠨ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠠᠳᠭᠤᠬᠤ ᠡᠭᠦᠷᠭᠡ ᠬᠠᠷᠢᠭᠤᠴᠠᠯᠭ᠎ᠠ ᠶ᠋ᠢ ᠭᠦᠢᠴᠡᠳᠭᠡᠬᠦ ᠶ᠋ᠢ ᠬᠢᠨᠠᠨ ᠵᠢᠯᠣᠭᠣᠳᠤᠭᠰᠠᠨ ᠲᠠᠯ᠎ᠠ ᠪᠠᠷ ᠴᠢᠩᠭ᠎ᠠ  ᠪᠢᠰᠢ᠂ ᠦᠨᠳᠦᠰᠦᠨ ᠱᠠᠲᠤᠨ ᠤ᠋ ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯ ᠢ᠋ ᠥᠷᠨᠢᠭᠦᠯᠦᠭᠰᠡᠨ ᠪᠠᠢᠳᠠᠯ  ᠬᠢᠨᠠᠨ ᠬᠠᠮᠢᠶᠠᠷᠤᠯᠲᠠ ᠨᠢ ᠰᠤᠯᠠ ᠪᠠᠢᠵᠤ᠂ ᠡᠭᠦᠷ ᠦ᠋ᠨ ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯ ᠨᠢ ᠲᠡᠭᠦᠯᠳᠡᠷ ᠪᠤᠰᠤ ᠪᠠᠢᠨ᠎ᠠ᠃

ᠭᠤᠷᠪᠠ ᠂ ᠳᠠᠷᠠᠭᠠᠴᠢ ᠶ᠋ᠢᠨ ᠠᠯᠬᠤᠮ ᠤ᠋ᠨ ᠠᠵᠢᠯ ᠤ᠋ᠨ ᠰᠡᠳᠭᠢᠴᠡ ᠪᠠ ᠭᠣᠣᠯ ᠠᠷᠭ᠎ᠠ ᠬᠡᠮᠵᠢᠶ᠎ᠡ

     ᠲᠤᠰᠢᠶᠠᠯ  ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ ᠂ 《 ᠨᠢᠭᠡᠳᠦᠭᠡᠷ  ᠬᠠᠷᠢᠭᠤᠴᠠᠭᠴᠢ 》 ᠶ᠋ᠢᠨ ᠬᠠᠷᠢᠭᠤᠴᠠᠯᠭ᠎ᠠ ᠶ᠋ᠢ ᠪᠦᠬᠦ ᠲᠠᠯ᠎ᠠ ᠪᠠᠷ ᠨᠠᠢᠳᠠᠪᠤᠷᠢᠵᠢᠭᠤᠯᠪᠠ ᠃

     ᠣᠳᠣᠨ ᠳᠡᠰ ᠦ᠋ᠨ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠦᠨᠡᠯᠡᠨ ᠲᠣᠭᠲᠠᠭᠠᠬᠤ ᠠᠵᠢᠯᠯᠠᠭ᠎ᠠ ᠶ᠋ᠢ ᠰᠠᠢᠲᠤᠷ ᠠᠳᠭᠤᠵᠤ ᠂ ᠡᠭᠦᠷ ᠦ᠋ᠨ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠠᠮᠢᠵᠢᠷᠠᠯ ᠤ᠋ᠨ ᠬᠦᠴᠦᠨ ᠢ᠋  ᠳᠡᠭᠡᠭᠰᠢᠯᠡᠭᠦᠯᠦᠶ᠎ᠡ᠃

     ᠠᠵᠢᠯ ᠠ᠋ᠴᠠ ᠪᠠᠨ ᠰᠠᠯᠵᠤ ᠠᠮᠠᠷᠠᠭᠰᠠᠨ ᠪᠠ ᠠᠵᠢᠯ ᠠ᠋ᠴᠠ ᠪᠠᠨ ᠪᠠᠭᠤᠵᠤ ᠠᠮᠠᠷᠠᠭᠰᠠᠨ ᠨᠠᠮ ᠤ᠋ᠨ  ᠭᠡᠰᠢᠭᠦᠳ  ᠢ᠋ ᠠᠩᠬᠠᠷᠤᠨ ᠬᠠᠯᠠᠮᠵᠢᠯᠠᠵᠤ ᠂ ᠠᠵᠢᠯ ᠠ᠋ᠴᠠ ᠪᠠᠨ ᠰᠠᠯᠵᠤ ᠠᠮᠠᠷᠠᠭᠰᠠᠨ ᠪᠠ ᠠᠵᠢᠯ ᠠ᠋ᠴᠠ ᠪᠠᠨ ᠪᠠᠭᠤᠵᠤ ᠠᠮᠠᠷᠠᠭᠰᠠᠨ ᠨᠠᠮ ᠤ᠋ᠨ  ᠭᠡᠰᠢᠭᠦᠨ ᠦ᠌ ᠠᠮᠢᠳᠤᠷᠠᠯ ᠤ᠋ᠨ ᠬᠦᠴᠢᠷᠳᠡᠯ ᠢ᠋ ᠴᠠᠭ ᠲᠤᠬᠠᠢ ᠳ᠋ᠤᠨᠢ  ᠰᠢᠢᠳᠪᠦᠷᠢᠯᠡᠪᠡ  ᠃

ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠠᠢ ᠹᠧᠢ

     ᠠᠵᠢᠯ ᠢ᠋ᠶ᠋ᠠᠨ ᠲᠣᠭᠠᠴᠢᠬᠤ ᠶ᠋ᠢ ᠰᠣᠨᠣᠰᠤᠭᠠᠳ ᠂ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠠᠢ ᠹᠧᠢ ᠡᠯ᠎ᠡ ᠡᠭᠦᠷ ᠦ᠋ᠨ ᠱᠦᠵᠢ ᠶ᠋ᠢᠨ  ᠲᠤᠰᠢᠶᠠᠯ ᠤ᠋ᠨ ᠬᠠᠷᠢᠭᠤ ᠮᠡᠳᠡᠭᠦᠯᠦᠭᠰᠡᠨ ᠪᠠᠢᠳᠠᠯ ᠳ᠋ᠤ᠌ ᠦᠨᠡᠯᠡᠯᠲᠡ ᠬᠢᠵᠦ ᠂ ᠡᠯ᠎ᠡ ᠨᠠᠮ ᠤ᠋ᠨ ᠡᠭᠦᠷ ᠦ᠋ᠨ ᠨᠢᠭᠡ ᠵᠢᠯ ᠦ᠋ᠨ ᠲᠤᠷᠰᠢᠬᠢ ᠠᠵᠢᠯ ᠤ᠋ᠨ ᠠᠮᠵᠢᠯᠲᠠ ᠶ᠋ᠢ ᠨᠤᠲᠠᠯᠠᠭᠰᠠᠨ ᠪᠥᠭᠡᠳ 2020 ᠣᠨ ᠤ᠋ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠨᠠᠮ ᠤ᠋ᠨ ᠪᠠᠢᠭᠤᠯᠤᠯᠲᠠ ᠶ᠋ᠢᠨ ᠠᠵᠢᠯ ᠳ᠋ᠤ᠌ ᠲᠠᠪᠤᠨ ᠵᠦᠢᠯ ᠦ᠋ᠨ ᠠᠵᠢᠯ ᠤ᠋ᠨ ᠱᠠᠭᠠᠷᠳᠠᠯᠭ᠎ᠠ ᠳᠤᠷᠠᠳᠴᠠᠢ ᠄

      1. ᠡᠯ᠎ᠡ ᠨᠠᠮ ᠤ᠋ᠨ ᠡᠭᠦᠷ ᠦ᠋ᠨ ᠱᠦᠵᠢ ᠶ᠋ᠢᠨ ᠲᠠᠨᠢᠯᠲᠠ ᠪᠠᠨ ᠴᠢᠩᠭᠠᠳᠭᠠᠵᠤ ᠂ ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠶ᠋ᠢ ᠰᠠᠢᠲᠤᠷ ᠠᠳᠭᠤᠬᠤ ᠬᠠᠷᠢᠭᠤᠴᠠᠯᠭᠠᠲᠤ ᠰᠡᠳᠭᠢᠯᠭᠡ ᠪᠠ ᠲᠤᠯᠭᠠᠮ᠎ᠠ ᠰᠡᠳᠭᠢᠯᠭᠡ ᠪᠡᠨ ᠦᠨᠡᠨ ᠬᠦ᠌ ᠴᠢᠩᠭᠠᠳᠭᠠᠵᠤ ᠂ ᠨᠠᠮ ᠤ᠋ᠨ ᠡᠭᠦᠷ ᠦ᠋ᠨ ᠱᠦᠵᠢ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠨᠢᠭᠡᠳᠦᠭᠡᠷ ᠬᠠᠷᠢᠭᠤᠴᠠᠯᠭᠠᠲᠠᠨ ᠤ᠋ ᠡᠭᠦᠷᠭᠡ ᠬᠠᠷᠢᠭᠤᠴᠠᠯᠭ᠎ᠠ ᠪᠠᠨ ᠰᠠᠢᠲᠤᠷ ᠭᠦᠢᠴᠡᠳᠭᠡᠬᠦ ᠬᠡᠷᠡᠭᠲᠡᠢ ᠃ ᠨᠠᠮ ᠤ᠋ᠨ ᠪᠠᠢᠭᠤᠯᠤᠯᠲᠠ ᠶ᠋ᠢ ᠠᠳᠭᠤᠵᠤ ᠂ ᠡᠯ᠎ᠡ ᠵᠦᠢᠯ ᠦ᠋ᠨ ᠠᠵᠢᠯ ᠤ᠋ᠨ ᠰᠠᠢᠨ ᠰᠠᠢᠬᠠᠨ ᠬᠥᠭᠵᠢᠯᠲᠦ ᠶ᠋ᠢ ᠠᠬᠢᠭᠤᠯᠬᠤ ᠪᠠᠢᠳᠠᠯ ᠢ᠋ ᠴᠢᠷᠮᠠᠢᠨ ᠪᠦᠷᠢᠯᠳᠦᠭᠦᠯᠬᠦ ᠬᠡᠷᠡᠭᠲᠡᠢ ᠃

      2. ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠶ᠋ᠢ ᠰᠠᠢᠲᠤᠷ ᠠᠳᠭᠤᠬᠤ  ᠰᠢᠨ᠎ᠡ ᠵᠠᠮ ᠢ᠋ ᠤᠯᠠᠮ ᠨᠢᠭᠡ ᠠᠯᠬᠤᠮ ᠡᠷᠢᠵᠦ ᠂ ᠨᠠᠮ ᠤ᠋ᠨ ᠡᠭᠦᠷ ᠦ᠋ᠨ ᠱᠦᠵᠢ ᠶ᠋ᠢᠨ ᠳᠠᠭᠠᠭᠤᠯᠤᠨ ᠵᠢᠱ᠌ᠢᠶ᠎ᠡ ᠦᠵᠡᠭᠦᠯᠬᠦ ᠦᠢᠯᠡᠳᠦᠯ ᠢ᠋ ᠪᠠᠳᠠᠷᠠᠭᠤᠯᠵᠤ ᠂ ᠨᠠᠮ ᠤ᠋ᠨ ᠪᠠᠢᠭᠤᠯᠤᠯᠲᠠ ᠶ᠋ᠢ ᠠᠳᠭᠤᠵᠤ ᠠᠩᠭᠢ ᠳᠠᠭᠠᠭᠤᠯᠤᠨ ᠪᠠᠢᠭᠤᠯᠬᠤ ᠶ᠋ᠢ ᠳᠠᠢᠴᠢᠯᠠᠬᠤ ᠂  ᠰᠢᠭᠦᠨ ᠲᠠᠰᠤᠯᠬᠤ ᠠᠵᠢᠯ ᠤ᠋ᠨ ᠰᠡᠳᠭᠢᠴᠡ ᠶᠣᠰᠣᠭᠠᠷ ᠂ 《 ᠬᠣᠶᠠᠷ ᠢ᠋ ᠰᠤᠷᠤᠯᠴᠠᠵᠤ ᠬᠢᠷᠢ ᠲᠡᠩᠴᠡᠭᠰᠡᠨ ᠨᠠᠮ ᠤ᠋ᠨ ᠭᠡᠰᠢᠭᠦᠨ ᠪᠣᠯᠬᠤ 》  ᠶ᠋ᠢ ᠪᠠᠢᠩᠭᠤᠵᠢᠭᠤᠯᠤᠨ ᠳᠦᠷᠢᠮᠵᠢᠭᠦᠯᠬᠦ ᠶ᠋ᠢ ᠦᠷᠭᠦᠯᠵᠢᠯᠡᠨ ᠭᠦᠨᠵᠡᠭᠡᠢ ᠠᠬᠢᠭᠤᠯᠵᠤ ᠂ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠪᠠᠷ ᠲᠦᠷᠦᠭᠦᠯᠡᠭᠦᠯᠵᠦ ᠂ ᠬᠦᠰᠡᠯᠡᠩ ᠢᠲᠡᠭᠡᠯ ᠵᠣᠷᠢᠭ ᠢ᠋ᠶ᠋ᠠᠨ ᠪᠠᠲᠤᠳᠭᠠᠬᠤ ᠪᠠᠷ ᠵᠣᠷᠢᠯᠲᠠ ᠪᠣᠯᠭᠠᠨ ᠂  ᠰᠢᠨ᠎ᠡ ᠴᠠᠭ ᠦᠶ᠎ᠡ ᠶ᠋ᠢᠨ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠲᠠᠰᠤᠷᠠᠯᠲᠠ ᠦᠭᠡᠢ ᠭᠦᠨᠵᠡᠭᠡᠢᠷᠡᠭᠦᠯᠬᠦ ᠬᠡᠷᠡᠭᠲᠡᠢ ᠃

      3. ᠨᠠᠮ ᠤ᠋ᠨ ᠭᠡᠰᠢᠭᠦᠨ ᠦ᠌ ᠰᠤᠷᠭᠠᠨ ᠬᠥᠮᠦᠵᠢᠯ ᠢ᠋ ᠤᠯᠠᠮ ᠨᠢᠭᠡ ᠠᠯᠬᠤᠮ ᠰᠠᠢᠲᠤᠷ ᠠᠳᠭᠤᠵᠤ ᠂ 《 ᠭᠤᠷᠪᠠᠨ ᠬᠤᠷᠠᠯ ᠨᠢᠭᠡ ᠬᠢᠴᠢᠶᠡᠯ 》 ᠦ᠋ᠨ ᠳᠦᠷᠢᠮ ᠢ᠋ᠶ᠋ᠡᠷ  ᠲᠦᠰᠢᠭ ᠪᠣᠯᠭᠠᠨ ᠂ ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠪᠠᠷ ᠭᠠᠷᠳᠠᠴᠠ ᠪᠣᠯᠭᠠᠵᠤ ᠂  ᠰᠢ ᠵᠢᠨ ᠫᠢᠩ ᠦ᠋ᠨ  ᠰᠢᠨ᠎ᠡ  ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠵᠤ ᠂ ᠬᠡᠪ ᠴᠢᠨᠠᠷ ᠢ᠋ᠶ᠋ᠠᠨ ᠴᠢᠷᠮᠠᠢᠨ  ᠳᠡᠭᠡᠭᠰᠢᠯᠡᠭᠦᠯᠵᠦ᠂ ᠡᠯ᠎ᠡ ᠡᠭᠦᠷ ᠨᠢ ᠠᠵᠢᠯ ᠤ᠋ᠨ ᠰᠤᠷᠤᠯᠴᠠᠬᠤ ᠨᠠᠷᠢᠨ ᠨᠢᠮᠪᠠᠢ ᠲᠥᠯᠥᠪᠯᠡᠭᠡ ᠲᠣᠭᠲᠠᠭᠠᠵᠤ ᠂ ᠬᠠᠷᠢᠭᠤᠴᠠᠯᠭ᠎ᠠ ᠪᠠᠨ ᠬᠥᠮᠦᠨ ᠳ᠋ᠦ᠍ ᠬᠦᠷᠲᠡᠯ᠎ᠡ ᠨᠠᠢᠳᠠᠪᠤᠷᠢᠵᠢᠭᠤᠯᠵᠤ ᠂ ᠬᠠᠨᠳᠤᠯᠭᠠᠲᠤ ᠴᠢᠨᠠᠷᠲᠠᠢ ᠪᠠᠷ ᠥᠷᠨᠢᠭᠦᠯᠬᠦ ᠬᠡᠷᠡᠭᠲᠡᠢ ᠃

     4. ᠣᠯᠠᠨ ᠵᠦᠢᠯ ᠦ᠋ᠨ ᠬᠡᠯᠪᠡᠷᠢ ᠶ᠋ᠢᠨ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠰᠤᠳᠤᠯᠤᠨ ᠶᠠᠷᠢᠯᠴᠠᠬᠤ ᠲᠣᠭᠲᠠᠴᠠ ᠶ᠋ᠢ ᠪᠠᠢᠭᠤᠯᠬᠤ ᠶᠠᠪᠤᠳᠠᠯ ᠢ᠋ ᠢᠳᠡᠪᠬᠢᠲᠡᠢ ᠪᠡᠷ ᠬᠠᠢᠨ ᠰᠦᠪᠡᠭᠴᠢᠯᠡᠵᠦ ᠂ ᠦᠵᠡᠯ ᠰᠠᠨᠠᠭ᠎ᠠ ᠲᠠᠨᠢᠯᠲᠠ ᠶ᠋ᠢᠨ ᠠᠰᠠᠭᠤᠳᠠᠯ ᠢ᠋ ᠰᠤᠳᠤᠯᠤᠨ  ᠰᠢᠢᠳᠪᠦᠷᠢᠯᠡᠵᠦ ᠂ ᠨᠠᠮ ᠤ᠋ᠨ ᠪᠠᠢᠭᠤᠯᠤᠯᠲᠠ ᠶ᠋ᠢᠨ ᠠᠵᠢᠯ ᠪᠣᠯᠤᠨ ᠲᠤᠬᠠᠢᠯᠠᠭᠰᠠᠨ ᠠᠵᠢᠯ ᠤ᠋ᠨ ᠠᠵᠢᠯ ᠤ᠋ᠨ ᠬᠠᠷᠢᠯᠴᠠᠭ᠎ᠠ ᠪᠠᠰᠠ ᠨᠢᠭᠲᠠ  ᠪᠢᠰᠢ ᠪᠠᠢᠬᠤ ᠠᠰᠠᠭᠤᠳᠠᠯ ᠢ᠋  ᠰᠢᠢᠳᠪᠦᠷᠢᠯᠡᠵᠦ ᠂ ᠲᠡᠷᠢᠭᠦᠨ ᠦ᠌ ᠨᠡᠢᠲᠡᠯᠢᠭ ᠵᠢᠱ᠌ᠢᠶ᠎ᠡ ᠪᠡᠷ ᠥᠷᠭᠡᠨ ᠣᠯᠠᠨ ᠨᠠᠮ ᠤ᠋ᠨ ᠭᠡᠰᠢᠭᠦᠨ  ᠦ᠌ ᠠᠵᠢᠯ ᠤ᠋ᠨ ᠢᠳᠡᠪᠬᠢᠵᠢᠯ ᠢ᠋ ᠳᠠᠢᠴᠢᠯᠠᠵᠤ ᠂ ᠲᠡᠷᠢᠭᠦᠨ ᠦ᠌ ᠵᠠᠯᠠᠭᠤᠴᠤᠳ ᠢ᠋ ᠢᠳᠡᠪᠬᠢᠲᠡᠢ ᠪᠡᠷ ᠬᠥᠮᠦᠵᠢᠭᠦᠯᠵᠦ ᠂ ᠨᠠᠮ ᠤ᠋ᠨ ᠭᠡᠰᠢᠭᠦᠳ  ᠢ᠋ ᠥᠷᠭᠡᠨ ᠢ᠋ᠶ᠋ᠡᠷ ᠬᠥᠭᠵᠢᠭᠦᠯᠵᠦ ᠂  ᠰᠢᠯᠢᠳᠡᠭ ᠺᠠᠲᠷ  ᠴᠠᠭᠳᠠᠭ᠎ᠠ ᠶ᠋ᠢ ᠲᠡᠳᠡᠨ ᠠᠪᠴᠢᠷᠠᠬᠤ ᠬᠡᠷᠡᠭᠲᠡᠢ ᠃

      5 ᠂ ᠪᠠᠢᠭᠤᠯᠭ᠎ᠠ ᠶ᠋ᠢᠨ ᠨᠠᠮ ᠤ᠋ᠨ ᠬᠣᠷᠢᠶ᠎ᠠ ᠨᠠᠮ ᠤ᠋ᠨ ᠪᠠᠢᠭᠤᠯᠤᠯᠲᠠ ᠶ᠋ᠢᠨ ᠬᠥᠲᠥᠯᠦᠨ ᠳᠠᠭᠠᠭᠤᠯᠬᠤ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠭᠠᠵᠤ ᠂ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠬᠡᠯᠪᠡᠷᠢ ᠶ᠋ᠢᠨ  ᠰᠢᠨ᠎ᠡ ᠶ᠋ᠢ ᠡᠭᠦᠳᠴᠦ ᠂ ᠣᠶᠤᠨᠴᠢ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠰᠠᠢᠲᠤᠷ ᠬᠢᠵᠦ ᠂ ᠮᠡᠳᠡᠭᠡ ᠵᠠᠩᠬᠢ ᠵᠢᠯ ᠤ᠋ᠨ ᠦᠢᠯᠡᠳᠦᠯ ᠢ᠋ ᠨᠢ ᠪᠠᠳᠠᠷᠠᠭᠤᠯᠵᠤ ᠂ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ ᠦ᠋ᠨ ᠦᠷ᠎ᠡ ᠪᠦᠲᠦᠭᠡᠯ ᠢ᠋ ᠰᠠᠢᠲᠤᠷ ᠬᠡᠷᠡᠭᠯᠡᠵᠦ ᠂ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠳᠥᠷᠪᠡᠳᠦᠭᠡᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠵᠤ ᠤᠬᠠᠭᠤᠯᠤᠨ ᠂ ᠣᠳᠣᠬᠠᠨ ᠤ᠋ ᠨᠠᠮ ᠤ᠋ᠨ ᠪᠠᠢᠭᠤᠯᠤᠯᠲᠠ ᠶ᠋ᠢ ᠵᠥᠪ ᠣᠨᠣᠪᠴᠢᠲᠠᠢ  ᠡᠵᠡᠮᠰᠢᠬᠦ ᠬᠡᠷᠡᠭᠲᠡᠢ ᠃

ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠪᠠᠢᠭᠤᠯᠭ᠎ᠠ ᠶ᠋ᠢᠨ ᠨᠠᠮ ᠤ᠋ᠨ ᠬᠣᠷᠢᠶᠠᠨ ᠤ᠋ ᠲᠤᠰᠭᠠᠢ ᠱᠦᠵᠢ ᠸᠠᠩ ᡁᠢ ᠯᠠᠩ

     ᠡᠴᠦᠰ ᠲᠦ᠍ ᠂ ᠸᠠᠩ ᡁᠢ ᠯᠠᠩ ᠴᠢᠬᠤᠯᠠᠴᠢᠯᠠᠭᠰᠠᠨ ᠨᠢ ᠂ ᠡᠯ᠎ᠡ ᠨᠠᠮ ᠤ᠋ᠨ ᠡᠭᠦᠷ ᠦ᠋ᠨ ᠱᠦᠵᠢ ᠨᠢ  ᠣᠷᠤᠰᠢᠵᠤ ᠪᠠᠢᠭ᠎ᠠ ᠠᠰᠠᠭᠤᠳᠠᠯ ᠪᠠ  ᠰᠢᠯᠭᠠᠨ  ᠲᠣᠭᠲᠠᠭᠠᠭᠰᠠᠨ ᠪᠠᠢᠳᠠᠯ ᠳ᠋ᠤ᠌ ᠴᠢᠭᠯᠡᠭᠦᠯᠦᠨ ᠂ ᠴᠡᠭᠴᠡᠯᠡᠨ ᠰᠠᠢᠵᠢᠷᠠᠭᠤᠯᠬᠤ ᠲᠥᠰᠦᠯ ᠢ᠋ ᠬᠢᠨᠠᠮᠠᠭᠠᠢ ᠲᠣᠭᠲᠠᠭᠠᠵᠤ ᠂ ᠴᠡᠭᠴᠡᠯᠡᠨ ᠰᠠᠢᠵᠢᠷᠠᠭᠤᠯᠬᠤ ᠡᠬᠡ ᠳᠠᠩᠰᠠ ᠶ᠋ᠢ ᠪᠠᠢᠭᠤᠯᠵᠤ ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠶ᠋ᠢ ᠳᠠᠷᠠᠭ᠎ᠠ ᠵᠢᠯ ᠦ᠋ᠨ ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠲᠥᠯᠥᠪᠯᠡᠭᠡ ᠳ᠋ᠦ᠍ ᠣᠷᠣᠭᠤᠯᠬᠤ ᠬᠡᠷᠡᠭᠲᠡᠢ ᠃ ᠡᠨᠡ ᠤᠳᠠᠭᠠᠨ ᠤ᠋  ᠲᠤᠰᠢᠶᠠᠯ ᠤ᠋ᠨ ᠮᠡᠳᠡᠭᠦᠯᠦᠯᠲᠡ ᠶ᠋ᠢ ᠦᠨᠡᠯᠡᠨ ᠶᠠᠷᠢᠯᠴᠠᠬᠤ ᠶᠡᠬᠡ ᠬᠤᠷᠠᠯ ᠢ᠋ᠶ᠋ᠠᠷ  ᠰᠢᠨ᠎ᠡ ᠡᠬᠢᠯᠡᠯᠲᠡ ᠪᠣᠯᠭᠠᠵᠤ ᠂ ᠨᠡᠩ ᠬᠦᠴᠦᠷᠬᠡᠭ ᠤᠯᠤᠰ ᠲᠥᠷᠥ ᠶ᠋ᠢᠨ ᠤᠬᠠᠮᠰᠠᠷ ᠂ ᠨᠡᠩ ᠶᠡᠬᠡ ᠠᠵᠢᠯ ᠤ᠋ᠨ ᠡᠷᠴᠢᠮ ᠂ ᠨᠡᠩ ᠪᠣᠳᠠᠲᠠᠢ ᠠᠵᠢᠯ ᠤ᠋ᠨ ᠠᠷᠭ᠎ᠠ ᠬᠡᠮᠵᠢᠶ᠎ᠡ ᠪᠡᠷ ᠮᠠᠨ ᠤ᠋ ᠬᠣᠷᠢᠶᠠᠨ ᠤ᠋ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠨᠢᠭᠡᠨ  ᠰᠢᠨ᠎ᠡ ᠬᠡᠮᠵᠢᠶᠡᠨ ᠳ᠋ᠦ᠍ ᠬᠦᠷᠲᠡᠯ᠎ᠡ  ᠳᠡᠭᠡᠭᠰᠢᠯᠡᠭᠦᠯᠬᠦ  ᠪᠡᠷ ᠴᠢᠷᠮᠠᠢᠬᠤ ᠬᠡᠷᠡᠭᠲᠡᠢ ᠃

 

 

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )