ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠢ᠋ ᠲᠦᠷᠭᠡᠨ  ᠰᠢᠭᠦᠬᠦ ᠠᠵᠢᠯ ᠡᠷᠴᠢᠮᠲᠡᠢ ᠶᠠᠪᠤᠭᠳᠠᠵᠤ ᠪᠠᠢᠨ᠎ᠠ
2020.03.12 ᠲᠣᠰ ᠥᠷᠲᠡᠭᠡᠨ᠎ᠦ ᠨᠠᠢᠷᠠᠭᠤᠯᠤᠭᠴᠢ

      ᠬᠠᠤᠯᠢ ᠴᠠᠭᠠᠵᠠ ᠶ᠋ᠢᠨ ᠡᠬᠢ ᠪᠠᠶᠠᠯᠢᠭ ᠤ᠋ᠨ ᠲᠣᠬᠢᠷᠠᠭᠤᠯᠤᠯᠲᠠ ᠶ᠋ᠢ  ᠰᠢᠯᠢᠳᠡᠭᠵᠢᠭᠦᠯᠦᠨ ᠂ ᠢᠷᠭᠡᠨ ᠦ᠌ ᠬᠡᠷᠡᠭ ᠦ᠋ᠨ  ᠰᠢᠭᠦᠨ ᠲᠠᠰᠤᠯᠤᠯᠲᠠ ᠶ᠋ᠢᠨ ᠴᠢᠨᠠᠷ ᠦᠷ᠎ᠡ ᠪᠦᠲᠦᠮᠵᠢ ᠶ᠋ᠢ  ᠳᠡᠭᠡᠭᠰᠢᠯᠡᠭᠦᠯᠬᠦ  ᠶ᠋ᠢᠨ ᠲᠤᠰᠠᠳᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠬᠡᠷᠡᠭ ᠳᠠᠩᠰᠠᠯᠠᠬᠤ ᠪᠦᠯᠬᠦᠮ ᠳ᠋ᠦ᠍ ᠢᠷᠭᠡᠨ ᠦ᠌ ᠬᠡᠷᠡᠭ ᠢ᠋ ᠲᠦᠷᠭᠡᠨ  ᠰᠢᠭᠦᠬᠦ ᠬᠠᠮᠲᠤᠷᠠᠨ ᠵᠥᠪᠯᠡᠬᠦ ᠬᠣᠶᠠᠷ ᠲᠢᠩᠬᠢᠮ ᠪᠠᠢᠭᠤᠯᠵᠤ ᠂ ᠢᠷᠭᠡᠨ ᠦ᠌ ᠳᠥᠭᠥᠮ ᠬᠡᠷᠡᠭ ᠢ᠋ ᠲᠥᠪᠯᠡᠷᠡᠭᠦᠯᠦᠨ  ᠰᠢᠢᠳᠪᠦᠷᠢᠯᠡᠪᠡ᠃ ᠢᠷᠭᠡᠨ ᠦ᠌ ᠬᠡᠷᠡᠭ ᠢ᠋ ᠲᠦᠷᠭᠡᠨ  ᠰᠢᠭᠦᠬᠦ ᠠᠵᠢᠯ ᠥᠷᠨᠢᠭᠦᠯᠬᠦ ᠪᠣᠯ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠶ᠋ᠢᠨ 《 ᠬᠡᠷᠡᠭ ᠢ᠋ ᠲᠦᠷᠭᠡᠨ  ᠰᠢᠭᠦᠨ ᠲᠠᠰᠤᠯᠬᠤ ᠂  ᠶᠠᠷᠰᠢᠭ ᠲᠦᠪᠡᠭᠲᠡᠢ ᠬᠡᠷᠡᠭ ᠢ᠋ ᠨᠠᠷᠢᠯᠢᠭ  ᠰᠢᠭᠦᠨ ᠲᠠᠰᠤᠯᠬᠤ 》  ᠰᠢᠭᠦᠨ ᠲᠠᠰᠤᠯᠤᠯᠲᠠ ᠶ᠋ᠢᠨ ᠵᠢᠯᠣᠭᠣᠳᠬᠤ ᠵᠠᠷᠴᠢᠮ ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ ᠂ ᠮᠥᠨ ᠴᠦ᠍ ᠣᠷᠳᠣᠰ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠡᠷᠡᠭ ᠢ᠋  ᠰᠢᠭᠦᠨ ᠲᠠᠰᠤᠯᠤᠭᠰᠠᠨ ᠠᠮᠵᠢᠯᠲᠠ ᠪᠦᠲᠦᠮᠵᠢ ᠶ᠋ᠢ  ᠳᠡᠭᠡᠭᠰᠢᠯᠡᠭᠦᠯᠵᠦ ᠂  ᠳᠣᠷᠤᠭᠰᠢ ᠵᠢᠭᠠᠨ ᠵᠢᠯᠣᠭᠣᠳᠬᠤ ᠶ᠋ᠢ ᠴᠢᠩᠭᠠᠳᠭᠠᠬᠤ ᠬᠡᠷᠡᠭᠲᠡᠢ ᠃

       ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠬᠡᠷᠡᠭ ᠦ᠋ᠨ ᠶᠠᠰᠤ ᠴᠢᠨᠠᠷ ᠢ᠋ ᠪᠠᠲᠤᠯᠠᠭᠰᠠᠨ ᠤᠷᠢᠳᠠᠯ ᠳᠣᠣᠷ᠎ᠠ ᠂ ᠴᠥᠭᠡᠨ ᠲᠣᠭᠠᠨ ᠤ᠋  ᠰᠢᠭᠦᠨ ᠲᠠᠰᠤᠯᠬᠤ ᠬᠦᠴᠦᠨ ᠢ᠋ᠶ᠋ᠡᠷ ᠨᠡᠯᠢᠶᠡᠳ ᠣᠯᠠᠨ ᠡᠩ ᠦ᠋ᠨ ᠬᠡᠷᠡᠭ ᠢ᠋ ᠲᠦᠷᠭᠡᠨ  ᠰᠢᠢᠳᠪᠦᠷᠢᠯᠡᠵᠦ ᠂ ᠪᠤᠰᠤᠳ ᠬᠠᠤᠯᠢ ᠶ᠋ᠢᠨ   ᠲᠤᠰᠢᠶᠠᠯᠲᠠᠨ  ᠳ᠋ᠤ᠌ ᠪᠤᠳᠤᠯᠢᠶᠠᠨᠲᠠᠢ ᠬᠡᠷᠡᠭ ᠢ᠋  ᠰᠢᠢᠳᠪᠦᠷᠢᠯᠡᠵᠦ ᠥᠭᠴᠦ ᠂ ᠨᠡᠩ ᠣᠯᠠᠨ ᠬᠦᠴᠦ ᠪᠠ ᠴᠠᠭ ᠬᠤᠭᠤᠴᠠᠭ᠎ᠠ ᠶ᠋ᠢ ᠦᠯᠡᠳᠡᠭᠡᠨ ᠥᠭᠬᠦ ᠶ᠋ᠢᠨ ᠤᠯᠠᠮ ᠠ᠋ᠴᠠ 《 ᠬᠡᠷᠡᠭ ᠣᠯᠠᠨ ᠬᠥᠮᠦᠨ ᠴᠥᠭᠡᠨ 》 ᠪᠠᠢᠬᠤ ᠵᠥᠷᠢᠴᠡᠯ ᠢ᠋ ᠪᠦᠬᠦᠯᠢ ᠴᠣᠭᠴᠠ ᠪᠠᠷ ᠨᠢ  ᠰᠢᠢᠳᠪᠦᠷᠢᠯᠡᠬᠦ  ᠶ᠋ᠢᠨ ᠬᠠᠮᠲᠤ  ᠰᠢᠭᠦᠨ ᠲᠠᠰᠤᠯᠤᠯᠲᠠ ᠶ᠋ᠢᠨ ᠴᠢᠨᠠᠷ ᠦᠷ᠎ᠡ ᠪᠦᠲᠦᠮᠵᠢ ᠶ᠋ᠢ  ᠳᠡᠭᠡᠭᠰᠢᠯᠡᠭᠦᠯᠦᠨ᠎ᠡ ᠃

      ᠢᠷᠭᠡᠨ ᠦ᠌ ᠬᠡᠷᠡᠭ ᠦ᠋ᠨ ᠳᠥᠭᠥᠮ ᠬᠡᠷᠡᠭ ᠢ᠋ ᠲᠦᠷᠭᠡᠨ ᠰᠢᠭᠦᠬᠦ ᠠᠵᠢᠯ ᠥᠷᠨᠢᠭᠦᠯᠬᠦ ᠶᠠᠪᠤᠴᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠲᠤᠬᠠᠢ ᠶ᠋ᠢᠨ ᠬᠥᠮᠦᠨ ᠦ᠌ ᠵᠠᠷᠭᠤᠯᠳᠤᠬᠤ ᠡᠷᠬᠡ ᠶ᠋ᠢ ᠪᠠᠲᠤᠯᠠᠭᠰᠠᠨ ᠤᠷᠢᠳᠠᠯ ᠳᠣᠣᠷ᠎ᠠ ᠂ ᠢᠷᠭᠡᠨ ᠦ᠌ ᠪᠠ ᠬᠤᠳᠠᠯᠳᠤᠭᠠᠨ ᠤ᠋ ᠬᠡᠷᠡᠭ ᠦ᠋ᠨ ᠶᠠᠪᠤᠴᠠ ᠳᠥᠭᠥᠮ  ᠂ ᠲᠡᠮᠳᠡᠭᠯᠡᠬᠦ ᠠᠷᠭ᠎ᠠ ᠮᠠᠶᠢᠭ ᠨᠢ ᠳᠥᠭᠥᠮ ᠂ ᠡᠭᠦᠯᠡᠨ ᠳᠡᠭᠡᠷᠡᠬᠢ ᠰᠢᠭᠦᠬᠦ ᠲᠢᠩᠬᠢᠮ ᠂ ᠴᠢᠬᠤᠯᠠ ᠡᠯᠸᠮᠸᠨᠲ ᠬᠡᠯᠪᠡᠷᠢ ᠶ᠋ᠢᠨ  ᠰᠢᠭᠦᠨ ᠲᠠᠰᠤᠯᠤᠯᠲᠠ ᠂ ᠡᠯᠧᠺᠲ᠋ᠷᠣᠨ  ᠢ᠋ᠢᠠᠷ ᠬᠦᠷᠭᠡᠬᠦ ᠵᠡᠷᠭᠡ  ᠰᠢᠭᠦᠨ ᠲᠠᠰᠤᠯᠬᠤ ᠳᠦᠷᠢᠮ ᠢ᠋ ᠬᠠᠢᠨ ᠰᠦᠪᠡᠭᠴᠢᠯᠡᠵᠦ ᠲᠡᠭᠦᠯᠳᠡᠷᠵᠢᠭᠦᠯᠦᠨ ᠂ ᠰᠤᠷᠠᠭ ᠵᠠᠩᠭᠢᠴᠢᠯᠠᠯᠲᠠ ᠶ᠋ᠢᠨ ᠠᠷᠭ᠎ᠠ ᠪᠠᠷᠢᠯ ᠢ᠋ᠶ᠋ᠠᠷ  ᠰᠢᠭᠦᠨ ᠲᠠᠰᠤᠯᠤᠯᠲᠠ ᠶ᠋ᠢᠨ ᠦᠷ᠎ᠡ ᠪᠦᠲᠦᠮᠵᠢ ᠶ᠋ᠢ  ᠳᠡᠭᠡᠭᠰᠢᠯᠡᠭᠦᠯᠦᠨ᠎ᠡ᠃

      ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠪᠠᠰᠠ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠶ᠋ᠢ ᠵᠢᠯᠣᠭᠣᠳᠴᠤ ᠪᠠᠢᠭᠠᠳ ᠢᠷᠭᠡᠨ ᠦ᠌ ᠬᠡᠷᠡᠭ ᠢ᠋   ᠶᠠᠷᠰᠢᠭ ᠲᠦᠪᠡᠭᠲᠡᠢ ᠪᠠ ᠳᠥᠭᠥᠮ ᠬᠡᠷᠡᠭ ᠢ᠋ ᠲᠦᠷᠭᠡᠨ ᠰᠢᠭᠦᠬᠦ ᠠᠵᠢᠯ ᠥᠷᠨᠢᠭᠦᠯᠦᠨ᠎ᠡ᠃ ᠬᠣᠶᠠᠷ ᠵᠢᠯ ᠣᠷᠴᠢᠮ ᠤ᠋ᠨ ᠴᠠᠭ ᠢ᠋  ᠠᠰᠢᠭᠯᠠᠵᠤ ᠂ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠶ᠋ᠢ ᠵᠢᠯᠣᠭᠣᠳᠤᠨ ᠵᠣᠬᠢᠶᠠᠨ ᠪᠠᠢᠭᠤᠯᠤᠭᠴᠢ ᠨᠢ ᠪᠦᠷᠢᠨ ᠭᠦᠢᠴᠡᠳ ᠂ ᠳᠡᠭᠡᠷ᠎ᠡ ᠳᠣᠣᠷ᠎ᠠ ᠨᠢ ᠡᠮᠬᠢ ᠵᠢᠷᠤᠮ ᠲᠠᠢ ᠶᠠᠪᠤᠭᠳᠠᠵᠤ ᠂  ᠰᠢᠭᠦᠨ ᠲᠠᠰᠤᠯᠬᠤ ᠲᠤᠬᠠᠢᠯᠠᠭᠰᠠᠨ ᠠᠵᠢᠯ ᠳ᠋ᠠᠭᠠᠨ ᠪᠣᠯᠪᠠᠰᠤᠷᠠᠩᠭᠤᠢ ᠲᠦᠷᠭᠡᠨ ᠰᠢᠭᠦᠬᠦ ᠂ ᠲᠦᠷᠭᠡᠨ ᠰᠢᠭᠦᠬᠦ ᠵᠣᠬᠢᠶᠠᠨ ᠪᠠᠢᠭᠤᠯᠤᠯᠲᠠ ᠪᠠᠢᠭᠤᠯᠵᠤ ᠂ ᠡᠴᠦᠰ ᠲᠡᠭᠡᠨ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ 《 ᠳᠥᠭᠥᠮ ᠬᠡᠷᠡᠭ ᠢ᠋ ᠲᠦᠷᠭᠡᠨ  ᠰᠢᠭᠦᠵᠦ  ᠂  ᠶᠠᠷᠰᠢᠭ ᠲᠦᠪᠡᠭᠲᠡᠢ ᠬᠡᠷᠡᠭ ᠢ᠋ ᠨᠠᠷᠢᠯᠢᠭ  ᠰᠢᠭᠦᠨ ᠲᠠᠰᠤᠯᠬᠤ 》 ᠠᠵᠢᠯ ᠤ᠋ᠨ  ᠪᠠᠢᠷᠢᠰᠢᠯ  ᠢ᠋ ᠪᠦᠷᠢᠯᠳᠦᠭᠦᠯᠪᠡ ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )