ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠭᠦᠢᠴᠡᠳᠭᠡᠬᠦ ᠠᠵᠢᠯ ᠤ᠋ᠨ ᠬᠥᠲᠥᠯᠪᠦᠷᠢ ᠶ᠋ᠢᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ 《 ᠭᠤᠷᠪᠠ ᠶ᠋ᠢ ᠨᠢᠭᠡᠳᠭᠡᠬᠦ 》 ᠬᠠᠮᠢᠶᠠᠷᠤᠯᠲᠠ ᠶ᠋ᠢᠨ ᠣᠢᠯᠠᠭᠠᠭᠳᠠᠬᠤᠨ ᠢ᠋ ᠪᠣᠢ ᠪᠣᠯᠭᠠᠬᠤ ᠶ᠋ᠢᠨ ᠲᠥᠯᠥᠭᠡ ᠂ ᠳᠡᠭᠡᠳᠦ ᠵᠡᠷᠭᠡ ᠶ᠋ᠢᠨ ᠰᠢᠭᠦᠬᠦ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠮᠡᠳᠡᠭᠳᠡᠯ ᠦ᠋ᠨ ᠱᠠᠭᠠᠷᠳᠠᠯᠭ᠎ᠠ ᠶ᠋ᠢ ᠦᠨᠳᠦᠰᠦᠯᠡᠨ ᠂ 3 ᠰᠠᠷ᠎ᠠ ᠶ᠋ᠢᠨ 2 ᠤ᠋ ᠡᠳᠦᠷ ᠦ᠋ᠨ ᠦᠳᠡ ᠶ᠋ᠢᠨ ᠬᠣᠢᠨ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠠ᠋ᠴᠠ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠭᠦᠢᠴᠡᠳᠭᠡᠬᠦ ᠠᠵᠢᠯ ᠤ᠋ᠨ ᠪᠠᠢᠷᠢᠯᠠᠭᠤᠯᠤᠯᠲᠠ ᠶ᠋ᠢᠨ ᠬᠤᠷᠠᠯ ᠵᠢᠴᠢ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠭᠦᠢᠴᠡᠳᠭᠡᠬᠦ ᠲᠣᠪᠴᠢᠶ᠎ᠠ ᠶ᠋ᠢᠨ ᠲᠣᠪᠴᠢᠶᠠᠨ ᠳᠠᠷᠤᠭ᠎ᠠ ᠶ᠋ᠢᠨ ᠲᠤᠰᠢᠶᠠᠯ ᠤ᠋ᠨ ᠮᠡᠳᠡᠭᠦᠯᠦᠯᠲᠡ ᠠᠷᠢᠭᠤᠨ ᠴᠢᠬᠡᠴᠢ ᠶ᠋ᠢᠨ ᠳᠦᠷᠰᠦ ᠰᠢᠩᠭᠡᠭᠡᠯᠲᠡ ᠶ᠋ᠢᠨ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠪᠠ ᠃ ᠬᠤᠷᠠᠯ ᠢ᠋ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠭᠡᠬᠦ ᠲᠣᠪᠴᠢᠶ᠎ᠠ ᠶ᠋ᠢᠨ ᠳᠠᠷᠤᠭ᠎ᠠ ᠵᠠᠩ ᠶᠤᠸᠠᠢ ᠹᠧᠩ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠾᠧ ᠵᠦᠩ ᠫᠢᠩ ᠂ ᠡᠯ᠎ᠡ ᠦᠨᠳᠦᠰᠦᠨ ᠱᠠᠲᠤᠨ ᠤ᠋ ᠬᠣᠷᠢᠶᠠᠨ ᠤ᠋ ᠬᠤᠪᠢᠳᠠᠨ ᠬᠠᠮᠢᠶᠠᠷᠬᠤ ᠤᠳᠤᠷᠢᠳᠤᠯᠭ᠎ᠠ ᠂ ᠭᠦᠢᠴᠡᠳᠭᠡᠬᠦ ᠲᠣᠪᠴᠢᠶᠠᠨ ᠳᠠᠷᠤᠭ᠎ᠠ ᠵᠢᠴᠢ ᠬᠠᠮᠢᠶ᠎ᠠ ᠪᠥᠬᠥᠢ ᠬᠥᠮᠦᠰ ᠬᠤᠷᠠᠯ ᠳ᠋ᠤ᠌ ᠣᠷᠣᠯᠴᠠᠪᠠ ᠃
ᠬᠤᠷᠠᠯ ᠳᠡᠭᠡᠷ᠎ᠡ ᠂ ᠳ᠋ᠦᠩᠱᠧᠩ ᠲᠣᠭᠣᠷᠢᠭ ᠤ᠋ᠨ ᠰᠢᠭᠦᠬᠦ ᠬᠣᠷᠢᠶ᠎ᠠ ᠂ ᠳᠠᠯᠠᠳ ᠬᠣᠰᠢᠭᠤᠨ ᠤ᠋ ᠰᠢᠭᠦᠬᠦ ᠬᠣᠷᠢᠶ᠎ᠠ ᠂ ᠵᠡᠭᠦᠨᠭᠠᠷ ᠬᠣᠰᠢᠭᠤᠨ ᠤ᠋ ᠰᠢᠭᠦᠬᠦ ᠬᠣᠷᠢᠶ᠎ᠠ ᠂ ᠣᠲᠣᠭ ᠬᠣᠰᠢᠭᠤᠨ ᠤ᠋ ᠰᠢᠭᠦᠬᠦ ᠬᠣᠷᠢᠶ᠎ᠠ ᠶ᠋ᠢᠨ ᠭᠦᠢᠴᠡᠳᠭᠡᠬᠦ ᠲᠣᠪᠴᠢᠶ᠎ᠠ ᠶ᠋ᠢᠨ ᠳᠠᠷᠤᠭ᠎ᠠ ᠨᠠᠷ 2019 ᠣᠨ ᠤ᠋ ᠡᠯ᠎ᠡ ᠬᠣᠷᠢᠶ᠎ᠠ ᠶ᠋ᠢᠨ ᠭᠦᠢᠴᠡᠳᠭᠡᠬᠦ ᠠᠵᠢᠯ ᠢ᠋ ᠪᠡᠶᠡᠯᠡᠭᠦᠯᠦᠭᠰᠡᠨ ᠪᠠᠢᠳᠠᠯ ᠵᠢᠴᠢ 2020 ᠣᠨ ᠤ᠋ ᠠᠵᠢᠯ ᠤ᠋ᠨ ᠲᠣᠬᠢᠷᠠᠭᠤᠯᠤᠯᠲᠠ ᠶ᠋ᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠮᠡᠳᠡᠭᠦᠯᠵᠦ ᠂ ᠦᠨᠳᠦᠰᠦᠨ ᠱᠠᠲᠤᠨ ᠤ᠋ ᠪᠤᠰᠤᠳ ᠰᠢᠭᠦᠬᠦ ᠬᠣᠷᠢᠶ᠎ᠠ ᠪᠢᠴᠢᠭ᠌ ᠢ᠋ᠶ᠋ᠡᠷ ᠲᠤᠰᠢᠶᠠᠯ ᠢ᠋ᠶ᠋ᠠᠨ ᠲᠣᠭᠠᠴᠢᠭᠰᠠᠨ ᠪᠠᠢᠨ᠎ᠠ ᠃ ᠵᠠᠩ ᠶᠤᠸᠠᠢ ᠹᠧᠩ ᠠᠵᠢᠯ ᠢ᠋ᠶ᠋ᠠᠨ ᠲᠣᠭᠠᠴᠢᠭᠰᠠᠨ ᠳᠥᠷᠪᠡᠨ ᠰᠢᠭᠦᠬᠦ ᠬᠣᠷᠢᠶᠠᠨ ᠤ᠋ ᠭᠦᠢᠴᠡᠳᠭᠡᠬᠦ ᠠᠵᠢᠯ ᠢ᠋ ᠲᠤᠰ ᠲᠤᠰ ᠦᠨᠡᠯᠡᠵᠦ ᠂ ᠡᠯ᠎ᠡ ᠬᠣᠷᠢᠶᠠᠨ ᠤ᠋ ᠠᠵᠢᠯ ᠤ᠋ᠨ ᠠᠮᠵᠢᠯᠲᠠ ᠶ᠋ᠢ ᠨᠤᠲᠠᠯᠠᠵᠤ ᠂ ᠠᠰᠠᠭᠤᠳᠠᠯ ᠪᠠ ᠴᠢᠷᠮᠠᠢᠬᠤ ᠴᠢᠭᠯᠡᠯ ᠢ᠋ ᠵᠢᠭᠠᠵᠤ ᠭᠠᠷᠭᠠᠪᠠ ᠃
ᠠᠵᠢᠯ ᠢ᠋ᠶ᠋ᠠᠨ ᠲᠣᠭᠠᠴᠢᠵᠤ ᠦᠨᠡᠯᠡᠯᠲᠡ ᠬᠢᠭᠰᠡᠨ ᠦ᠌ ᠳᠠᠷᠠᠭ᠎ᠠ ᠂ ᠾᠧ ᠵᠦᠩ ᠫᠢᠩ 2016 ᠣᠨ ᠠ᠋ᠴᠠ ᠨᠠᠰᠢᠬᠢ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠭᠦᠢᠴᠡᠳᠭᠡᠬᠦ ᠠᠵᠢᠯ ᠢ᠋ ᠳ᠋ᠦᠩᠨᠡᠨ ᠵᠠᠳᠠᠯᠪᠠ ᠃ ᠥᠩᠭᠡᠷᠡᠭᠰᠡᠨ ᠵᠢᠯ ᠦ᠋ᠨ ᠰᠡᠭᠦᠯᠴᠢ ᠪᠡᠷ ᠰᠢᠢᠳᠪᠦᠷᠢᠯᠡᠭᠡ ᠦᠭᠡᠢ ᠬᠡᠷᠡᠭ ᠪᠦᠬᠦ ᠣᠷᠣᠨ ᠤ᠋ 50% ᠶ᠋ᠢ ᠡᠵᠡᠯᠡᠵᠦ ᠪᠠᠢᠭᠰᠠᠨ ᠠ᠋ᠴᠠ ᠪᠠᠨ ᠪᠠᠭᠤᠷᠠᠭᠠᠳ ᠣᠳᠣᠬᠠᠨ ᠤ᠋ 11% ᠪᠣᠯᠵᠠᠢ ᠂ ᠡᠨᠡ ᠬᠢᠷᠢ ᠪᠦᠲᠦᠮᠵᠢ ᠶ᠋ᠢ ᠣᠯᠤᠭᠰᠠᠨ ᠨᠢ ᠦᠨᠡᠨ ᠬᠢᠯᠪᠠᠷ ᠪᠤᠰᠤ ᠶᠤᠮ ᠂ ᠡᠳᠡᠭᠡᠷ ᠦᠷ᠎ᠡ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠭᠡᠬᠦ ᠲᠣᠪᠴᠢᠶ᠎ᠠ ᠶ᠋ᠢᠨ ᠵᠥᠪ ᠣᠨᠣᠪᠴᠢᠲᠠᠢ ᠤᠳᠤᠷᠢᠳᠤᠯᠭ᠎ᠠ ᠪᠠ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠭᠡᠳᠦ ᠬᠡᠮᠵᠢᠶᠡᠨ ᠦ᠌ ᠴᠢᠬᠤᠯᠠᠴᠢᠯᠠᠯ ᠪᠠ ᠳᠡᠮᠵᠢᠯᠭᠡ ᠂ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠭᠦᠢᠴᠡᠳᠭᠡᠬᠦ ᠺᠠᠲᠷ ᠴᠠᠭᠳᠠᠭ᠎ᠠ ᠶ᠋ᠢᠨ ᠬᠠᠮᠲᠤ ᠶ᠋ᠢᠨ ᠴᠢᠷᠮᠠᠢᠯᠭ᠎ᠠ ᠪᠠ ᠰᠢᠷᠭᠠᠭᠤ ᠬᠠᠲᠠᠭᠤᠵᠢᠯᠲᠠᠢ ᠴᠢᠷᠮᠠᠢᠯᠭ᠎ᠠ ᠠ᠋ᠴᠠ ᠢᠷᠡᠭᠰᠡᠨ ᠪᠣᠯᠬᠣᠷ ᠡᠯ᠎ᠡ ᠺᠠᠲᠷ ᠴᠠᠭᠳᠠᠭ᠎ᠠ ᠨᠠᠷ ᠦᠷᠭᠦᠯᠵᠢᠯᠡᠨ ᠴᠢᠷᠮᠠᠢᠵᠤ ᠂ ᠡᠨᠡ ᠠᠵᠢᠯ ᠤ᠋ᠨ ᠪᠦᠲᠦᠮᠵᠢ ᠪᠡᠨ ᠪᠠᠲᠤᠯᠠᠬᠤ ᠶ᠋ᠢ ᠬᠦᠰᠡᠵᠦ ᠪᠠᠢᠨ᠎ᠠ ᠃
ᠬᠠᠮᠤᠭ ᠰᠡᠭᠦᠯ ᠳ᠋ᠦ᠍ ᠨᠢ ᠂ ᠾᠧ ᠵᠦᠩ ᠫᠢᠩ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ 2020 ᠣᠨ ᠤ᠋ ᠭᠦᠢᠴᠡᠳᠭᠡᠬᠦ ᠠᠵᠢᠯ ᠤ᠋ᠨ ᠲᠤᠬᠠᠢ ᠪᠠᠢᠷᠢᠯᠠᠭᠤᠯᠤᠯᠲᠠ ᠬᠢᠵᠦ ᠂ ᠲᠡᠷᠡ 2020 ᠣᠨ ᠤ᠋ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠭᠦᠢᠴᠡᠳᠭᠡᠬᠦ ᠠᠵᠢᠯ ᠤ᠋ᠨ ᠶᠡᠷᠦᠩᠬᠡᠢ ᠲᠡᠮᠡᠴᠡᠬᠦ ᠬᠠᠷᠠᠯᠲᠠ ᠶ᠋ᠢ ᠳᠤᠷᠠᠳᠤᠨ ᠭᠠᠷᠭᠠᠭᠰᠠᠨ ᠨᠢ 《 ᠲᠠᠪᠤᠵᠢᠭᠤᠯᠤᠯᠲᠠ 》 ᠶ᠋ᠢ ᠴᠢᠷᠮᠠᠢᠨ ᠪᠡᠶᠡᠯᠡᠭᠦᠯᠦᠨ᠎ᠡ ᠄ ᠨᠢᠭᠡ ᠳ᠋ᠦ᠍ ᠭᠣᠣᠯ ᠭᠦᠢᠴᠡᠳᠭᠡᠬᠦ ᠲᠣᠭ᠎ᠠ ᠶ᠋ᠢ ᠪᠠᠷᠢᠮᠵᠢᠶᠠᠨ ᠳ᠋ᠤ᠌ ᠬᠦᠷᠭᠡᠬᠦ ᠶ᠋ᠢ ᠪᠠᠢᠩᠭᠤᠵᠢᠭᠤᠯᠬᠤ ᠃ ᠬᠣᠶᠠᠷ ᠲᠤ᠌ ᠭᠦᠢᠴᠡᠳᠭᠡᠭᠰᠡᠨ ᠦᠷ᠎ᠡ ᠪᠦᠲᠦᠭᠡᠯ ᠦ᠋ᠨ ᠵᠢᠷᠤᠮᠵᠢᠭᠤᠯᠤᠯᠲᠠ ᠶ᠋ᠢ ᠪᠡᠬᠢᠵᠢᠭᠦᠯᠦᠨ᠎ᠡ ; ᠭᠤᠷᠪᠠ ᠳ᠋ᠤ᠌ ᠭᠦᠢᠴᠡᠳᠭᠡᠬᠦ ᠠᠷᠭ᠎ᠠ ᠬᠡᠮᠵᠢᠶ᠎ᠡ ᠶ᠋ᠢᠨ ᠮᠡᠳᠡᠭᠡ ᠵᠠᠩᠭᠢᠴᠢᠯᠠᠯᠲᠠ ᠶ᠋ᠢ ᠬᠡᠷᠡᠭᠵᠢᠭᠦᠯᠦᠨ᠎ᠡ᠃ ᠳᠥᠷᠪᠡ ᠳ᠋ᠦ᠍ ᠭᠦᠢᠴᠡᠳᠭᠡᠬᠦ ᠶᠠᠪᠤᠴᠠ ᠢ᠋ ᠢᠯᠡ ᠪᠣᠯᠭᠠᠬᠤ ︔ ᠲᠠᠪᠤ ᠳ᠋ᠤ᠌ ᠭᠦᠢᠴᠡᠳᠭᠡᠬᠦ ᠬᠠᠮᠢᠶᠠᠷᠤᠯᠲᠠ ᠶ᠋ᠢᠨ ᠵᠠᠭᠪᠤᠷ ᠢ᠋ ᠨᠠᠷᠢᠯᠢᠭᠵᠢᠭᠤᠯᠤᠨ᠎ᠠ ᠃ 2020 ᠣᠨ ᠤ᠋ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠭᠦᠢᠴᠡᠳᠭᠡᠬᠦ ᠠᠵᠢᠯ ᠳ᠋ᠤ᠌ ᠭᠤᠷᠪᠠᠨ ᠪᠣᠳᠠᠲᠠᠢ ᠱᠠᠭᠠᠷᠳᠠᠯᠭ᠎ᠠ ᠳᠤᠷᠠᠳᠴᠠᠢ ᠄
ᠡᠯ᠎ᠡ ᠬᠣᠷᠢᠶ᠎ᠠ ᠨᠢ ᠣᠳᠣᠬᠠᠨ ᠤ᠋ ᠡᠠᠵᠢᠯ ᠤ᠋ᠨ ᠡᠠᠮᠵᠢᠯᠳᠠ ᠡᠣᠯᠣᠬᠰᠠᠠ ᠰᠠᠭᠤᠷᠢᠨ ᠳᠡᠭᠡᠷ᠎ᠡ ᠂ ᠭᠦᠢᠴᠡᠳᠭᠡᠨ ᠡᠣᠬᠠᠭᠣᠯᠬᠣ ᠡᠠᠵᠢᠯ ᠢ᠋ ᠴᠢᠷᠮᠠᠢᠨ ᠰᠠᠢᠲᠤᠷ ᠠᠳᠭᠤᠵᠤ ᠂ 《 ᠭᠦᠢᠴᠡᠳᠭᠡᠬᠦ ᠳ᠋ᠦ᠍ ᠬᠦᠴᠢᠷᠳᠡᠯ ᠢ᠋ ᠦᠨᠡᠨᠬᠦ ᠰᠢᠢᠳᠪᠦᠷᠢᠯᠡᠬᠦ ᠳ᠋ᠦ᠍ 》 ᠰᠠᠢᠨ ᠰᠠᠢᠬᠠᠨ ᠠᠭᠤᠷ ᠠᠮᠢᠰᠭᠤᠯ ᠢ᠋ ᠪᠣᠢ ᠪᠣᠯᠭᠠᠬᠤ ᠬᠡᠷᠡᠭᠲᠡᠢ ︔
ᠭᠦᠢᠴᠡᠳᠭᠡᠬᠦ ᠳ᠋ᠦ᠍ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠲᠤᠰᠭᠠᠢ ᠬᠥᠮᠦᠨ ᠰᠢᠢᠳᠪᠦᠷᠢᠯᠡᠬᠦ ᠠᠵᠢᠯ ᠤ᠋ᠨ ᠲᠣᠭᠲᠠᠴᠠ ᠶ᠋ᠢ ᠨᠠᠢᠳᠠᠪᠤᠷᠢᠵᠢᠭᠤᠯᠬᠤ ᠶ᠋ᠢᠨ ᠬᠠᠮᠲᠤ ᠡᠯ᠎ᠡ ᠬᠣᠷᠢᠶᠠᠨ ᠤ᠋ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠭᠦᠢᠴᠡᠳᠭᠡᠬᠦ ᠲᠣᠪᠴᠢᠶᠠᠨ ᠤ᠋ ᠳᠠᠷᠤᠭ᠎ᠠ ᠪᠡᠶ᠎ᠡ ᠪᠡᠷ ᠢ᠋ᠶ᠋ᠡᠨ ᠱᠠᠭᠠᠷᠳᠠᠨ ᠰᠢᠢᠳᠪᠦᠷᠢᠯᠡᠭᠦᠯᠬᠦ ᠬᠡᠷᠡᠭᠲᠡᠢ ;
ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠱᠠᠭᠠᠷᠳᠠᠯᠭ᠎ᠠ ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠲᠤᠰ ᠬᠣᠷᠢᠶᠠᠨ ᠤ᠋ ᠰᠠᠬᠢᠯᠭ᠎ᠠ ᠪᠠᠲᠤ ᠪᠠᠢᠴᠠᠭᠠᠬᠤ ᠰᠠᠯᠠᠭ᠎ᠠ ᠮᠥᠴᠢᠷ ᠲᠡᠢ ᠬᠠᠮᠲᠤᠷᠠᠨ 2020 ᠣᠨ ᠤ᠋ ᠭᠦᠢᠴᠡᠳᠭᠡᠬᠦ ᠠᠵᠢᠯ ᠤ᠋ᠨ 《 ᠨᠢᠭᠡ ᠬᠡᠷᠡᠭ ᠲᠦ᠍ ᠬᠣᠶᠠᠷ ᠪᠠᠢᠴᠠᠭᠠᠯᠲᠠ ᠬᠢᠬᠦ 》 ᠠᠵᠢᠯ ᠢ᠋ ᠰᠠᠢᠲᠤᠷ ᠬᠢᠵᠦ ᠂ ᠭᠦᠢᠴᠡᠳᠭᠡᠬᠦ ᠦᠢᠯᠡ ᠠᠵᠢᠯᠯᠠᠭ᠎ᠠ ᠶ᠋ᠢ ᠲᠠᠰᠤᠷᠠᠯᠲᠠ ᠦᠭᠡᠢ ᠵᠢᠷᠤᠮᠵᠢᠭᠤᠯᠤᠨ ᠂ ᠭᠦᠢᠴᠡᠳᠭᠡᠬᠦ ᠬᠠᠮᠢᠶᠠᠷᠤᠯᠲᠠ ᠶ᠋ᠢ ᠴᠢᠩᠭᠠᠷᠠᠭᠤᠯᠬᠤ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ