ᠰᠦ᠍ ᠯᠢ ᠵᠢᠶᠦ᠋ᠨ ᠬᠢᠶ᠎ᠡ ᠪᠠᠭᠰᠢ ᠲᠣᠭᠣᠷᠢᠭ ᠤ᠋ᠨ  ᠰᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠵᠦ ᠵᠢᠭᠠᠨ  ᠵᠢᠯᠤᠭᠤᠳᠪᠠ
2020.03.11 ᠲᠣᠰ ᠥᠷᠲᠡᠭᠡᠨ ᠦ ᠨᠠᠢᠷᠠᠭᠤᠯᠤᠭᠴᠢ

      2 ᠰᠠᠷ᠎ᠠ ᠶ᠋ᠢᠨ 27 ᠤ᠋ ᠡᠳᠦᠷ ᠦ᠋ᠨ ᠦᠳᠡ ᠶ᠋ᠢᠨ ᠡᠮᠦᠨ᠎ᠡ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠬᠢᠶ᠎ᠡ  ᠪᠠᠭᠰᠢ ᠲᠣᠭᠣᠷᠢᠭ ᠤ᠋ᠨ ᠠᠷᠠᠳ ᠤ᠋ᠨ  ᠰᠢᠭᠦᠬᠦ ᠬᠣᠷᠢᠶᠠᠨ ᠳ᠋ᠤ᠌ ᠬᠦᠷᠴᠦ ᠪᠠᠢᠴᠠᠭᠠᠨ ᠰᠤᠳᠤᠯᠤᠨ ᠵᠢᠭᠠᠨ ᠵᠢᠯᠣᠭᠣᠳᠴᠤ ᠂ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠬᠢᠶ᠎ᠡ  ᠪᠠᠭᠰᠢ ᠲᠣᠭᠣᠷᠢᠭ ᠤ᠋ᠨ ᠨᠠᠮ ᠤ᠋ᠨ ᠬᠣᠷᠢᠶᠠᠨ ᠤ᠋ ᠱᠦᠵᠢ ᠶᠠᠩ ᠶᠦᠨ ᠂ ᠲᠣᠭᠣᠷᠢᠭ ᠤ᠋ᠨ ᠨᠠᠮ ᠤ᠋ᠨ ᠬᠣᠷᠢᠶᠠᠨ ᠤ᠋ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠱᠦᠵᠢ ᠡᠦ ᠶᠦᠨ ᠂ ᠲᠣᠭᠣᠷᠢᠭ ᠤ᠋ᠨ  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠤ᠋ ᠳᠠᠷᠤᠭ᠎ᠠ ᠯᠢ ᠵᠢᠩ ᠭᠦᠸᠧ ᠨᠠᠷ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠪᠡ ᠃ 

      ᠰᠦ᠍ ᠯᠢ ᠵᠢᠶᠦ᠋ᠨ ᠡᠩ ᠲᠡᠷᠢᠭᠦᠨ ᠳ᠋ᠦ᠍ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶ᠎ᠠ ᠶ᠋ᠢᠨ 《ᠨᠢᠭᠡ ᠥᠷᠲᠡᠭᠡ  ᠮᠠᠶᠢᠭ 》 ᠤ᠋ᠨ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠭᠣᠣ ᠯᠧ ᠴᠢ ᠶ᠋ᠢᠨ ᠵᠠᠷᠭᠤ ᠶ᠋ᠢᠨ ᠡᠶᠡᠳᠡᠭᠦᠯᠭᠡ ᠶ᠋ᠢ ᠵᠣᠯᠭᠠᠭᠤᠯᠬᠤ ᠲᠥᠪ ᠂ ᠭᠦᠢᠴᠡᠳᠭᠡᠬᠦ ᠬᠡᠷᠡᠭ ᠶᠠᠪᠤᠳᠠᠯ ᠤ᠋ᠨ ᠲᠥᠪ ᠂ ᠣᠯᠠᠨ ᠴᠢᠳᠠᠪᠬᠢᠲᠤ  ᠰᠢᠭᠦᠨ ᠲᠠᠰᠤᠯᠬᠤ  ᠰᠢᠭᠦᠬᠦ ᠲᠢᠩᠬᠢᠮ ᠂ ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ ᠵᠡᠷᠭᠡ ᠬᠢᠨᠠᠨ ᠭᠦᠢᠴᠡᠳᠭᠡᠬᠦ ᠠᠵᠢᠯᠯᠠᠬᠤ ᠲᠠᠯᠠᠪᠤᠷ ᠭᠠᠵᠠᠷ ᠢ᠋ ᠪᠠᠢᠴᠠᠭᠠᠨ ᠦᠵᠡᠵᠦ ᠂《 ᠣᠶᠤᠨᠴᠢ ᠡᠷᠡᠭᠦᠯ ᠮᠡᠨᠳᠦ ᠶ᠋ᠢᠨ ᠬᠠᠤᠯᠢ》 ᠶ᠋ᠢᠨ ᠪᠠᠷᠢᠮᠲᠠᠲᠤ ᠹᠢᠯᠢᠮ ᠢ᠋ ᠪᠠᠢᠴᠠᠭᠠᠨ ᠦᠵᠡᠭᠰᠡᠨ ᠦ᠌ ᠬᠠᠮᠲᠤ ᠠᠵᠢᠯᠲᠠᠨ ᠤ᠋ ᠲᠠᠨᠢᠯᠴᠠᠭᠤᠯᠭ᠎ᠠ ᠪᠠᠷ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶᠠᠨ ᠤ᠋ ᠬᠣᠶᠠᠷ 《  ᠨᠢᠭᠡ ᠯᠡ ᠥᠷᠲᠡᠭᠡᠨ ᠦ᠌ ᠬᠡᠯᠪᠡᠷᠢ 》  ᠶ᠋ᠢᠨ ᠪᠠᠢᠭᠤᠯᠤᠯᠲᠠ᠂ ᠣᠶᠤᠨᠴᠢ  ᠰᠢᠭᠦᠬᠦ ᠬᠣᠷᠢᠶᠠᠨ ᠤ᠋ ᠪᠠᠢᠭᠤᠯᠤᠯᠲᠠ ᠵᠢᠴᠢ ᠬᠢᠨᠠᠨ ᠭᠦᠢᠴᠡᠳᠭᠡᠬᠦ ᠠᠵᠢᠯ ᠤ᠋ᠨ ᠠᠵᠢᠯᠯᠠᠭᠠᠨ ᠤ᠋ ᠪᠠᠢᠳᠠᠯ ᠢ᠋ ᠪᠦᠬᠦ ᠲᠠᠯ᠎ᠠ ᠪᠠᠷ ᠣᠢᠯᠠᠭᠠᠵᠠᠢ ᠃ᠳᠠᠷᠠᠭ᠎ᠠ ᠨᠢ ᠂ ᠺᠠᠩ ᠹᠠ 《 ᠠᠶᠠᠨ ᠲᠡᠢᠨ 》 ᠪᠣᠯᠤᠨ 《 ᠴᠢ ᠬᠠᠩ 》 ᠳᠡᠯᠭᠡᠨ ᠦᠵᠡᠭᠦᠯᠬᠦ ᠲᠢᠩᠬᠢᠮ ᠢ᠋ ᠲᠣᠭᠣᠷᠢᠨ ᠦᠵᠡᠵᠦ ᠂ 《 ᠺᠠᠩ ᠹᠠ  ᠰᠢᠦᠸᠠᠨ 》 ᠨᠣᠮ ᠤ᠋ᠨ ᠰᠠᠩ ᠂ 《ᠺᠠᠩ ᠹᠠ  ᠬᠣᠰᠢᠭᠤᠴᠢ 》 ᠨᠠᠮ ᠤ᠋ᠨ ᠪᠠᠢᠭᠤᠯᠤᠯᠲᠠ ᠶ᠋ᠢᠨ ᠵᠢᠭᠰᠠᠭᠠᠯ ᠤ᠋ᠨ ᠭᠠᠵᠠᠷ ᠵᠡᠷᠭᠡ ᠶ᠋ᠢ ᠪᠠᠢᠴᠠᠭᠠᠨ ᠦᠵᠡᠭᠡᠳ ᠂ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶᠠᠨ ᠤ᠋ ᠰᠤᠷᠤᠯᠴᠠᠬᠤ ᠬᠡᠯᠪᠡᠷᠢ ᠶ᠋ᠢᠨ  ᠰᠢᠭᠦᠬᠦ ᠬᠣᠷᠢᠶᠠᠨ ᠤ᠋ ᠪᠠᠢᠭᠤᠯᠤᠯᠲᠠ ᠶ᠋ᠢ ᠴᠢᠩᠭᠠᠳᠭᠠᠵᠤ ᠂ ᠤᠯᠤᠰ ᠲᠥᠷᠥ ᠶ᠋ᠢ ᠡᠷᠬᠢᠮᠯᠡᠬᠦ ᠂ ᠨᠠᠮᠴᠢ ᠴᠢᠨᠠᠷ ᠢ᠋ ᠡᠷᠬᠢᠮᠯᠡᠬᠦ ᠂ ᠬᠠᠤᠯᠢ ᠴᠠᠭᠠᠵᠠ ᠶ᠋ᠢ ᠡᠷᠬᠢᠮᠯᠡᠬᠦ ᠂ ᠬᠠᠢᠷ᠎ᠠ ᠰᠡᠳᠭᠢᠯᠭᠡ ᠶ᠋ᠢ ᠡᠷᠬᠢᠮᠯᠡᠬᠦ  ᠰᠢᠭᠦᠬᠦ ᠬᠣᠷᠢᠶᠠᠨ ᠤ᠋ ᠰᠣᠶᠣᠯ ᠢ᠋ ᠭᠦᠢᠴᠡᠳ ᠨᠤᠲᠠᠯᠠᠭᠰᠠᠨ ᠪᠠᠢᠨ᠎ᠠ ᠃

      ᠶᠠᠷᠢᠯᠴᠠᠬᠤ ᠬᠤᠷᠠᠯ ᠳᠡᠭᠡᠷ᠎ᠡ ᠂ ᠯᠢ ᠵᠢᠩ ᠭᠦᠸᠧ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶᠠᠨ ᠤ᠋ ᠦᠨᠳᠦᠰᠦᠨ ᠪᠠᠢᠳᠠᠯ ᠂ ᠣᠢᠷ᠎ᠠ ᠶ᠋ᠢᠨ ᠬᠣᠶᠠᠷ ᠵᠢᠯ ᠦ᠋ᠨ ᠠᠵᠢᠯ ᠤ᠋ᠨ ᠦᠷ᠎ᠡ ᠪᠦᠲᠦᠮᠵᠢ ᠂  ᠣᠷᠤᠰᠢᠵᠤ ᠪᠠᠢᠭ᠎ᠠ ᠬᠦᠴᠢᠷᠳᠡᠯ ᠪᠠ ᠠᠰᠠᠭᠤᠳᠠᠯ ᠵᠢᠴᠢ ᠡᠨᠡ ᠵᠢᠯ ᠦ᠋ᠨ ᠠᠵᠢᠯ ᠤ᠋ᠨ ᠰᠡᠳᠭᠢᠴᠡ ᠪᠡᠨ ᠨᠠᠷᠢᠨ ᠲᠣᠳᠣᠷᠬᠠᠢ ᠬᠠᠷᠢᠭᠤ ᠮᠡᠳᠡᠭᠦᠯᠵᠡᠢ ᠃

      ᠬᠠᠷᠢᠭᠤ ᠮᠡᠳᠡᠭᠦᠯᠦᠯᠲᠡ ᠶ᠋ᠢ ᠰᠣᠨᠣᠰᠤᠭᠰᠠᠨ ᠤ᠋ ᠳᠠᠷᠠᠭ᠎ᠠ ᠂ ᠰᠦ᠍ ᠯᠢ ᠵᠢᠶᠦ᠋ᠨ ᠢᠯᠡᠷᠬᠡᠢᠯᠡᠬᠦ ᠳ᠋ᠡᠭᠡᠨ ᠂ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶ᠎ᠠ ᠫᠠᠢᠰᠠ ᠡᠯᠭᠦᠨ ᠪᠠᠢᠭᠤᠯᠤᠭᠳᠠᠭᠠᠳ ᠣᠬᠣᠷᠬᠠᠨ ᠬᠣᠶᠠᠷ ᠵᠢᠯ ᠬᠠᠭᠠᠰ ᠪᠣᠯᠵᠤ ᠂ ᠦᠭᠡᠢ ᠡᠴᠡ ᠪᠣᠯᠵᠤ ᠪᠠᠢᠬᠤ ᠲᠡᠦᠬᠡ ᠶ᠋ᠢᠨ ᠦᠰᠦᠷᠦᠯᠲᠡ ᠶ᠋ᠢ ᠥᠩᠭᠡᠷᠡᠭᠦᠯᠵᠦ ᠂ ᠤᠳᠤᠷᠢᠳᠬᠤ ᠪᠠᠭ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠪᠦᠬᠦ ᠺᠠᠲᠷ ᠴᠠᠭᠳᠠᠭ᠎ᠠ ᠵᠣᠷᠢᠭᠲᠠᠢ ᠬᠠᠷᠢᠭᠤᠴᠠᠯᠭ᠎ᠠ ᠡᠭᠦᠷᠭᠡᠯᠡᠵᠦ ᠂ ᠢᠳᠡᠪᠬᠢᠲᠡᠢ  ᠤᠷᠤᠭᠰᠢᠯᠠᠵᠤ ᠂ ᠡᠯ᠎ᠡ ᠵᠦᠢᠯ ᠦ᠋ᠨ ᠠᠵᠢᠯ ᠰᠠᠢᠨ ᠠᠮᠵᠢᠯᠲᠠ ᠣᠯᠵᠠᠢ ᠭᠡᠵᠡᠢ ᠃ ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠪᠠᠷ ᠳᠠᠮᠵᠢᠭᠤᠯᠤᠨ ᠂ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠠᠵᠢᠯ ᠳ᠋ᠤ᠌ ᠴᠣ  ᠰᠢᠨ᠎ᠡ ᠲᠥᠷᠥᠭᠳᠡᠯ ᠲᠡᠢ ᠪᠠᠢᠨ᠎ᠠ ᠄ ᠨᠢᠭᠡ ᠳ᠋ᠦ᠍ 《 ᠡᠶ᠎ᠡ ᠨᠠᠢᠷᠠᠮᠳᠠᠭᠤ 》 ᠶ᠋ᠢ ᠪᠠᠷᠢᠮᠲᠠᠯᠠᠵᠤ ᠂ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶ᠎ᠠ ᠡᠶ᠎ᠡ ᠵᠣᠬᠢᠴᠠᠯ ᠤ᠋ᠨ ᠠᠵᠢᠯ ᠤ᠋ᠨ ᠦᠵᠡᠯᠲᠡ ᠶ᠋ᠢ ᠪᠠᠷᠢᠮᠲᠠᠯᠠᠵᠤ ᠂ ᠨᠡᠢᠭᠡᠮ ᠦ᠋ᠨ ᠵᠠᠰᠠᠯᠲᠠ ᠶ᠋ᠢᠨ   ᠰᠢᠨ᠎ᠡ ᠶ᠋ᠢ ᠡᠭᠦᠳᠬᠦ ᠳ᠋ᠦ᠍ ᠢᠳᠡᠪᠬᠢᠲᠡᠢ ᠣᠷᠣᠯᠴᠠᠵᠤ ᠂ ᠣᠯᠠᠨ ᠡᠰᠢᠴᠢᠯᠡᠭᠰᠡᠨ ᠵᠢᠭᠤᠷᠠᠯᠳᠤᠭᠠᠨ ᠢ᠋  ᠰᠢᠢᠳᠪᠦᠷᠢᠯᠡᠬᠦ ᠲᠣᠭᠲᠠᠴᠠ ᠶ᠋ᠢ ᠭᠦᠢᠴᠡᠳ ᠬᠠᠢᠨ ᠰᠦᠪᠡᠭᠴᠢᠯᠡᠵᠦ ᠂ ᠵᠢᠭᠤᠷᠠᠯᠳᠤᠭᠠᠨ ᠢ᠋  ᠰᠢᠢᠳᠪᠦᠷᠢᠯᠡᠬᠦ ᠪᠠ ᠬᠠᠤᠯᠢ ᠴᠠᠭᠠᠵᠠ ᠶ᠋ᠢ ᠳᠡᠯᠭᠡᠷᠡᠭᠦᠯᠬᠦ ᠳᠠᠪᠬᠤᠷ ᠦᠷ᠎ᠡ ᠳ᠋ᠦᠩ ᠳ᠋ᠦ᠍ ᠬᠦᠷᠴᠡᠢ ᠃ ᠬᠣᠶᠠᠷ ᠲᠤ᠌ 《   ᠰᠢᠨ᠎ᠡ 》 ᠂ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶ᠎ᠠ  ᠰᠢᠨ᠎ᠡ ᠪᠡᠷ ᠪᠠᠢᠭᠤᠯᠤᠭᠰᠠᠨ  ᠰᠢᠭᠦᠬᠦ ᠬᠣᠷᠢᠶᠠᠨ ᠤ᠋ ᠳᠠᠪᠠᠭᠤᠯᠢᠭ ᠢ᠋ ᠭᠦᠢᠴᠡᠳ ᠪᠠᠳᠠᠷᠠᠭᠤᠯᠵᠤ ᠂  ᠰᠢᠨ᠎ᠡ ᠶ᠋ᠢ ᠡᠭᠦᠳᠬᠦ ᠠᠷᠭ᠎ᠠ ᠵᠠᠮ ᠢ᠋ ᠲᠠᠰᠤᠷᠠᠯᠲᠠ ᠦᠭᠡᠢ ᠬᠠᠢᠨ ᠰᠦᠪᠡᠭᠴᠢᠯᠡᠵᠡᠢ ᠂ ᠵᠢᠱ᠌ᠢᠶᠡᠯᠡᠪᠡᠯ  ᠰᠢᠭᠦᠭᠴᠢ  ᠲᠤᠰᠢᠶᠠᠯᠲᠠᠨ ᠤ᠋ ᠠᠵᠢᠯᠯᠠᠬᠤ ᠲᠠᠰᠤᠭ ᠂ ᠣᠶᠤᠨᠴᠢ  ᠰᠢᠭᠦᠬᠦ ᠬᠣᠷᠢᠶᠠᠨ ᠤ᠋ ᠪᠠᠢᠭᠤᠯᠤᠯᠲᠠ ᠂ ᠬᠣᠶᠠᠷ 《 ᠨᠢᠭᠡ ᠥᠷᠲᠡᠭᠡᠨ ᠦ᠌ ᠬᠡᠯᠪᠡᠷᠢ 》 ᠵᠡᠷᠭᠡ ᠶ᠋ᠢ ᠪᠠᠢᠭᠤᠯᠵᠤ ᠂ ᠲᠤᠰ ᠪᠡᠶ᠎ᠡ ᠶ᠋ᠢᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠪᠦᠷᠢᠯᠳᠦᠭᠦᠯᠦᠭᠰᠡᠨ ᠭᠢᠯᠠᠰ ᠴᠡᠭ ᠦ᠋ᠨ ᠠᠵᠢᠯ ᠨᠢ ᠬᠥᠮᠦᠰ ᠲᠦ᠍ ᠴᠣ  ᠰᠢᠨ᠎ᠡ ᠲᠥᠷᠥᠭᠳᠡᠯ ᠥᠭᠴᠦ ᠂ ᠳᠡᠯᠭᠡᠷᠡᠭᠦᠯᠦᠨ  ᠰᠤᠷᠤᠯᠴᠠᠭᠤᠰᠢᠲᠠᠢ ᠶᠤᠮ ᠃ ᠭᠤᠷᠪᠠ ᠳ᠋ᠤ᠌ ᠂ 《ᠨᠠᠷᠢᠯᠢᠭᠵᠢᠭᠤᠯᠬᠤ 》 ᠂ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶ᠎ᠠ ᠡᠯ᠎ᠡ ᠵᠦᠢᠯ ᠦ᠋ᠨ ᠠᠵᠢᠯ ᠢ᠋  ᠨᠢᠭᠲᠠ ᠠᠳᠭᠤᠵᠤ ᠂ ᠨᠠᠷᠢᠯᠢᠭ ᠠᠳᠭᠤᠵᠤ ᠂  ᠵᠢᠷᠤᠮᠵᠢᠭᠤᠯᠤᠨ ᠠᠳᠭᠤᠬᠤ ᠶ᠋ᠢ ᠪᠠᠷᠢᠮᠲᠠᠯᠠᠵᠤ ᠂ ᠨᠠᠷᠢᠯᠢᠭᠵᠢᠭᠤᠯᠬᠤ ᠂ ᠵᠢᠷᠤᠮᠵᠢᠭᠰᠠᠨ ᠬᠠᠮᠢᠶᠠᠷᠤᠯᠲᠠ ᠶ᠋ᠢ ᠡᠯ᠎ᠡ ᠵᠦᠢᠯ ᠦ᠋ᠨ ᠠᠵᠢᠯ ᠤ᠋ᠨ ᠪᠦᠬᠦ ᠶᠠᠪᠤᠴᠠ ᠳ᠋ᠤ᠌ ᠪᠦᠲᠦᠮᠵᠢᠲᠡᠢ ᠪᠡᠷ ᠠᠭᠤᠰᠤᠯᠴᠠᠭᠤᠯᠵᠤ ᠂ ᠭᠣᠭᠴᠣᠭ᠎ᠠ ᠨᠢᠭᠡᠪᠦᠷᠢ ᠳ᠋ᠦ᠍ ᠨᠠᠷᠢᠯᠢᠭ ᠪᠠᠢᠯᠭᠠᠵᠤ ᠂  ᠰᠢᠭᠦᠬᠦ ᠬᠣᠷᠢᠶᠠᠨ ᠤ᠋  ᠰᠢᠭᠦᠨ ᠲᠠᠰᠤᠯᠬᠤ ᠠᠵᠢᠯ ᠤ᠋ᠨ  ᠤᠷᠤᠭᠰᠢᠲᠠᠢ ᠶᠠᠪᠤᠭᠳᠠᠬᠤ ᠶ᠋ᠢ ᠪᠠᠲᠤᠯᠠᠬᠤ ᠳ᠋ᠤ᠌ ᠴᠢᠬᠤᠯᠠ ᠦᠢᠯᠡᠳᠦᠯ ᠦᠵᠡᠭᠦᠯᠪᠡ ᠃ ᠳᠥᠷᠪᠡ ᠳ᠋ᠦ᠍ ᠂ 《 ᠪᠣᠳᠠᠲᠠᠢ 》 ᠂ ᠡᠯ᠎ᠡ ᠵᠦᠢᠯ ᠦ᠋ᠨ ᠳᠦᠷᠢᠮ ᠤ᠋ᠨ  ᠳᠦᠷᠢᠮᠵᠢᠯ ᠂  ᠥᠭᠡᠷᠡᠴᠢᠯᠡᠯᠲᠡ ᠶ᠋ᠢᠨ ᠡᠠᠷᠭ᠎ᠠ ᠬᠡᠮᠵᠢᠢ᠎ᠠ ᠂ 《 ᠭᠤᠷᠪᠠᠨ ᠢᠯᠡ ᠵᠢᠷᠭᠤᠭᠠᠨ ᠬᠠᠷᠢᠴᠠᠭᠤᠯᠬᠤ ᠲᠠᠪᠤᠨ ᠰᠢᠭᠦᠮᠵᠢ》 ᠢ᠋ᠢᠨ ᠨᠠᠮ ᠤ᠋ᠨ ᠪᠠᠢᠭᠤᠯᠤᠯᠲᠠ ᠶ᠋ᠢᠨ ᠡᠠᠵᠢᠯ ᠤ᠋ᠨ ᠡᠠᠷᠭ᠎ᠠ ᠬᠡᠮᠵᠢᠢ᠎ᠠ  ᠴᠥᠮ ᠪᠣᠳᠠᠲᠤ ᠭᠠᠵᠠᠷ ᠲᠤᠨᠢ ᠨᠠᠢᠳᠠᠪᠤᠷᠢᠵᠢᠭᠤᠯᠵᠤ ᠂  ᠦᠷ᠎ᠡ  ᠪᠦᠲᠦᠮᠵᠢ ᠠᠪᠴᠠᠢ ᠃  ᠺᠠᠲᠷ ᠴᠠᠭᠳᠠᠭ᠎ᠠ ᠨᠠᠷ ᠨᠢᠭᠡ ᠠᠵᠢᠯ ᠤ᠋ᠨ ᠪᠠᠢᠷᠢ ᠣᠯᠠᠨ ᠬᠠᠷᠢᠭᠤᠴᠠᠯᠭ᠎ᠠ ᠲᠠᠢ ᠂ ᠨᠢᠭᠡ ᠬᠥᠮᠦᠨ ᠣᠯᠠᠨ ᠴᠢᠳᠠᠪᠤᠷᠢ ᠲᠠᠢ ᠪᠠᠢᠵᠤ ᠂ ᠠᠵᠢᠯᠲᠠᠨ ᠤ᠋ ᠣᠷᠣᠨ ᠲᠣᠭ᠎ᠠ ᠬᠦᠷᠦᠯᠴᠡᠬᠦ ᠦᠭᠡᠢ ᠂ ᠬᠡᠷᠡᠭ ᠣᠯᠠᠨ ᠬᠥᠮᠦᠨ ᠴᠥᠭᠡᠨ ᠪᠠᠢᠬᠤ ᠪᠣᠳᠠᠲᠤ ᠬᠦᠴᠢᠷᠳᠡᠯ ᠢ᠋ ᠢᠯᠠᠨ ᠳᠠᠪᠠᠵᠤ ᠂ ᠠᠵᠢᠯ ᠤ᠋ᠨ ᠣᠪᠣᠷ ᠰᠤᠷᠲᠠᠯ ᠪᠣᠳᠠᠲᠤ ᠂ ᠠᠵᠢᠯ ᠤ᠋ᠨ ᠠᠷᠭ᠎ᠠ ᠬᠡᠮᠵᠢᠶ᠎ᠡ ᠯᠠᠪᠳᠠᠭᠤᠨ ᠪᠠᠲᠤᠲᠠᠢ ᠪᠠᠢᠵᠤ ᠂ ᠰᠠᠢᠨ ᠰᠠᠢᠬᠠᠨ ᠣᠶᠤᠨ ᠰᠠᠨᠠᠭᠠᠨ ᠤ᠋ ᠳᠦᠷᠰᠦ ᠪᠠᠢᠳᠠᠯ ᠢ᠋ ᠳᠡᠯᠭᠡᠨ ᠦᠵᠡᠭᠦᠯᠵᠦ ᠂ ᠰᠠᠢᠨ ᠰᠠᠢᠬᠠᠨ ᠠᠵᠢᠯ ᠤ᠋ᠨ ᠬᠢᠷᠢ ᠪᠦᠲᠦᠮᠵᠢ ᠣᠯᠤᠭᠰᠠᠨ ᠪᠠᠢᠨ᠎ᠠ ᠂ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶ᠎ᠠ ᠪᠣᠯ ᠨᠢᠭᠡᠨ ᠴᠢᠳᠠᠪᠤᠷᠢᠲᠠᠨ ᠴᠤᠭᠯᠠᠷᠠᠭᠰᠠᠨ ᠭᠠᠵᠠᠷ ᠪᠣᠯᠬᠤ ᠶ᠋ᠢ ᠦᠵᠡᠵᠦ ᠭᠠᠷᠤᠨ᠎ᠠ ᠃

      ᠣᠳᠣᠬᠠᠨ ᠤ᠋ ᠪᠠ  ᠬᠤᠢᠰᠢᠲᠠ ᠶ᠋ᠢᠨ ᠨᠢᠭᠡ ᠬᠤᠭᠤᠴᠠᠭᠠᠨ ᠤ᠋ ᠠᠵᠢᠯ ᠳ᠋ᠤ᠌ ᠴᠢᠭᠯᠡᠭᠦᠯᠦᠨ ᠂ ᠰᠦ᠍ ᠯᠢ ᠵᠢᠶᠦ᠋ᠨ  ᠳᠥᠷᠪᠡᠨ ᠱᠠᠭᠠᠷᠳᠠᠯᠭ᠎ᠠ ᠳᠤᠷᠠᠳᠴᠤ ᠂ ᠨᠢᠭᠡ ᠳ᠋ᠦ᠍ ᠤᠯᠤᠰ ᠲᠥᠷᠥ ᠶ᠋ᠢ ᠡᠷᠬᠢᠮᠯᠡᠬᠦ ᠬᠡᠷᠡᠭᠲᠡᠢ ᠃  ᠰᠢ ᠵᠢᠨ ᠫᠢᠩ ᠦ᠋ᠨ  ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ 《ᠳᠥᠷᠪᠡᠨ ᠤᠬᠠᠮᠰᠠᠷ 》 ᠢ᠋ ᠪᠠᠲᠤ ᠪᠡᠬᠢ ᠪᠣᠢ ᠪᠣᠯᠭᠠᠵᠤ ᠂ 《ᠳᠥᠷᠪᠡᠨ ᠢᠲᠡᠭᠡᠯ 》 ᠢ᠋ ᠪᠠᠲᠤᠳᠭᠠᠵᠤ ᠂ 《ᠬᠣᠶᠠᠷ ᠢ᠋ ᠬᠠᠮᠠᠭᠠᠯᠠᠬᠤ》 ᠪᠣᠯᠭᠠᠵᠤ ᠂ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠶ᠋ᠢ  ᠰᠢᠭᠦᠬᠦ ᠬᠣᠷᠢᠶᠠᠨ ᠤ᠋ ᠠᠵᠢᠯ ᠲᠠᠢ ᠭᠦᠨᠵᠡᠭᠡᠢ ᠠᠭᠤᠰᠤᠯᠴᠠᠭᠤᠯᠵᠤ ᠂ ᠬᠠᠤᠯᠢ ᠴᠠᠭᠠᠵᠠ ᠶ᠋ᠢᠨ ᠰᠠᠢᠨ ᠮᠡᠳᠡᠯᠭᠡ ᠪᠠ ᠶᠣᠰᠣ ᠵᠢᠷᠤᠮ ᠢ᠋ ᠪᠠᠲᠤ ᠰᠠᠬᠢᠵᠤ ᠂  ᠰᠢᠨ᠎ᠡ ᠴᠠᠭ ᠦᠶ᠎ᠡ ᠶ᠋ᠢᠨ ᠳᠣᠣᠷᠠᠬᠢ  ᠰᠢᠨ᠎ᠡ ᠦᠢᠯᠡᠳᠦᠯ ᠢ᠋ ᠪᠡᠶᠡᠯᠡᠭᠦᠯᠬᠦ ᠬᠡᠷᠡᠭᠲᠡᠢ ᠃ ᠬᠣᠶᠠᠷ ᠲᠤ᠌ ᠶᠡᠬᠡ ᠲᠠᠯ᠎ᠠ ᠶ᠋ᠢ ᠪᠠᠲᠤᠯᠠᠬᠤ ᠬᠡᠷᠡᠭᠲᠡᠢ ᠃ ᠤᠬᠠᠮᠰᠠᠷ ᠠ᠋ᠴᠠ ᠪᠠᠨ ᠶᠡᠬᠡ ᠲᠠᠯ᠎ᠠ ᠳ᠋ᠤ᠌ ᠠᠭᠤᠰᠤᠯᠴᠠᠵᠤ ᠂ ᠶᠡᠬᠡ ᠲᠠᠯ᠎ᠠ ᠳ᠋ᠤ᠌ ᠦᠢᠯᠡᠴᠢᠯᠡᠨ ᠂ ᠶᠡᠬᠡ ᠲᠠᠯ᠎ᠠ ᠶ᠋ᠢ ᠪᠠᠲᠤᠯᠠᠵᠤ ᠂  ᠰᠢᠭᠦᠨ ᠲᠠᠰᠤᠯᠬᠤ ᠡᠭᠦᠷᠭᠡ ᠴᠢᠳᠠᠪᠤᠷᠢ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠤᠨ ᠂ ᠠᠵᠤ ᠠᠬᠤᠢ ᠨᠡᠢᠭᠡᠮ ᠦ᠋ᠨ ᠬᠥᠭᠵᠢᠯᠲᠡ ᠳ᠋ᠦ᠍ ᠬᠠᠤᠯᠢ ᠪᠠᠷ ᠵᠠᠰᠠᠬᠤ ᠰᠠᠢᠨ ᠰᠠᠢᠬᠠᠨ ᠣᠷᠴᠢᠨ ᠨᠥᠬᠥᠴᠡᠯ ᠢ᠋ ᠴᠢᠷᠮᠠᠢᠨ ᠪᠣᠢ ᠪᠣᠯᠭᠠᠬᠤ ᠬᠡᠷᠡᠭᠲᠡᠢ ᠃ ᠭᠤᠷᠪᠠ ᠳ᠋ᠤ᠌ ᠠᠷᠠᠳ ᠲᠦᠮᠡᠨ ᠦ᠌ ᠲᠥᠯᠥᠭᠡ ᠃ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠦᠵᠡᠯ ᠰᠠᠨᠠᠭ᠎ᠠ ᠶ᠋ᠢ ᠪᠠᠷᠢᠮᠲᠠᠯᠠᠵᠤ ᠂ ᠬᠠᠤᠯᠢ ᠴᠠᠭᠠᠵᠠ ᠠᠷᠠᠳ ᠲᠤ᠌  ᠠᠰᠢᠭᠲᠠᠢ ᠂ ᠠᠷᠠᠳ ᠲᠤ᠌ ᠳᠥᠭᠥᠮ ᠦᠵᠡᠭᠦᠯᠬᠦ ᠠᠷᠭ᠎ᠠ ᠬᠡᠮᠵᠢᠶ᠎ᠡ ᠶ᠋ᠢ ᠲᠠᠰᠤᠷᠠᠯᠲᠠ ᠦᠭᠡᠢ ᠴᠢᠩᠭᠠᠳᠭᠠᠵᠤ ᠂ ᠠᠷᠠᠳ ᠣᠯᠠᠨ ᠤ᠋ ᠣᠯᠠᠨ  ᠡᠰᠢᠲᠦ ᠬᠠᠤᠯᠢ ᠴᠠᠭᠠᠵᠠ ᠶ᠋ᠢᠨ ᠱᠠᠭᠠᠷᠳᠠᠯᠭ᠎ᠠ ᠶ᠋ᠢ ᠨᠡᠩ ᠰᠠᠢᠨ ᠬᠠᠩᠭᠠᠵᠤ ᠂ ᠴᠠᠭ ᠦᠶ᠎ᠡ ᠶ᠋ᠢᠨ  ᠰᠢᠭᠦᠬᠦ ᠬᠣᠷᠢᠶᠠᠨ ᠤ᠋ ᠠᠵᠢᠯ ᠤ᠋ᠨ  ᠰᠢᠨ᠎ᠡ ᠪᠠᠢᠳᠠᠯ ᠢ᠋ ᠡᠭᠦᠳᠦᠨ ᠨᠡᠭᠡᠭᠡᠬᠦ ᠬᠡᠷᠡᠭᠲᠡᠢ ᠃ ᠳᠥᠷᠪᠡ ᠳ᠋ᠦ᠍ ᠰᠢᠨ᠎ᠡ  ᠶ᠋ᠢ ᠡᠭᠦᠳᠬᠦ ᠶ᠋ᠢ ᠰᠦᠪᠡᠭᠴᠢᠯᠡᠬᠦ ᠬᠡᠷᠡᠭᠲᠡᠢ ᠃ ᠴᠠᠭ ᠦᠶ᠎ᠡ ᠲᠡᠢ ᠵᠡᠷᠭᠡᠪᠡᠷ  ᠤᠷᠤᠭᠰᠢᠯᠠᠬᠤ  ᠶ᠋ᠢ ᠪᠠᠷᠢᠮᠲᠠᠯᠠᠵᠤ ᠂ ᠨᠡᠩ ᠥᠨᠳᠥᠷ ᠵᠣᠭᠰᠣᠴᠠ ᠂ ᠨᠡᠩ ᠥᠷᠭᠡᠨ ᠬᠠᠷᠠᠭ᠎ᠠ ᠂ ᠨᠡᠩ ᠶᠡᠬᠡ ᠡᠷᠴᠢᠮ  ᠢ᠋ᠶ᠋ᠡᠷ ᠥᠭᠡᠷᠡᠴᠢᠯᠡᠯᠲᠡ ᠬᠢᠵᠦ  ᠰᠢᠨ᠎ᠡ ᠶ᠋ᠢ ᠡᠭᠦᠳᠬᠦ ᠶ᠋ᠢ ᠠᠬᠢᠭᠤᠯᠤᠨ ᠂ 《 ᠺᠠᠩ ᠹᠠ ᠬᠤᠷᠳᠤᠴᠠ 》 《 ᠺᠠᠩ ᠹᠠ ᠦᠯᠢᠭᠡᠷ ᠳᠠᠭᠤᠷᠢᠶᠠᠯ 》 ᠵᠡᠷᠭᠡ ᠡᠯ᠎ᠡ ᠲᠥᠷᠥᠯ ᠦ᠋ᠨ ᠠᠵᠢᠯ ᠤ᠋ᠨ ᠬᠡᠪ ᠵᠠᠭᠪᠤᠷ ᠢ᠋ ᠴᠣ  ᠰᠢᠨ᠎ᠡ  ᠠᠬᠢᠴᠠ ᠲᠠᠢ ᠪᠣᠯᠭᠠᠵᠤ ᠂  ᠰᠢᠨ᠎ᠡ  ᠡᠬᠢᠯᠡᠯᠲᠡ ᠳᠡᠭᠡᠷ᠎ᠡ  ᠰᠢᠨ᠎ᠡ   ᠰᠢᠪᠲᠤᠯᠤᠯᠲᠠ ᠶ᠋ᠢ ᠪᠡᠶᠡᠯᠡᠭᠦᠯᠬᠦ ᠬᠡᠷᠡᠭᠲᠡᠢ ᠃ ᠲᠠᠪᠤ ᠳ᠋ᠤ᠌ ᠠᠷᠢᠭᠤᠨ ᠴᠢᠬᠡᠴᠢ ᠪᠠᠢᠬᠤ ᠬᠡᠷᠡᠭᠲᠡᠢ ᠃ ᠨᠠᠮ ᠢ᠋ ᠴᠢᠩᠭ᠎ᠠ ᠵᠠᠰᠠᠬᠤ ᠂  ᠰᠢᠭᠦᠬᠦ ᠬᠣᠷᠢᠶ᠎ᠠ ᠶ᠋ᠢ ᠴᠢᠩᠭ᠎ᠠ ᠵᠠᠰᠠᠬᠤ ᠶ᠋ᠢ ᠪᠠᠷᠢᠮᠲᠠᠯᠠᠵᠤ ᠂ ᠨᠠᠮ ᠤ᠋ᠨ ᠰᠤᠷᠲᠠᠯ ᠤ᠋ᠨ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠠᠷᠠᠯ ᠢ᠋ ᠡᠰᠡᠷᠭᠦᠴᠡᠬᠦ ᠲᠡᠮᠡᠴᠡᠯ ᠢ᠋ ᠭᠦᠨᠵᠡᠭᠡᠢ ᠥᠷᠨᠢᠭᠦᠯᠦᠨ ᠂ 《ᠬᠣᠶᠠᠷ ᠬᠠᠷᠢᠭᠤᠴᠠᠯᠭ᠎ᠠ 》 ᠶ᠋ᠢ ᠱᠠᠲᠤ ᠱᠠᠲᠤ ᠪᠠᠷ ᠨᠠᠢᠳᠠᠪᠤᠷᠢᠵᠢᠭᠤᠯᠵᠤ ᠂  ᠺᠠᠲᠷ ᠴᠠᠭᠳᠠᠭ᠎ᠠ ᠶ᠋ᠢ ᠬᠥᠮᠦᠵᠢᠭᠦᠯᠦᠨ ᠵᠢᠯᠣᠭᠣᠳᠴᠤ ᠬᠣᠷᠢᠭ᠎ᠠ ᠱᠤᠭᠤᠮ ᠢ᠋ ᠰᠠᠬᠢᠵᠤ ᠂ ᠪᠢᠰᠢᠷᠡᠨ   ᠵᠢᠷᠦᠬᠡᠰᠢᠶᠡᠬᠦ  ᠶ᠋ᠢ ᠬᠣᠷᠢᠭᠯᠠᠵᠤ ᠂ ᠲᠥᠪ ᠭᠣᠣᠯᠴᠢ ᠪᠠᠷ ᠬᠠᠤᠯᠢ ᠪᠠᠷᠢᠬᠤ ᠂ ᠠᠷᠢᠭᠤᠨ ᠴᠢᠬᠡᠴᠢ ᠪᠡᠷ ᠬᠠᠤᠯᠢ ᠪᠠᠷᠢᠬᠤ ᠶ᠋ᠢ ᠦᠨᠡᠨ ᠬᠦ᠌ ᠪᠠᠲᠤᠯᠠᠬᠤ ᠬᠡᠷᠡᠭᠲᠡᠢ ᠃

      ᠰᠠᠭᠤᠳᠠᠯ ᠤ᠋ᠨ ᠬᠤᠷᠠᠯ ᠳᠠᠭᠤᠰᠤᠭᠰᠠᠨ ᠤ᠋ ᠳᠠᠷᠠᠭ᠎ᠠ ᠂ ᠰᠦ᠍ ᠯᠢ ᠵᠢᠶᠦ᠋ᠨ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶᠠᠨ ᠤ᠋ ᠨᠢᠭᠡᠳᠦᠭᠡᠷ ᠹᠷᠣᠨᠲ ᠤ᠋ᠨ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠬᠡᠰᠡᠭ ᠦ᠋ᠨ ᠲᠣᠭᠣᠷᠢᠭ ᠲᠤ᠌ ᠬᠦᠷᠴᠦ ᠂ ᠬᠢᠶ᠎ᠡ  ᠪᠠᠭᠰᠢ ᠲᠣᠭᠣᠷᠢᠭ ᠤ᠋ᠨ  ᠰᠢᠭᠦᠬᠦ ᠬᠣᠷᠢᠶᠠᠨ ᠤ᠋  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠤ᠋ᠨ ᠪᠠᠢᠷᠢᠯᠠᠭᠤᠯᠤᠯᠲᠠ ᠶ᠋ᠢᠨ ᠠᠬᠢᠴᠠ ᠂ ᠡᠳ᠋ ᠪᠣᠳᠠᠰ ᠤ᠋ᠨ ᠪᠠᠲᠤᠯᠠᠭ᠎ᠠ ᠂ ᠠᠵᠢᠯᠲᠠᠨ ᠤ᠋ ᠵᠢᠵᠢᠭᠦᠷᠯᠡᠬᠦ ᠵᠡᠷᠭᠡ ᠠᠵᠢᠯ ᠥᠷᠨᠢᠭᠦᠯᠦᠭᠰᠡᠨ ᠪᠠᠢᠳᠠᠯ ᠢ᠋ ᠨᠠᠷᠢᠨ ᠯᠠᠪᠯᠠᠨ ᠠᠰᠠᠭᠤᠵᠤ ᠂  ᠬᠢᠵᠢᠭ᠌  ᠦ᠋ᠨ ᠪᠠᠢᠳᠠᠯ ᠤ᠋ᠨ ᠬᠤᠭᠤᠴᠠᠭᠠᠨ ᠳ᠋ᠤ᠌ ᠲᠣᠭᠲᠠᠭᠠᠭᠰᠠᠨ ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠡᠬᠡ ᠳᠠᠩᠰᠠ ᠂ ᠠᠵᠢᠯ ᠤ᠋ᠨ ᠲᠥᠰᠦᠯ ᠂ ᠠᠵᠢᠯ ᠤ᠋ᠨ ᠳᠦᠷᠢᠮ ᠵᠢᠴᠢ  ᠬᠢᠵᠢᠭ᠌  ᠢ᠋ ᠰᠡᠷᠭᠡᠢᠯᠡᠨ ᠡᠵᠡᠮᠳᠡᠬᠦ ᠠᠵᠢᠯ ᠢ᠋ ᠪᠠᠢᠴᠠᠭᠠᠨ ᠦᠵᠡᠪᠡ ᠃

      ᠳᠠᠷᠠᠭ᠎ᠠ ᠨᠢ ᠂ ᠰᠦ᠍ ᠯᠢ ᠵᠢᠶᠦ᠋ᠨ ᠬᠢᠶ᠎ᠡ  ᠪᠠᠭᠰᠢ ᠶ᠋ᠢᠨ ᠠᠷᠠᠳ ᠤ᠋ᠨ  ᠰᠢᠭᠦᠬᠦ ᠲᠢᠩᠬᠢᠮ ᠳ᠋ᠦ᠍ ᠢᠷᠡᠵᠦ ᠂ ᠲᠤᠬᠠᠢ ᠶ᠋ᠢᠨ ᠭᠠᠵᠠᠷ ᠲᠤᠨᠢ ᠪᠠᠢᠴᠠᠭᠠᠨ ᠦᠵᠡᠬᠦ ᠂ ᠲᠠᠨᠢᠯᠴᠠᠭᠤᠯᠬᠤ ᠵᠡᠷᠭᠡ ᠬᠡᠯᠪᠡᠷᠢ ᠪᠡᠷ ᠳᠠᠮᠵᠢᠭᠤᠯᠤᠨ ᠂  ᠰᠢᠭᠦᠬᠦ  ᠲᠢᠩᠬᠢᠮ ᠦ᠋ᠨ ᠰᠠᠭᠤᠷᠢ ᠪᠦᠲᠦᠭᠡᠨ ᠪᠠᠢᠭᠤᠯᠤᠯᠲᠠ ᠂ ᠮᠡᠳᠡᠭᠡ ᠵᠠᠩᠭᠢᠵᠢᠯᠲᠠ ᠶ᠋ᠢᠨ ᠪᠦᠲᠦᠭᠡᠨ ᠪᠠᠢᠭᠤᠯᠤᠯᠲᠠ ᠂ ᠠᠵᠢᠯᠲᠠᠨ ᠤ᠋ ᠪᠠᠢᠳᠠᠯ ᠂ ᠬᠡᠷᠡᠭ  ᠰᠢᠢᠳᠪᠦᠷᠢᠯᠡᠬᠦ ᠴᠢᠨᠠᠷ ᠪᠦᠲᠦᠮᠵᠢ ᠵᠢᠴᠢ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠬᠤᠭᠤᠴᠠᠭᠠᠨ ᠤ᠋ ᠰᠦᠯᠵᠢᠶᠡᠨ ᠳᠡᠭᠡᠷ᠎ᠡ  ᠰᠢᠭᠦᠯᠲᠡ ᠡᠬᠢᠯᠡᠬᠦ ᠵᠡᠷᠭᠡ ᠪᠠᠢᠳᠠᠯ ᠳ᠋ᠤ᠌ ᠨᠠᠷᠢᠨ ᠬᠢᠨᠠᠮᠠᠭᠠᠢ ᠪᠠᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠣᠳᠪᠠ ᠃ ᠲᠡᠷᠡ ᠴᠢᠬᠤᠯᠠᠴᠢᠯᠠᠭᠰᠠᠨ ᠨᠢ ᠂ ᠠᠷᠠᠳ ᠤ᠋ᠨ  ᠰᠢᠭᠦᠬᠦ ᠲᠢᠩᠬᠢᠮ ᠦ᠋ᠨ ᠵᠢᠷᠤᠮᠵᠢᠭᠤᠯᠤᠯᠲᠠ ᠂ ᠣᠳᠣᠬᠢᠴᠢᠯᠠᠬᠤ ᠪᠦᠲᠦᠭᠡᠨ ᠪᠠᠢᠭᠤᠯᠤᠯᠲᠠ ᠶ᠋ᠢ ᠴᠢᠩᠭᠠᠳᠭᠠᠬᠤ ᠪᠠᠷ ᠰᠠᠭᠤᠷᠢ ᠪᠣᠯᠭᠠᠵᠤ ᠂ ᠲᠥᠪ ᠭᠣᠣᠯᠴᠢ ᠥᠨᠳᠥᠷ ᠪᠦᠲᠦᠮᠵᠢᠲᠡᠢ ᠬᠠᠤᠯᠢ ᠪᠠᠷᠢᠬᠤ ᠂ ᠠᠷᠠᠳ ᠲᠤ᠌ ᠳᠥᠭᠥᠮ ᠦᠵᠡᠭᠦᠯᠬᠦ ᠵᠠᠷᠭᠤ ᠶ᠋ᠢᠨ ᠦᠢᠯᠡᠴᠢᠯᠡᠭᠡ ᠂ ᠣᠯᠠᠨ  ᠡᠰᠢᠲᠦ ᠵᠢᠭᠤᠷᠠᠯᠳᠤᠭᠠᠨ ᠢ᠋  ᠰᠢᠢᠳᠪᠦᠷᠢᠯᠡᠬᠦ ᠂ ᠣᠶᠤᠨᠲᠤ  ᠰᠢᠭᠦᠬᠦ ᠲᠢᠩᠬᠢᠮ ᠦ᠋ᠨ ᠪᠠᠢᠭᠤᠯᠤᠯᠲᠠ ᠪᠠ  ᠰᠢᠯᠭᠠᠷᠠᠭᠰᠠᠨ ᠡᠩᠨᠡᠭᠡᠨ ᠦ᠌ ᠪᠠᠢᠭᠤᠯᠤᠯᠲᠠ ᠶ᠋ᠢᠨ ᠬᠢᠷᠢ ᠬᠡᠮᠵᠢᠶ᠎ᠡ ᠪᠠ ᠦᠷ᠎ᠡ ᠪᠦᠲᠦᠮᠵᠢ ᠶ᠋ᠢ ᠪᠥᠬᠥ ᠲᠠᠯ᠎ᠠ ᠪᠠᠷ  ᠳᠡᠭᠡᠭᠰᠢᠯᠡᠭᠦᠯᠵᠦ ᠂ ᠬᠠᠷᠢᠶ᠎ᠠ ᠣᠷᠣᠨ ᠤ᠋ ᠣᠯᠠᠨ ᠲᠦᠮᠡᠨ ᠳ᠋ᠦ᠍ ᠦᠢᠯᠡᠴᠢᠯᠡᠬᠦ ᠶᠠᠰᠤ ᠴᠢᠨᠠᠷ ᠢ᠋ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠦᠨᠳᠦᠰᠦᠨ ᠱᠠᠲᠤᠨ ᠤ᠋ ᠠᠷᠠᠳ ᠤ᠋ᠨ  ᠰᠢᠭᠦᠬᠦ ᠲᠢᠩᠬᠢᠮ ᠦ᠋ᠨ ᠦᠢᠯᠡᠳᠦᠯ ᠢ᠋ ᠭᠦᠢᠴᠡᠳ ᠪᠠᠳᠠᠷᠠᠭᠤᠯᠬᠤ ᠬᠡᠷᠡᠭᠲᠡᠢ ᠭᠡᠵᠡᠢ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )