ᠰᠦᠯᠵᠢᠶᠡᠨ ᠳᠡᠭᠡᠷᠡᠬᠢ ᠳᠦᠷᠰᠦ ᠰᠢᠩᠭᠡᠭᠡᠯᠲᠡ ᠶ᠋ᠢᠨ ᠲᠢᠩᠬᠢᠮ ᠦ᠋ᠨ  ᠰᠢᠭᠦᠯᠲᠡ
2020.03.12 ᠲᠣᠰ ᠥᠷᠲᠡᠭᠡᠨ ᠦ ᠨᠠᠢᠷᠠᠭᠤᠯᠤᠭᠴᠢ

      ᠴᠠᠭᠠᠨ ᠰᠠᠷ᠎ᠠ ᠶ᠋ᠢᠨ ᠠᠮᠠᠷᠠᠯᠲᠠ ᠶ᠋ᠢᠨ ᠳᠠᠷᠠᠭ᠎ᠠ ᠂  ᠬᠢᠵᠢᠭ᠌  ᠦ᠋ᠨ ᠨᠥᠯᠥᠭᠡ ᠡᠴᠡ ᠪᠣᠯᠵᠤ ᠂ ᠬᠡᠷᠡᠭ ᠦ᠋ᠨ ᠲᠤᠬᠠᠢ ᠶ᠋ᠢᠨ ᠲᠠᠯᠠᠪᠠᠢ ᠶ᠋ᠢᠨ ᠲᠢᠩᠬᠢᠮ ᠦ᠋ᠨ  ᠰᠢᠭᠦᠯᠲᠡ ᠬᠢᠵᠠᠭᠠᠷᠯᠠᠭᠳᠠᠵᠤ ᠂  ᠰᠢᠭᠦᠨ ᠲᠠᠰᠤᠯᠬᠤ ᠠᠵᠢᠯ ᠢ᠋  ᠤᠷᠤᠭᠰᠢᠲᠠᠢ ᠥᠷᠨᠢᠭᠦᠯᠬᠦ ᠶ᠋ᠢᠨ ᠲᠥᠯᠥᠭᠡ ᠂ ᠬᠡᠷᠡᠭ ᠢ᠋ ᠲᠦᠷᠭᠡᠨ ᠮᠥᠷᠲᠡᠭᠡᠨ ᠰᠠᠢᠲᠤᠷ  ᠰᠢᠭᠦᠵᠦ ᠳᠠᠭᠤᠰᠭᠠᠬᠤ ᠶ᠋ᠢ ᠪᠠᠲᠤᠯᠠᠵᠤ ᠂ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠮᠥᠩᠭᠥᠨ ᠭᠦᠢᠯᠭᠡᠭᠡᠨ ᠦ᠌ ᠬᠠᠮᠲᠤᠷᠠᠨ ᠵᠥᠪᠯᠡᠬᠦ ᠲᠢᠩᠬᠢᠮ ᠰᠦᠯᠵᠢᠶᠡᠨ ᠦ᠌  ᠳᠦᠷᠰᠦ ᠰᠢᠩᠭᠡᠭᠡᠯᠲᠡ ᠶ᠋ᠢᠨ ᠲᠢᠩᠬᠢᠮ ᠦ᠋ᠨ  ᠰᠢᠭᠦᠯᠲᠡ ᠶ᠋ᠢᠨ ᠠᠵᠢᠯ ᠢ᠋ ᠢᠳᠡᠪᠬᠢᠲᠡᠢ ᠥᠷᠨᠢᠭᠦᠯᠵᠦ ᠂ 《  ᠳᠥᠷᠪᠡᠨ  ᠤᠷᠢᠳᠠᠪᠠᠷ》  ᠶ᠋ᠢ ᠬᠡᠷᠡᠭᠵᠢᠭᠦᠯᠬᠦ ᠪᠡᠷ ᠳᠠᠮᠵᠢᠨ  ᠮᠠᠰᠢ ᠰᠠᠢᠨ ᠦᠷ᠎ᠡ ᠪᠦᠲᠦᠮᠵᠢ ᠣᠯᠵᠠᠢ ᠃

      ᠨᠢᠭᠡ ᠳ᠋ᠦ᠍ ᠰᠤᠷᠤᠯᠴᠠᠯᠭ᠎ᠠ ᠤᠷᠢᠳᠠᠪᠡᠷ ᠪᠠᠢᠨ᠎ᠠ

      ᠶᠠᠭᠤᠨ ᠤ᠋ ᠡᠮᠦᠨ᠎ᠡ ᠮᠡᠷᠭᠡᠵᠢᠯ ᠦ᠋ᠨ ᠭᠠᠵᠠᠷ ᠤ᠋ᠨ ᠢᠯᠡᠭᠡᠭᠰᠡᠨ 《 ᠬᠤᠸᠠ  ᠢᠦᠢ ᠢᠨᠲ᠋ᠧᠷ ᠰᠦᠯᠵᠢᠶᠡᠨ ᠦ᠌ ᠲᠢᠩᠬᠢᠮ ᠦ᠋ᠨ  ᠰᠢᠭᠦᠯᠲᠡ  ᠢ᠋ᠢᠨ ᠳᠦᠷᠰᠦ  ᠰᠢᠩᠭᠡᠭᠡᠯᠲᠡ  ᠵᠢᠴᠢ ᠠᠵᠢᠯᠯᠠᠬᠤ ᠭᠠᠷ ᠳᠡᠪᠲᠡᠷ 》 ᠢ᠋ ᠬᠢᠨᠠᠮᠠᠭᠠᠢ ᠰᠤᠷᠤᠯᠴᠠᠵᠤ ᠂ ᠡᠭᠦᠨ ᠦ᠌ ᠳᠣᠲᠣᠷᠠᠬᠢ ᠳᠡᠮᠡᠢ ᠣᠢᠯᠠᠭᠠᠬᠤ ᠦᠭᠡᠢ  ᠵᠦᠢᠯ ᠳ᠋ᠤ᠌ ᠴᠠᠭ ᠲᠤᠬᠠᠢ ᠳ᠋ᠤᠨᠢ ᠮᠡᠷᠭᠡᠵᠢᠯ ᠦ᠋ᠨ ᠭᠠᠵᠠᠷ ᠤ᠋ᠨ ᠬᠠᠮᠲᠤ ᠠᠵᠢᠯᠲᠠᠨ ᠢ᠋ᠶ᠋ᠠᠷ ᠲᠠᠢᠯᠪᠤᠷᠢᠯᠠᠭᠤᠯᠵᠤ ᠂ ᠮᠡᠷᠭᠡᠵᠢᠯ ᠦ᠋ᠨ ᠭᠠᠵᠠᠷ ᠤ᠋ᠨ ᠬᠠᠮᠲᠤ ᠠᠵᠢᠯᠲᠠᠨ ᠤ᠋ ᠵᠢᠯᠣᠭᠣᠳᠤᠯᠭ᠎ᠠ ᠳᠣᠣᠷ᠎ᠠ ᠪᠡᠯᠡᠳᠭᠡᠯ ᠰᠣᠷᠢᠯᠲᠠ ᠶ᠋ᠢᠨ ᠠᠵᠢᠯᠯᠠᠭ᠎ᠠ ᠬᠢᠵᠦ ᠂ ᠰᠦᠯᠵᠢᠶᠡᠨ ᠳᠡᠭᠡᠷᠡᠬᠢ  ᠳᠦᠷᠰᠦ  ᠰᠢᠩᠭᠡᠭᠡᠯᠲᠡ ᠶ᠋ᠢᠨ ᠲᠢᠩᠬᠢᠮ ᠦ᠋ᠨ  ᠰᠢᠭᠦᠯᠲᠡ ᠶ᠋ᠢ  ᠤᠷᠤᠭᠰᠢᠲᠠᠢ ᠥᠷᠨᠢᠭᠦᠯᠬᠦ ᠳ᠋ᠦ᠍ ᠲᠥᠬᠥᠭᠡᠷᠦᠮᠵᠢ ᠶ᠋ᠢᠨ ᠠᠵᠢᠯᠯᠠᠭᠠᠨ ᠤ᠋ ᠰᠠᠭᠤᠷᠢ ᠶ᠋ᠢ ᠰᠠᠢᠲᠤᠷ ᠲᠠᠯᠪᠢᠭᠰᠠᠨ ᠪᠠᠢᠨ᠎ᠠ ᠃

      ᠬᠣᠶᠠᠷ ᠲᠤ᠌ ᠰᠢᠯᠢᠬᠦ  ᠨᠢ  ᠤᠷᠢᠳᠠᠪᠠᠷ  ᠪᠠᠢᠨ᠎ᠠ

      ᠬᠠᠮᠲᠤᠷᠠᠨ ᠵᠥᠪᠯᠡᠬᠦ ᠲᠢᠩᠬᠢᠮ ᠨᠢ ᠬᠡᠷᠡᠭ ᠢ᠋ ᠬᠦᠴᠦᠯᠡᠨ  ᠰᠢᠯᠢᠨ ᠰᠣᠩᠭᠣᠵᠤ ᠰᠦᠯᠵᠢᠶᠡᠨ ᠳᠡᠭᠡᠷᠡᠬᠢ  ᠳᠦᠷᠰᠦ ᠰᠢᠩᠭᠡᠭᠡᠯᠲᠡ ᠶ᠋ᠢᠨ ᠲᠢᠩᠬᠢᠮ ᠦ᠋ᠨ  ᠰᠢᠭᠦᠯᠲᠡ ᠶ᠋ᠢ ᠥᠷᠨᠢᠭᠦᠯᠵᠦ ᠂ ᠬᠠᠤᠯᠢ ᠴᠠᠭᠠᠵᠠ ᠶ᠋ᠢᠨ ᠬᠠᠷᠢᠴᠠᠭ᠎ᠠ ᠨᠢ ᠬᠠᠷᠢᠴᠠᠩᠭᠤᠢ ᠳᠥᠭᠥᠮ ᠂ ᠲᠤᠬᠠᠢ ᠶ᠋ᠢᠨ ᠬᠥᠮᠦᠨ ᠨᠢ ᠲᠢᠩᠬᠢᠮ ᠦ᠋ᠨ  ᠰᠢᠭᠦᠯᠲᠡ  ᠳ᠋ᠦ᠍ ᠭᠡᠷᠡᠴᠢ ᠪᠠᠷᠢᠮᠲᠠ ᠬᠠᠩᠭᠠᠬᠤ ᠦᠭᠡᠢ ᠪᠣᠯᠪᠠᠴᠤ  ᠪᠢᠴᠢᠭ᠌  ᠦ᠋ᠨ ᠬᠡᠯᠪᠡᠷᠢ ᠪᠡᠷ  ᠰᠢᠭᠦᠬᠦ  ᠶ᠋ᠢ   ᠵᠥᠪᠰᠢᠶᠡᠷᠡᠭᠦ ᠦᠭᠡᠢ ᠬᠣᠶᠠᠳᠤᠭᠠᠷ  ᠰᠢᠭᠦᠯᠲᠡ  ᠶ᠋ᠢᠨ ᠬᠡᠷᠡᠭ ᠢ᠋ ᠤᠷᠢᠳᠠᠪᠡᠷ ᠰᠣᠩᠭᠣᠨ᠎ᠠ ᠃ ᠡᠭᠦᠨ ᠦ᠌ ᠬᠠᠮᠲᠤ ᠢᠨᠲ᠋ᠧᠷ ᠰᠦᠯᠵᠢᠶᠡᠨ ᠦ᠌ ᠠᠵᠢᠯᠯᠠᠭ᠎ᠠ ᠬᠢᠬᠦ ᠴᠢᠬᠤᠯᠠᠲᠠᠢ ᠪᠣᠯᠬᠣᠷ ᠪᠠᠰᠠ ᠲᠤᠬᠠᠢ ᠶ᠋ᠢᠨ ᠬᠥᠮᠦᠨ ᠦ᠌ ᠨᠠᠰᠤ ᠵᠢᠯ ᠵᠡᠷᠭᠡ ᠬᠦᠴᠦᠨ ᠵᠦᠢᠯ ᠢ᠋ ᠪᠣᠳᠣᠯᠬᠢᠯᠠᠵᠤ᠂ ᠴᠢᠳᠠᠬᠤ ᠶ᠋ᠢᠨ ᠳᠣᠲᠣᠷ᠎ᠠ ᠨᠠᠰᠤ ᠠᠬᠢᠭᠰᠠᠨ ᠲᠤᠬᠠᠢ ᠶ᠋ᠢᠨ ᠬᠥᠮᠦᠨ  ᠲᠠᠢ  ᠬᠡᠷᠡᠭ  ᠢ᠋  ᠰᠣᠩᠭᠤᠨ ᠰᠢᠢᠳᠪᠦᠷᠢᠯᠡᠬᠦ  ᠦᠭᠡᠢ  ᠪᠠᠢᠨ᠎ᠠ᠃

      ᠭᠤᠷᠪᠠ ᠳ᠋ᠤ᠌ ᠲᠠᠢᠯᠪᠤᠷᠢᠯᠠᠯᠲᠠ ᠤᠷᠢᠳᠠᠪᠠᠷ  ᠪᠠᠢᠨ᠎ᠠ

      ᠲᠤᠬᠠᠢ ᠶ᠋ᠢᠨ ᠬᠥᠮᠦᠨ ᠡᠴᠡ ᠰᠦᠯᠵᠢᠶᠡᠨ ᠳᠡᠭᠡᠷᠡᠬᠢ  ᠳᠦᠷᠰᠦ ᠰᠢᠩᠭᠡᠭᠡᠯᠲᠡ ᠶ᠋ᠢᠨ ᠲᠢᠩᠬᠢᠮ ᠦ᠋ᠨ  ᠰᠢᠭᠦᠯᠲᠡ  ᠬᠢᠬᠦ ᠶ᠋ᠢ  ᠵᠥᠪᠰᠢᠶᠡᠷᠡᠭᠰᠡᠨ ᠡᠰᠡᠬᠦ ᠶ᠋ᠢ ᠯᠠᠪᠯᠠᠬᠤ  ᠦᠶ᠎ᠡ  ᠳ᠋ᠤ᠌ ᠂  ᠰᠢᠭᠦᠨ ᠲᠠᠰᠤᠯᠬᠤ ᠳᠠᠷᠤᠭ᠎ᠠ ᠨᠢ  ᠺᠠᠲᠷ ᠴᠠᠭᠳᠠᠭ᠎ᠠ ᠶ᠋ᠢ  ᠡᠷᠬᠡᠪᠰᠢ ᠡᠩ ᠲᠡᠷᠢᠭᠦᠨ ᠳ᠋ᠦ᠍ ᠲᠤᠬᠠᠢ ᠶ᠋ᠢᠨ ᠬᠥᠮᠦᠨ ᠳ᠋ᠦ᠍ ᠣᠳᠣᠬᠠᠨ ᠤ᠋  ᠬᠢᠵᠢᠭ᠌  ᠢ᠋ ᠰᠡᠷᠭᠡᠢᠯᠡᠬᠦ ᠠᠵᠢᠯ ᠤ᠋ᠨ ᠪᠠᠢᠳᠠᠯ ᠪᠠ ᠱᠠᠭᠠᠷᠳᠠᠯᠭ᠎ᠠ ᠶ᠋ᠢ ᠲᠣᠳᠣᠷᠬᠠᠢᠯᠠᠨ ᠲᠠᠢᠯᠪᠤᠷᠢᠯᠠᠵᠤ ᠂ ᠲᠤᠬᠠᠢ ᠶ᠋ᠢᠨ ᠬᠥᠮᠦᠨ ᠦ᠌  ᠬᠢᠵᠢᠭ᠌  ᠦ᠋ᠨ ᠪᠠᠢᠳᠠᠯ ᠤ᠋ᠨ ᠬᠤᠭᠤᠴᠠᠭᠠᠨ ᠳ᠋ᠤ᠌ ᠰᠦᠯᠵᠢᠶᠡᠨ ᠳᠡᠭᠡᠷᠡᠬᠢ ᠳᠦᠷᠰᠦ ᠰᠢᠩᠭᠡᠭᠡᠯᠲᠡ ᠶ᠋ᠢᠨ ᠲᠢᠩᠬᠢᠮ ᠦ᠋ᠨ  ᠰᠢᠭᠦᠯᠲᠡ ᠬᠢᠬᠦ ᠶ᠋ᠢ ᠣᠢᠯᠠᠭᠠᠬᠤ ᠪᠠ  ᠳᠡᠮᠵᠢᠯᠭᠡ  ᠶ᠋ᠢ  ᠤᠯᠬᠤ ᠬᠡᠷᠡᠭᠲᠡᠢ ᠭᠡᠵᠦ ᠱᠠᠭᠠᠷᠳᠠᠵᠠᠢ ᠃ ᠡᠭᠦᠨ ᠦ᠌ ᠬᠠᠮᠲᠤ ᠂ ᠬᠡᠷᠡᠭ ᠢ᠋ ᠵᠢᠩᠬᠢᠨᠢ ᠪᠡᠷ ᠲᠢᠩᠬᠢᠮ ᠨᠡᠭᠡᠭᠡᠬᠦ ᠡᠴᠡ ᠡᠮᠦᠨ᠎ᠡ ᠂ ᠬᠡᠷᠡᠭ ᠢ᠋ ᠳᠠᠭᠠᠭᠠᠨ  ᠬᠢᠭ᠍ᠴᠢ ᠨᠢ ᠰᠦᠯᠵᠢᠶᠡᠨ ᠳᠡᠭᠡᠷᠡᠬᠢ ᠳᠦᠷᠰᠦ ᠰᠢᠩᠭᠡᠭᠡᠯᠲᠡ ᠶ᠋ᠢᠨ ᠲᠢᠩᠬᠢᠮ ᠦ᠋ᠨ  ᠰᠢᠭᠦᠯᠲᠡ ᠡᠬᠢᠯᠡᠬᠦ ᠰᠠᠬᠢᠯᠭ᠎ᠠ ᠪᠠᠲᠤ ᠶ᠋ᠢ ᠲᠤᠬᠠᠢ ᠶ᠋ᠢᠨ ᠬᠥᠮᠦᠨ ᠳ᠋ᠦ᠍ ᠨᠠᠷᠢᠨ ᠲᠣᠳᠣᠷᠬᠠᠢ ᠲᠠᠢᠯᠪᠤᠷᠢᠯᠠᠵᠤ ᠂ ᠰᠦᠯᠵᠢᠶᠡᠨ ᠳᠡᠭᠡᠷᠡᠬᠢ ᠳᠦᠷᠰᠦ ᠰᠢᠩᠭᠡᠭᠡᠯᠲᠡ ᠶ᠋ᠢᠨ ᠲᠢᠩᠬᠢᠮ ᠦ᠋ᠨ  ᠰᠢᠭᠦᠯᠲᠡ ᠶ᠋ᠢᠨ ᠳᠡᠰ ᠳᠠᠷᠠᠭᠠᠯᠠᠯ ᠤ᠋ᠨ  ᠤᠷᠤᠭᠰᠢᠲᠠᠢ  ᠶᠠᠪᠤᠭᠳᠠᠬᠤ ᠶ᠋ᠢ ᠪᠠᠲᠤᠯᠠᠬᠤ ᠬᠡᠷᠡᠭᠲᠡᠢ ᠃

      ᠳᠥᠷᠪᠡ ᠳ᠋ᠦ᠍  ᠰᠤᠷᠭᠠᠯᠲᠠ ᠤᠷᠢᠳᠠᠪᠠᠷ  ᠪᠠᠢᠨ᠎ᠠ

     ᠰᠦᠯᠵᠢᠶᠡᠨ ᠳᠡᠭᠡᠷᠡᠬᠢ ᠳᠦᠷᠰᠦ ᠰᠢᠩᠭᠡᠭᠡᠯᠲᠡ ᠶ᠋ᠢᠨ ᠲᠢᠩᠬᠢᠮ ᠦ᠋ᠨ  ᠰᠢᠭᠦᠯᠲᠡ  ᠬᠢᠬᠦ ᠶ᠋ᠢ  ᠵᠥᠪᠰᠢᠶᠡᠷᠡᠭᠰᠡᠨ  ᠲᠤᠬᠠᠢ ᠶ᠋ᠢᠨ ᠬᠥᠮᠦᠨ ᠳ᠋ᠦ᠍ ᠂ ᠬᠠᠮᠲᠤᠷᠠᠨ ᠵᠥᠪᠯᠡᠬᠦ ᠲᠢᠩᠬᠢᠮ ᠦ᠋ᠨ ᠪᠢᠴᠢᠭᠡᠴᠢ   ᠤᠦ  ᠰᠢᠨ ᠢᠦᠢ ᠲᠤᠰᠭᠠᠢ  ᠵᠢᠭᠠᠨ ᠵᠢᠯᠤᠭᠤᠳᠤᠭᠴᠢ ᠲᠣᠮᠢᠯᠠᠵᠤ ᠲᠤᠬᠠᠢ ᠶ᠋ᠢᠨ ᠬᠥᠮᠦᠨ ᠢ᠋ ᠠᠵᠢᠯᠯᠠᠭᠤᠯᠵᠤ ᠂  ᠵᠢᠵᠢᠭ᠌  ᠫᠷᠣᠭ᠍ᠷᠠᠮ ᠢ᠋ ᠪᠠᠭᠤᠯᠭᠠᠵᠤ ᠠᠪᠤᠭᠠᠳ ᠳᠠᠩᠰᠠᠨ ᠳ᠋ᠤ᠌ ᠭᠠᠷᠴᠤ ᠂ ᠳᠦᠷᠰᠦ  ᠰᠢᠩᠭᠡᠭᠡᠬᠦ ᠣᠷᠣ  ᠠ᠋ᠴᠠ   ᠭᠠᠷ ᠤ᠋ᠨ ᠦᠰᠦᠭ ᠵᠢᠷᠤᠵᠤ ᠂  ᠤᠦ  ᠰᠢᠨ ᠢᠦᠢ ᠴᠥᠮ  ᠮᠠᠰᠢ ᠨᠠᠷᠢᠨ ᠨᠢᠭᠲᠠ ᠳᠤᠷ᠎ᠠ ᠦᠭᠡᠢᠴᠡᠬᠦ ᠦᠭᠡᠢ  ᠲᠤᠬᠠᠢ ᠶ᠋ᠢᠨ ᠬᠥᠮᠦᠨ ᠳ᠋ᠦ᠍  ᠵᠢᠭᠠᠭᠰᠠᠨ ᠪᠠᠢᠨ᠎ᠠ ᠃ ᠲᠤᠬᠠᠢ ᠶ᠋ᠢᠨ ᠬᠥᠮᠦᠨ ᠦ᠌ ᠰᠦᠯᠵᠢᠶᠡᠨ ᠳᠡᠭᠡᠷᠡᠬᠢ ᠳᠦᠷᠰᠦ ᠰᠢᠩᠭᠡᠭᠡᠯᠲᠡ ᠶ᠋ᠢᠨ ᠲᠢᠩᠬᠢᠮ ᠦ᠋ᠨ  ᠰᠢᠭᠦᠯᠲᠡ  ᠳ᠋ᠦ᠍ ᠵᠥᠪ ᠣᠷᠣᠯᠴᠠᠬᠤ ᠶ᠋ᠢ ᠪᠠᠲᠤᠯᠠᠵᠤ ᠂ ᠲᠤᠬᠠᠢ ᠶ᠋ᠢᠨ ᠬᠥᠮᠦᠨ ᠦ᠌ ᠰᠦᠯᠵᠢᠶᠡᠨ ᠳᠡᠭᠡᠷᠡᠬᠢ ᠳᠦᠷᠰᠦ ᠰᠢᠩᠭᠡᠭᠡᠯᠲᠡ ᠶ᠋ᠢᠨ ᠲᠢᠩᠬᠢᠮ ᠦ᠋ᠨ  ᠰᠢᠭᠦᠯᠲᠡ  ᠳ᠋ᠦ᠍ ᠵᠠᠷᠭᠤᠯᠳᠤᠬᠤ ᠡᠷᠬᠡ ᠪᠡᠨ ᠭᠦᠢᠴᠡᠳ ᠬᠡᠷᠡᠭᠵᠢᠭᠦᠯᠬᠦ ᠶ᠋ᠢ ᠪᠠᠲᠤᠯᠠᠨ᠎ᠠ ᠃

      ᠳᠡᠭᠡᠷ᠎ᠡ ᠳᠤᠷᠠᠳᠤᠭᠰᠠᠨ 《  ᠳᠥᠷᠪᠡᠨ ᠤᠷᠢᠳᠠᠪᠠᠷ》 ᠪᠡᠯᠡᠳᠭᠡᠯ ᠠᠵᠢᠯ ᠢ᠋ ᠬᠡᠷᠡᠭᠵᠢᠭᠦᠯᠬᠦ ᠪᠡᠷ ᠳᠠᠮᠵᠢᠨ ᠂ ᠮᠥᠩᠭᠥᠨ ᠭᠦᠢᠯᠭᠡᠭᠡᠨ ᠦ᠌ ᠬᠠᠮᠲᠤᠷᠠᠨ ᠵᠥᠪᠯᠡᠬᠦ ᠲᠢᠩᠬᠢᠮ ᠨᠢ ᠰᠦᠯᠵᠢᠶᠡᠨ ᠳᠡᠭᠡᠷᠡᠬᠢ ᠳᠦᠷᠰᠦ ᠰᠢᠩᠭᠡᠭᠡᠯᠲᠡ ᠪᠠᠷ ᠳᠠᠮᠵᠢᠭᠤᠯᠤᠨ 3 ᠬᠡᠷᠡᠭ ᠢ᠋  ᠰᠢᠭᠦᠨ   ᠰᠢᠢᠳᠪᠦᠷᠢᠯᠡᠵᠦ ᠂ ᠰᠠᠢᠨ ᠰᠠᠢᠬᠠᠨ  ᠰᠢᠭᠦᠨ ᠲᠠᠰᠤᠯᠤᠯᠲᠠ ᠶ᠋ᠢᠨ ᠦᠷ᠎ᠡ ᠪᠦᠲᠦᠮᠵᠢ ᠣᠯᠵᠤ ᠂  ᠬᠢᠵᠢᠭ᠌  ᠢ᠋ ᠰᠡᠷᠭᠡᠢᠯᠡᠬᠦ  ᠪᠠ  ᠰᠢᠭᠦᠨ ᠲᠠᠰᠤᠯᠤᠯᠲᠠ  ᠪᠦᠷ  ᠰᠠᠭᠠᠲᠤᠯ  ᠦᠭᠡᠢ  ᠪᠠᠢᠬᠤ  ᠶ᠋ᠢ ᠪᠡᠶᠡᠯᠡᠭᠦᠯᠪᠡ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )