ᠰᠧᠴᠤᠸᠠᠨ ᠂ ᠴᠦᠩᠴᠢᠩ ᠂ ᠱᠠᠨ ᠰᠢ᠂ ᠱᠠᠨᠰᠢ ᠨᠤᠲᠤᠭ ᠲᠠᠢ ᠲᠠᠷᠢᠶᠠᠴᠢᠨ ᠠᠵᠢᠯᠴᠢᠨ ᠨᠡᠢᠲᠡ 6 ᠬᠥᠮᠦᠨ ᠣᠷᠳᠣᠰ ᠤ᠋ᠨ ᠨᠢᠭᠡᠨ ᠪᠠᠷᠢᠯᠭ᠎ᠠ ᠶ᠋ᠢᠨ ᠭᠠᠵᠠᠷ ᠲᠤ᠌ ᠬᠥᠳᠡᠯᠮᠦᠷᠢ ᠦᠢᠯᠡᠴᠢᠯᠡᠭᠡᠨ ᠦ᠌ ᠠᠵᠢᠯ ᠬᠢᠵᠦ ᠂ ᠠᠵᠢᠯ ᠤ᠋ᠨ ᠬᠤᠭᠤᠴᠠᠭ᠎ᠠ ᠳᠠᠭᠤᠰᠬᠤ ᠰᠢᠬᠠᠵᠤ᠂ ᠠᠵᠢᠯ ᠳᠠᠭᠠᠭᠠᠭᠴᠢ ᠨᠢ ᠬᠥᠳᠡᠯᠮᠦᠷᠢ ᠦᠢᠯᠡᠴᠢᠯᠡᠭᠡᠨ ᠦ᠌ ᠢᠨᠵᠧᠨᠧᠷᠢᠩ ᠦ᠋ᠨ ᠰᠦᠢᠳᠭᠡᠯ ᠢ᠋ ᠣᠯᠤᠭᠰᠠᠨ ᠤ᠋ ᠳᠠᠷᠠᠭ᠎ᠠ ᠳᠤᠲᠠᠭᠠᠨ ᠶᠠᠪᠤᠵᠤ ᠂ᠲᠠᠷᠢᠶᠠᠴᠢᠨ ᠠᠵᠢᠯᠴᠢᠨ ᠤ᠋ ᠴᠠᠯᠢᠩ ᠨᠢ ᠪᠠᠷ᠎ᠠ ᠦᠭᠡᠢ ᠪᠣᠯᠤᠭᠰᠠᠨ ᠪᠠᠢᠨ᠎ᠠ ᠃ 6 ᠲᠠᠷᠢᠶᠠᠴᠢᠨ ᠠᠵᠢᠯᠴᠢᠨ ᠳᠠᠭᠠᠭᠠᠴᠢᠯᠠᠭᠤᠯᠤᠭᠴᠢ ᠨᠢ ᠬᠤᠨᠠᠨ ᠤ᠋ ᠨᠢᠭᠡᠨ ᠺᠣᠮᠫᠠᠨᠢ ᠪᠠᠷ ᠬᠥᠳᠡᠯᠮᠦᠷᠢ ᠶ᠋ᠢᠨ ᠮᠠᠷᠭᠤᠯᠳᠤᠭᠠᠨ ᠢ᠋ ᠬᠥᠨᠳᠡᠯᠡᠨ ᠡᠴᠡ ᠲᠠᠰᠤᠯᠠᠭᠤᠯᠬᠤ ᠪᠡᠷ ᠵᠠᠭᠠᠯᠳᠤᠵᠤ᠂ ᠴᠠᠯᠢᠩ ᠵᠢᠴᠢ ᠠᠵᠤ ᠠᠬᠤᠢ ᠶ᠋ᠢᠨ ᠲᠥᠯᠥᠪᠦᠷᠢ ᠮᠥᠩᠭᠥ ᠠᠪᠬᠤ ᠪᠠᠷ ᠭᠤᠶᠤᠴᠢᠯᠠᠵᠠᠢ᠃ ᠲᠤᠬᠠᠢ ᠶ᠋ᠢᠨ ᠭᠠᠵᠠᠷ ᠤ᠋ᠨ ᠬᠥᠨᠳᠡᠯᠡᠨ ᠡᠴᠡ ᠲᠠᠰᠤᠯᠬᠤ ᠭᠡᠰᠢᠭᠦᠨ ᠨᠢ ᠭᠣᠣᠯ ᠴᠣᠭᠴᠠ ᠳ᠋ᠤ᠌ ᠦᠯᠦ ᠲᠣᠬᠢᠷᠠᠬᠤ ᠰᠢᠯᠲᠠᠭᠠᠨ ᠢ᠋ᠶ᠋ᠠᠷ ᠬᠦᠯᠢᠶᠡᠨ ᠠᠪᠴᠤ ᠰᠢᠢᠳᠪᠦᠷᠢᠯᠡᠭᠰᠡᠨ ᠦᠭᠡᠢ᠃ ᠵᠠᠷᠭᠤᠯᠳᠠᠬᠤ ᠶᠠᠪᠤᠴᠠ ᠳ᠋ᠤ᠌ ᠣᠷᠣᠭᠰᠠᠨ ᠤ᠋ ᠳᠠᠷᠠᠭ᠎ᠠ ᠂ ᠲᠤᠬᠠᠢ ᠶ᠋ᠢᠨ ᠬᠥᠮᠦᠨ ᠦ᠌ ᠰᠠᠨᠠᠭᠠᠴᠢᠯᠠᠭᠰᠠᠨ ᠬᠠᠤᠯᠢ ᠴᠠᠭᠠᠵᠠ ᠶ᠋ᠢᠨ ᠬᠠᠷᠢᠴᠠᠭ᠎ᠠ ᠨᠢ ᠪᠤᠷᠤᠭᠤᠳᠠᠭᠰᠠᠨ ᠢ᠋ ᠨᠢᠭᠡᠳᠦᠭᠡᠷ ᠰᠢᠭᠦᠯᠲᠡ ᠶ᠋ᠢᠨ ᠰᠢᠭᠦᠬᠦ ᠬᠣᠷᠢᠶ᠎ᠠ ᠠ᠋ᠴᠠ ᠵᠠᠷᠭᠤ ᠶ᠋ᠢᠨ ᠭᠤᠶᠤᠴᠢᠯᠠᠯ ᠢ᠋ ᠨᠢ ᠬᠤᠪᠢᠷᠠᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ ᠂ ᠤᠴᠢᠷ ᠨᠢ ᠲᠤᠬᠠᠢ ᠶ᠋ᠢᠨ ᠬᠥᠮᠦᠨ ᠨᠢ ᠬᠤᠪᠢᠷᠠᠭᠤᠯᠬᠤ ᠦᠭᠡᠢ ᠵᠢᠴᠢ ᠭᠡᠷᠡᠴᠢ ᠪᠠᠷᠢᠮᠲᠠ ᠨᠢ ᠬᠦᠷᠦᠯᠴᠡᠬᠦ ᠦᠭᠡᠢ ᠪᠠᠢᠬᠤ ᠰᠢᠯᠲᠠᠭᠠᠨ ᠠ᠋ᠴᠠ ᠪᠣᠯᠵᠤ ᠂ ᠨᠢᠭᠡᠳᠦᠭᠡᠷ ᠰᠢᠭᠦᠯᠲᠡ ᠶ᠋ᠢᠨ ᠰᠢᠭᠦᠨ ᠲᠠᠰᠤᠯᠤᠯᠲᠠ ᠨᠢ 6 ᠬᠥᠮᠦᠨ ᠦ᠌ ᠵᠠᠷᠭᠤ ᠶ᠋ᠢᠨ ᠭᠤᠶᠤᠴᠢᠯᠠᠯ ᠢ᠋ ᠨᠢᠴᠤᠭᠠᠪᠠ ᠃ 6 ᠲᠠᠷᠢᠶᠠᠴᠢᠨ ᠠᠵᠢᠯᠴᠢᠨ ᠨᠢᠭᠡᠳᠦᠭᠡᠷ ᠰᠢᠭᠦᠯᠲᠡ ᠶ᠋ᠢᠨ ᠰᠢᠭᠦᠨ ᠲᠠᠰᠤᠯᠤᠯᠲᠠ ᠶ᠋ᠢ ᠵᠥᠪᠰᠢᠶᠡᠷᠡᠬᠦ ᠦᠭᠡᠢ ᠪᠠᠢᠵᠤ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠵᠠᠭᠠᠯᠳᠤᠯᠭ᠎ᠠ ᠬᠢᠪᠡ ᠃ ᠲᠤᠰ ᠬᠡᠷᠡᠭ ᠬᠣᠶᠠᠳᠤᠭᠠᠷ ᠰᠢᠭᠦᠯᠲᠡ ᠶ᠋ᠢᠨ ᠱᠠᠲᠤᠨ ᠳ᠋ᠤ᠌ ᠣᠷᠣᠵᠤ ᠂ ᠬᠡᠷᠡᠭ ᠢ᠋ ᠳᠠᠭᠠᠭᠠᠨ ᠬᠢᠭ᠍ᠴᠢ ᠬᠡᠷᠡᠭ ᠦ᠋ᠨ ᠡᠪᠬᠡᠮᠡᠯ ᠢ᠋ ᠨᠠᠷᠢᠨ ᠪᠠᠢᠴᠠᠭᠠᠨ ᠦᠵᠡᠬᠦ ᠶ᠋ᠢᠨ ᠬᠠᠮᠲᠤ ᠡᠷᠬᠡ ᠲᠤᠰᠢᠶᠠᠯ ᠢ᠋ᠶ᠋ᠠᠨ ᠦᠨᠳᠦᠰᠦᠯᠡᠨ ᠲᠠᠷᠢᠶᠠᠴᠢᠨ ᠠᠵᠢᠯᠴᠢᠨ ᠤ᠋ ᠡᠷᠬᠡ ᠠᠰᠢᠭ ᠢ᠋ ᠵᠣᠷᠢᠭᠰᠠᠨ ᠦᠶ᠎ᠡ ᠶ᠋ᠢᠨ ᠬᠠᠮᠢᠶ᠎ᠠ ᠪᠦᠬᠦᠢ ᠲᠡᠮᠳᠡᠭᠯᠡᠯ ᠂ ᠮᠠᠲ᠋ᠧᠷᠢᠶᠠᠯ ᠢ᠋ ᠰᠣᠩᠭᠣᠨ ᠠᠪᠴᠤ ᠂ ᠬᠡᠷᠡᠭ ᠦ᠋ᠨ ᠪᠠᠢᠳᠠᠯ ᠢ᠋ ᠶᠡᠷᠦᠩᠬᠡᠢᠯᠡᠨ ᠵᠠᠳᠠᠯᠤᠭᠰᠠᠨ ᠤ᠋ ᠳᠠᠷᠠᠭ᠎ᠠ ᠂ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠢ᠋ ᠡᠶᠡᠳᠡᠭᠦᠯᠬᠦ ᠠᠵᠢᠯ ᠢ᠋ ᠡᠬᠢᠯᠡᠵᠦ ᠬᠢᠵᠡᠢ ᠃
ᠬᠣᠶᠠᠳᠤᠭᠠᠷ ᠰᠢᠭᠦᠯᠲᠡ ᠳ᠋ᠦ᠍ ᠶᠠᠭ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠵᠠᠩᠭᠢᠯᠠᠭ᠎ᠠ ᠶ᠋ᠢᠨ ᠦᠶ᠎ᠡ ᠳ᠋ᠦ᠍ ᠲᠠᠭᠠᠷᠠᠵᠤ᠂ 6 ᠲᠠᠷᠢᠶᠠᠴᠢᠨ ᠠᠵᠢᠯᠴᠢᠨ ᠮᠣᠵᠢ ᠶ᠋ᠢᠨ ᠭᠠᠳᠠᠨ᠎ᠠ ᠪᠠᠢᠬᠤ ᠪᠣᠯᠬᠣᠷ ᠰᠢᠭᠦᠬᠦ ᠲᠢᠩᠬᠢᠮ ᠳ᠋ᠦ᠍ ᠣᠴᠢᠵᠤ ᠳᠡᠢᠯᠬᠦ ᠥᠬᠡᠢ ᠪᠠᠢᠵᠤ ᠂ ᠬᠡᠷᠡᠭ ᠢ᠋ ᠳᠠᠭᠠᠭᠠᠨ ᠬᠢᠭ᠍ᠴᠢ ᠤᠷᠢᠳ ᠬᠣᠵᠢᠳ ᠳ᠋ᠢᠶᠠᠩᠬᠤᠸᠠ ᠂ ᠡᠭᠦᠯᠡᠨ ᠳᠦᠷᠰᠦ ᠰᠢᠩᠭᠡᠭᠡᠯᠲᠡ ᠵᠡᠷᠭᠡ ᠠᠷᠭ᠎ᠠ ᠮᠠᠶᠢᠭ ᠢ᠋ᠶ᠋ᠠᠷ ᠬᠣᠶᠠᠷ ᠲᠠᠯ᠎ᠠ ᠶ᠋ᠢᠨ ᠲᠤᠬᠠᠢ ᠢ᠋ᠢᠨ ᠬᠥᠮᠦᠨ ᠳ᠋ᠦ᠍ ᠬᠡᠷᠡᠭ ᠦ᠋ᠨ ᠪᠠᠢᠳᠠᠯ ᠵᠢᠴᠢ ᠭᠣᠮᠣᠳᠠᠯ ᠭᠤᠶᠤᠴᠢᠯᠠᠯ ᠢ᠋ ᠬᠢᠨᠠᠨ ᠬᠠᠷᠭᠤᠭᠤᠯᠬᠤ ᠶ᠋ᠢᠨ ᠬᠠᠮᠲᠤ ᠰᠦᠯᠵᠢᠶᠡᠨ ᠳᠡᠭᠡᠷᠡᠬᠢ 《 ᠠᠭᠤᠯᠵᠠᠬᠤ 》 ᠲᠣᠬᠢᠶᠠᠯ ᠢ᠋ ᠠᠰᠢᠭᠯᠠᠨ ᠬᠣᠶᠠᠷ ᠲᠠᠯ᠎ᠠ ᠶ᠋ᠢᠨ ᠲᠤᠬᠠᠢ ᠢ᠋ᠢᠨ ᠬᠥᠮᠦᠨ ᠳ᠋ᠦ᠍ ᠬᠦᠯᠢᠴᠡᠩᠭᠦᠢ ᠪᠡᠷ ᠲᠠᠢᠯᠪᠤᠷᠢᠯᠠᠵᠤ ᠂ ᠡᠶᠡᠳᠡᠭᠦᠯᠬᠦ ᠲᠣᠬᠢᠶᠠᠯ ᠣᠯᠬᠤ ᠪᠠᠷ ᠴᠢᠷᠮᠠᠢᠵᠠᠢ᠃ ᠡᠣᠯᠠᠠ ᠡᠣᠳᠠᠭᠠ ᠣᠢᠯᠠᠭᠠᠯᠴᠠᠭᠰᠠᠨ ᠢ᠋ᠶ᠋ᠠᠷ ᠬᠣᠶᠠᠷ ᠲᠠᠯ᠎ᠠ ᠶ᠋ᠢᠨ ᠲᠤᠬᠠᠢ ᠢ᠋ᠢᠨ ᠬᠥᠮᠦᠨ ᠤ᠋ ᠵᠥᠷᠢᠴᠡᠯ ᠨᠢ ᠨᠠᠮᠠᠳᠠᠵᠤ᠂ ᠡᠶᠡᠳᠡᠭᠦᠯᠬᠦ ᠶ᠋ᠢ ᠵᠥᠪᠰᠢᠶᠡᠷᠡᠪᠡ ᠃ ᠣᠳᠣᠬᠠᠨ ᠳ᠋ᠤ᠌ ᠂ 6 ᠲᠠᠷᠢᠶᠠᠴᠢᠨ ᠠᠵᠢᠯᠴᠢᠨ ᠵᠢᠴᠢ ᠬᠤᠨᠠᠨ ᠤ᠋ ᠨᠢᠭᠡᠨ ᠺᠣᠮᠫᠠᠨᠢ ᠶ᠋ᠢᠨ ᠨᠠᠢᠳᠠᠭᠰᠠᠨ ᠢ᠋ᠢᠠᠷ ᠣᠷᠳᠣᠰ ᠤ᠋ᠨ ᠲᠤᠬᠠᠢ ᠶ᠋ᠢᠨ ᠭᠠᠵᠠᠷ ᠤ᠋ᠨ ᠬᠠᠤᠯᠢᠴᠢ ᠲᠢᠩᠬᠢᠮ ᠳ᠋ᠦ᠍ ᠬᠦᠷᠴᠦ ᠵᠠᠷᠭᠤ ᠳ᠋ᠤ᠌ ᠣᠷᠣᠯᠴᠠᠵᠤ ᠂ 6 ᠬᠡᠷᠡᠭ ᠨᠢ ᠡᠴᠦᠰ ᠦ᠋ᠨ ᠰᠢᠭᠦᠯᠲᠡ ᠬᠢᠬᠦ ᠱᠠᠲᠤᠨ ᠳ᠋ᠤ᠌ ᠡᠶᠡᠳᠡᠭᠦᠯᠦᠨ ᠰᠢᠢᠳᠪᠦᠷᠢᠯᠡᠭᠳᠡᠵᠦ ᠂ 6 ᠲᠠᠷᠢᠶᠠᠴᠢᠨ ᠠᠵᠢᠯᠴᠢᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠬᠠᠤᠯᠢ ᠶᠣᠰᠣᠭᠠᠷ ᠬᠠᠮᠠᠭᠠᠯᠠᠪᠠ ᠃
ᠬᠥᠳᠡᠯᠮᠦᠷᠢ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠦ᠋ᠨ ᠬᠠᠮᠲᠤᠷᠠᠨ ᠵᠥᠪᠯᠡᠬᠦ ᠲᠢᠩᠬᠢᠮ ᠪᠠᠢᠭᠤᠯᠤᠭᠳᠠᠭᠰᠠᠨ ᠠ᠋ᠴᠠ ᠨᠠᠰᠢ ᠂ 《 ᠣᠯᠠᠨ ᠡᠰᠢᠵᠢᠭᠦᠯᠦᠨ ᠵᠠᠳᠠᠷᠠᠭᠤᠯᠬᠤ ᠂ ᠲᠦᠷᠭᠡᠨ ᠲᠣᠬᠢᠷᠠᠭᠤᠯᠵᠤ ᠲᠦᠷᠭᠡᠨ ᠬᠢᠨᠠᠬᠤ 》 ᠴᠢᠭᠯᠡᠯᠲᠡ ᠶ᠋ᠢ ᠪᠠᠷᠢᠮᠲᠠᠯᠠᠵᠤ ᠂ ᠮᠠᠯᠴᠢᠨ ᠲᠠᠷᠢᠶᠠᠴᠢᠨ ᠠᠵᠢᠯᠴᠢᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠬᠠᠤᠯᠢ ᠶᠣᠰᠣᠭᠠᠷ ᠬᠠᠮᠠᠭᠠᠯᠠᠵᠤ ᠂ ᠲᠥᠪ ᠭᠣᠣᠯᠴᠢ ᠰᠢᠳᠤᠷᠭᠤ ᠶᠣᠰᠣᠨ ᠤ᠋ ᠰᠡᠷᠭᠡᠢᠯᠡᠯᠲᠡ ᠶ᠋ᠢᠨ ᠱᠤᠭᠤᠮ ᠢ᠋ ᠦᠨᠡᠨᠬᠦ ᠰᠠᠢᠲᠤᠷ ᠠᠳᠭᠤᠵᠤ ᠂ ᠰᠢᠢᠳᠪᠦᠷᠢᠯᠡᠭᠰᠡᠨ ᠣᠯᠠᠨ ᠤᠳᠠᠭ᠎ᠠ ᠶ᠋ᠢᠨ ᠬᠡᠷᠡᠭ ᠨᠢ ᠴᠥᠮ ᠰᠠᠢᠨ ᠰᠠᠢᠬᠠᠨ ᠬᠠᠤᠯᠢ ᠴᠠᠭᠠᠵᠠ ᠶ᠋ᠢᠨ ᠦᠷ᠎ᠡ ᠪᠦᠲᠦᠮᠵᠢ ᠪᠠ ᠨᠡᠢᠭᠡᠮ ᠦ᠋ᠨ ᠦᠷ᠎ᠡ ᠪᠦᠲᠦᠮᠵᠢ ᠣᠯᠤᠭᠰᠠᠨ ᠪᠠᠢᠨ᠎ᠠ ᠃ ᠬᠥᠳᠡᠯᠮᠦᠷᠢ ᠶ᠋ᠢᠨ ᠮᠠᠷᠭᠤᠯᠳᠤᠭᠠᠨ ᠵᠢᠴᠢ ᠬᠥᠳᠡᠯᠮᠦᠷᠢ ᠦᠢᠯᠡᠴᠢᠯᠡᠭᠡᠨ ᠦ᠌ ᠵᠢᠭᠤᠷᠠᠯᠳᠤᠭᠠᠨ ᠢ᠋ ᠲᠤᠰᠭᠠᠢᠵᠢᠭᠰᠠᠨ ᠰᠢᠭᠦᠨ ᠲᠠᠰᠤᠯᠬᠤ ᠰᠠᠯᠠᠭ᠎ᠠ ᠮᠥᠴᠢᠷ ᠪᠣᠯᠤᠭᠰᠠᠨ ᠤ᠋ ᠬᠤᠪᠢ ᠳ᠋ᠤ᠌ ᠂ ᠬᠠᠮᠲᠤᠷᠠᠨ ᠵᠥᠪᠯᠡᠬᠦ ᠲᠢᠩᠬᠢᠮ ᠨᠢ ᠨᠢᠭᠡ ᠲᠠᠯ᠎ᠠ ᠪᠠᠷ ᠵᠠᠷᠭᠤ ᠶ᠋ᠢᠨ ᠡᠬᠢ ᠶ᠋ᠢ ᠵᠠᠰᠠᠬᠤ ᠠᠵᠢᠯ ᠢ᠋ ᠴᠢᠩᠭᠠᠳᠭᠠᠵᠤ ᠂ ᠬᠥᠳᠡᠯᠮᠦᠷᠢ ᠶ᠋ᠢᠨ ᠬᠢᠨᠠᠨ ᠪᠠᠢᠴᠠᠭᠠᠬᠤ ᠰᠠᠯᠠᠭ᠎ᠠ ᠮᠥᠴᠢᠷ ᠯᠦ᠍ᠭᠡ ᠬᠠᠨᠳᠤᠯᠭ᠎ᠠ ᠲᠠᠢ ᠬᠠᠷᠢᠯᠴᠠᠵᠤ ᠂ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠤᠷᠲᠤᠳᠭᠠᠬᠤ ᠶ᠋ᠢᠨ ᠬᠠᠮᠲᠤ ᠲᠠᠷᠢᠶᠠᠴᠢᠨ ᠠᠵᠢᠯᠴᠢᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠬᠠᠮᠤᠭ ᠤ᠋ᠨ ᠲᠦᠷᠦᠭᠦᠨ ᠳ᠋ᠦ᠍ ᠲᠣᠬᠢᠲᠠᠢ ᠰᠢᠢᠳᠪᠦᠷᠢᠯᠡᠬᠦ ᠶ᠋ᠢ ᠦᠨᠡᠨᠬᠦ ᠪᠠᠲᠤᠯᠠᠨ᠎ᠠ ᠃ ᠨᠥᠭᠦᠭᠡ ᠲᠠᠯ᠎ᠠ ᠪᠠᠷ ᠂ ᠵᠠᠷᠭᠤ ᠶ᠋ᠢᠨ ᠶᠠᠪᠤᠴᠠ ᠳ᠋ᠤ ᠣᠷᠤᠭᠰᠠᠨ ᠬᠡᠷᠡᠭ ᠢ᠋ ᠬᠥᠲᠥᠯᠦᠨ ᠵᠢᠯᠣᠭᠣᠳᠬᠤ ᠡᠠᠵᠢᠯ ᠢ᠋ ᠵᠢᠷᠤᠮᠵᠢᠭᠤᠯᠵᠤ ᠂ ᠬᠡᠷᠡᠭ ᠪᠣᠯᠭᠠᠨ ᠳᠠᠩᠰᠠᠯᠠᠬᠤ ᠰᠠᠯᠠᠭ᠎ᠠ ᠮᠥᠴᠢᠷ ᠲᠠᠢ ᠵᠣᠬᠢᠴᠠᠭᠤᠯᠤᠨ ᠰᠠᠭᠠᠳ ᠦᠭᠡᠢ ᠨᠡᠪᠲᠡᠷᠡᠬᠦ ᠵᠠᠮ ᠢ᠋ ᠨᠡᠭᠡᠭᠡᠵᠦ ᠂ ᠬᠡᠷᠡᠭ ᠰᠢᠭᠦᠬᠦ ᠳ᠋ᠦ᠍ ᠱᠠᠲᠤ ᠬᠤᠪᠢᠶᠠᠨ ᠰᠢᠢᠳᠪᠦᠷᠢᠯᠡᠭᠦᠯᠬᠦ ᠂ ᠬᠤᠷᠳᠤᠨ ᠲᠠᠰᠤᠯᠤᠨ ᠬᠤᠷᠳᠤᠨ ᠰᠢᠭᠦᠨ ᠂ ᠡᠶᠡᠳᠡᠭᠦᠯᠬᠦ ᠡᠠᠵᠢᠯ ᠢ᠋ ᠶᠡᠬᠡᠪᠡᠷ ᠥᠷᠨᠢᠭᠦᠯᠵᠦ᠂ ᠬᠠᠮᠤᠭ ᠶᠠᠬᠡ ᠬᠡᠮᠵᠢᠶ᠎ᠡ ᠪᠠᠷ ᠮᠠᠯᠴᠢᠨ ᠲᠠᠷᠢᠶᠠᠴᠢᠨ ᠠᠵᠢᠯᠴᠢᠨ ᠤ᠋ ᠵᠠᠷᠭᠤ ᠳ᠋ᠤ᠌ ᠳᠥᠭᠥᠮ ᠨᠥᠬᠦᠴᠡᠯ ᠢ᠋ ᠪᠣᠢ ᠪᠣᠯᠭᠠᠬᠤ ᠶ᠋ᠢᠨ ᠬᠠᠮᠲᠤ ᠬᠠᠤᠯᠢ ᠶᠣᠰᠣᠨ ᠤ᠋ ᠡᠷᠬᠡ ᠡᠠᠰᠢᠬ ᠢ᠋ ᠨᠢ ᠬᠠᠤᠯᠢ ᠶᠣᠰᠣᠭᠠᠷ ᠬᠠᠮᠠᠭᠠᠯᠠᠨ᠎ᠠ ᠃ ᠲᠠᠷᠢᠶᠠᠴᠢᠨ ᠮᠠᠯᠴᠢᠨ ᠠᠵᠢᠯᠴᠢᠨ ᠪᠣᠯ ᠨᠡᠢᠭᠡᠮ ᠵᠢᠷᠤᠮ ᠤ᠋ᠨ ᠪᠦᠲᠦᠭᠡᠨ ᠪᠠᠢᠭᠤᠯᠤᠯᠲᠠ ᠶ᠋ᠢᠨ ᠴᠢᠬᠤᠯᠠ ᠣᠷᠣᠯᠴᠠᠭᠴᠢ ᠂ ᠪᠦᠲᠦᠭᠡᠨ ᠪᠠᠢᠭᠤᠯᠤᠭᠴᠢ ᠮᠥᠨ ᠂ ᠠᠵᠤ ᠠᠬᠤᠢ ᠨᠡᠢᠭᠡᠮ ᠦ᠋ᠨ ᠬᠥᠭᠵᠢᠯᠲᠡ ᠳᠠᠪᠰᠢᠯᠲᠠ ᠶ᠋ᠢ ᠲᠦᠯᠬᠢᠨ ᠠᠬᠢᠭᠤᠯᠬᠤ ᠶ᠋ᠢᠨ ᠳᠤᠲᠠᠭᠳᠠᠵᠤ ᠪᠣᠯᠤᠰᠢ ᠦᠭᠡᠢ ᠬᠦᠴᠦᠨ ᠵᠦᠢᠯ ᠮᠥᠨ ᠂ ᠠᠷᠠᠳ ᠤ᠋ᠨ ᠰᠢᠭᠦᠬᠦ ᠬᠣᠷᠢᠶ᠎ᠠ ᠰᠢᠭᠦᠨ ᠲᠠᠰᠤᠯᠬᠤ ᠡᠭᠦᠷᠭᠡ ᠴᠢᠳᠠᠪᠤᠷᠢ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠲᠡᠳᠡᠨ ᠦ᠌ ᠲᠤᠰ ᠪᠡᠶ᠎ᠡ ᠶ᠋ᠢᠨ ᠬᠠᠤᠯᠢ ᠶᠣᠰᠣᠨ ᠤ᠋ ᠡᠷᠬᠡ ᠠᠰᠢᠭ ᠢ᠋ᠶ᠋ᠠᠨ ᠬᠠᠤᠯᠢ ᠶᠣᠰᠣᠭᠠᠷ ᠬᠠᠮᠠᠭᠠᠯᠠᠬᠤ ᠳ᠋ᠤ᠌ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠬᠤ ᠬᠡᠷᠡᠭᠲᠡᠢ ᠃ ᠳᠠᠷᠠᠭ᠎ᠠ ᠠᠯᠬᠤᠮ ᠳ᠋ᠤ᠌ ᠂ ᠬᠥᠳᠡᠯᠮᠦᠷᠢ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠦ᠋ᠨ ᠬᠠᠮᠲᠤᠷᠠᠨ ᠵᠥᠪᠯᠡᠬᠦ ᠲᠢᠩᠬᠢᠮ ᠨᠢ ᠦᠷᠭᠦᠯᠵᠢᠯᠡᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶᠣᠰᠣᠭᠠᠷ ᠂ ᠭᠣᠣᠯ ᠠᠵᠢᠯ ᠲᠠᠢ ᠤᠶᠠᠯᠳᠤᠭᠤᠯᠤᠨ ᠂ ᠶᠡᠬᠡ ᠲᠠᠯ᠎ᠠ ᠳ᠋ᠤ᠌ ᠦᠢᠯᠡᠴᠢᠯᠡᠵᠦ ᠂ ᠬᠥᠯᠥᠰᠥᠨ ᠠᠵᠢᠯᠴᠢᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠪᠠᠲᠤᠯᠠᠬᠤ ᠵᠡᠷᠭᠡ ᠠᠷᠠᠳ ᠤ᠋ᠨ ᠠᠮᠢᠳᠤᠷᠠᠯ ᠳ᠋ᠤ᠌ ᠬᠣᠯᠪᠣᠭᠳᠠᠭᠰᠠᠨ ᠬᠡᠷᠡᠭ ᠢ᠋ ᠴᠢᠩᠭ᠎ᠠ ᠠᠳᠭᠤᠵᠤ ᠂ ᠬᠠᠤᠯᠢ ᠶᠣᠰᠣᠭᠠᠷ ᠯᠠᠪᠳᠠᠭᠤᠨ ᠲᠣᠬᠢᠲᠠᠢ ᠰᠢᠢᠳᠪᠦᠷᠢᠯᠡᠵᠦ᠂ ᠬᠠᠦᠯᠢ ᠴᠠᠭᠠᠵᠠ ᠢ᠋ᠢᠨ ᠨᠡᠢᠭᠡᠮ ᠦ᠋ᠨ ᠵᠠᠰᠠᠯᠲᠠ ᠶ᠋ᠢᠨ ᠳᠤᠮᠳᠠᠬᠢ ᠬᠠᠤᠯᠢ ᠴᠠᠭᠠᠵᠠ ᠶ᠋ᠢᠨ ᠲᠣᠬᠢᠷᠠᠭᠤᠯᠭ᠎ᠠ ᠂ ᠲᠣᠭᠲᠠᠪᠤᠷᠢᠵᠢᠭᠤᠯᠬᠤ ᠦᠢᠯᠡᠳᠦᠯ ᠴᠢᠳᠠᠪᠤᠷᠢ ᠶ᠋ᠢ ᠦᠨᠡᠨᠬᠦ ᠰᠠᠢᠲᠤᠷ ᠪᠠᠳᠠᠷᠠᠭᠤᠯᠬᠤ ᠬᠡᠷᠡᠭᠲᠡᠢ ᠃
ᠦᠨᠡᠯᠡᠬᠦ 0ᠦᠨᠡᠯᠡᠯᠲᠡ ᠲᠠᠢ