ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠳᠤᠮᠳᠠᠬᠢ ᠵᠢᠭᠡᠯᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠨᠢ ᠠᠷᠠᠳ ᠤ᠋ᠨ ᠳᠤᠮᠳᠠᠬᠢ ᠵᠢᠭᠡᠯᠡᠯᠭᠡ ᠶ᠋ᠢᠨ ᠵᠢᠭᠤᠷᠠᠯᠳᠤᠭᠠᠨ ᠤ᠋ ᠬᠡᠷᠡᠭ ᠢ᠋ ᠰᠢᠭᠦᠬᠦ ᠳᠤᠮᠳᠠ ᠲᠤᠬᠠᠢ ᠶ᠋ᠢᠨ ᠬᠥᠮᠦᠨ ᠨᠢ ᠬᠤᠳᠠᠯ ᠬᠠᠭᠤᠷᠮᠠᠭ ᠵᠠᠷᠭᠤ ᠶ᠋ᠢᠨ ᠠᠵᠢᠯᠯᠠᠭ᠎ᠠ ᠲᠠᠢ ᠬᠣᠶᠠᠷ ᠬᠡᠷᠡᠭ ᠢ᠋ ᠢᠯᠡᠷᠡᠭᠦᠯᠦᠭᠰᠡᠨ ᠪᠠᠢᠨ᠎ᠠ᠃
ᠬᠤᠳᠠᠯ ᠬᠠᠭᠤᠷᠮᠠᠭ ᠵᠠᠷᠭᠤ
ᠳᠡᠭᠡᠭᠰᠢ ᠵᠠᠭᠠᠯᠳᠤᠭᠴᠢ ᠸᠠᠩ ᠣᠪᠣᠭᠲᠤ ᠪᠣᠯᠤᠨ ᠳᠡᠭᠡᠭᠰᠢ ᠵᠠᠭᠠᠯᠳᠤᠭᠳᠠᠭᠴᠢ ᠸᠠᠩ ᠣᠪᠣᠭᠲᠤ ᠶ᠋ᠢᠨ ᠠᠷᠠᠳ ᠤ᠋ᠨ ᠬᠣᠭᠣᠷᠣᠨᠳᠣᠬᠢ ᠵᠢᠭᠡᠯᠡᠯᠭᠡ ᠶ᠋ᠢᠨ ᠬᠡᠷᠡᠭ ᠂ ᠳᠡᠭᠡᠭᠰᠢ ᠵᠠᠭᠠᠯᠳᠤᠭᠴᠢ ᠸᠠᠩ ᠣᠪᠣᠭᠲᠤ ᠪᠣᠯ ᠨᠢᠭᠡᠳᠦᠭᠡᠷ ᠰᠢᠭᠦᠯᠲᠡ ᠶ᠋ᠢᠨ ᠵᠠᠭᠠᠯᠳᠤᠭᠳᠠᠭᠴᠢ ᠪᠣᠯᠤᠨ᠎ᠠ᠂ ᠸᠠᠩ ᠣᠪᠣᠭᠲᠤ ᠶ᠋ᠢᠨ ᠲᠤᠰ ᠬᠥᠮᠦᠨ ᠨᠢᠭᠡᠳᠦᠭᠡᠷ ᠰᠢᠭᠦᠯᠲᠡ ᠶ᠋ᠢᠨ ᠰᠢᠭᠦᠬᠦ ᠬᠣᠷᠢᠶᠠᠨ ᠤ᠋ ᠰᠢᠭᠦᠨ ᠰᠢᠢᠳᠪᠦᠷᠢᠯᠡᠬᠦ ᠬᠤᠭᠤᠴᠠᠭᠠᠨ ᠳ᠋ᠤ᠌ ᠶᠡᠷᠦ ᠨᠢ ᠢᠯᠡᠷᠡᠭᠰᠡᠨ ᠦᠭᠡᠢ᠂ ᠲᠡᠭᠦᠨ ᠦ᠌ ᠡᠴᠢᠭᠡ ᠸᠠᠩ ᠣᠪᠣᠭᠲᠤ ᠨᠢᠭᠡᠳᠦᠭᠡᠷ ᠰᠢᠭᠦᠯᠲᠡ ᠶ᠋ᠢᠨ ᠬᠤᠭᠤᠴᠠᠭᠠᠨ ᠳ᠋ᠤ᠌ ᠸᠠᠩ ᠣᠪᠣᠭᠲᠤ ᠶ᠋ᠢᠨ ᠡᠷᠬᠡ ᠶ᠋ᠢ ᠣᠯᠤᠭᠰᠠᠨ ᠦᠭᠡᠢ ᠂ ᠸᠠᠩ ᠣᠪᠣᠭᠲᠤ ᠶ᠋ᠢᠨ ᠡᠷᠬᠡ ᠣᠯᠭᠣᠭᠰᠠᠨ ᠨᠠᠢᠳᠠᠯᠭ᠎ᠠ ᠶ᠋ᠢᠨ ᠪᠢᠴᠢᠭ᠌ ᠢ᠋ ᠬᠠᠭᠤᠷᠮᠠᠭᠯᠠᠨ ᠵᠣᠬᠢᠶᠠᠵᠤ ᠪᠦᠬᠦ ᠶᠠᠪᠤᠴᠠ ᠳ᠋ᠤ᠌ ᠵᠠᠷᠭᠤ ᠳ᠋ᠤ᠌ ᠣᠷᠣᠯᠴᠠᠭᠤᠯᠵᠤ ᠂ ᠨᠢᠭᠡᠳᠦᠭᠡᠷ ᠰᠢᠭᠦᠯᠲᠡ ᠶ᠋ᠢᠨ ᠰᠢᠭᠦᠨ ᠲᠠᠰᠤᠯᠤᠯᠲᠠ ᠨᠢ ᠲᠡᠭᠦᠨ ᠳ᠋ᠦ᠍ ᠠᠰᠢᠭ ᠦᠭᠡᠢ ᠪᠠᠢᠳᠠᠯ ᠳᠣᠣᠷ᠎ᠠ ᠪᠠᠰᠠ ᠣᠷᠣᠯᠠᠨ ᠵᠠᠭᠠᠯᠳᠤᠵᠠᠢ᠃ ᠬᠣᠶᠠᠳᠤᠭᠠᠷ ᠰᠢᠭᠦᠯᠲᠡ ᠳ᠋ᠦ ᠸᠠᠩ ᠣᠪᠤᠭᠲᠤ ᠥᠪᠡᠷ ᠢ᠋ᠢᠡᠨ ᠣᠷᠤᠯᠴᠠᠵᠤ᠂ ᠨᠢᠭᠡᠳᠦᠭᠡᠷ ᠰᠢᠭᠦᠯᠲᠡ ᠳ᠋ᠡᠬᠢ ᠠᠪᠤ ᠢ᠋ᠢᠨ ᠢ᠋ᠢᠠᠨ ᠲᠣᠭᠠᠴᠢᠭᠰᠠᠨ ᠢ᠋ ᠵᠥᠪᠰᠢᠶᠡᠷᠡᠭᠰᠡᠨ ᠦᠭᠡᠢ᠂ ᠡᠷᠬᠡ ᠣᠯᠭᠤᠭᠰᠠᠨ ᠨᠠᠢᠳᠠᠯᠭ᠎ᠠ ᠢ᠋ᠢᠨ ᠪᠢᠴᠢᠭ᠌ ᠢ᠋ ᠨᠢ ᠪᠠᠰᠠ ᠨᠢᠴᠤᠭᠠᠪᠠ᠃ ᠸᠠᠩ ᠣᠪᠣᠭᠲᠤ ᠶ᠋ᠢᠨ ᠡᠴᠢᠭᠡ ᠸᠠᠩ ᠣᠪᠣᠭᠲᠤ ᠢ᠋ᠢᠨ ᠬᠤᠳᠠᠯ ᠬᠠᠭᠤᠷᠮᠠᠭ ᠵᠠᠭᠠᠯᠳᠤᠬᠤ ᠠᠵᠢᠯᠯᠠᠭ᠎ᠠ ᠨᠢ ᠢᠷᠭᠡᠨ ᠦ᠌ ᠵᠠᠷᠭᠤ ᠶ᠋ᠢᠨ ᠬᠡᠪ ᠦ᠋ᠨ ᠡᠮᠬᠢ ᠵᠢᠷᠤᠮ ᠢ᠋ ᠬᠠᠷᠰᠢᠯᠠᠵᠤ᠂ ᠵᠠᠷᠭᠤᠯᠳᠤᠬᠤ ᠴᠠᠭ ᠢ᠋ ᠬᠣᠢᠰᠢᠯᠠᠭᠤᠯᠵᠤ᠂ ᠬᠠᠤᠯᠢ ᠴᠠᠭᠠᠵᠠ ᠶ᠋ᠢᠨ ᠡᠬᠢ ᠪᠠᠶᠠᠯᠢᠭ ᠢ᠋ ᠪᠦᠷᠢᠯᠭᠡᠪᠡ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠳᠤᠮᠳᠠᠬᠢ ᠵᠢᠭᠡᠯᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠨᠢ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠢᠷᠭᠡᠨ ᠦ᠌ ᠵᠠᠷᠭᠤ ᠶ᠋ᠢᠨ ᠬᠠᠤᠯᠢ》 ᠶ᠋ᠢᠨ ᠵᠠᠭᠤ ᠠᠷᠪᠠᠨ ᠬᠣᠶᠠᠳᠤᠭᠠᠷ ᠵᠦᠢᠯ᠂ ᠵᠠᠭᠤ ᠠᠷᠪᠠᠨ ᠲᠠᠪᠤᠳᠤᠭᠠᠷ ᠵᠦᠢᠯ᠂ ᠵᠠᠭᠤ ᠠᠷᠪᠠᠨ ᠵᠢᠷᠭᠤᠳᠤᠭᠠᠷ ᠵᠦᠢᠯ ᠦ᠋ᠨ ᠲᠣᠭᠲᠠᠭᠠᠯ ᠢ᠋ ᠦᠨᠳᠦᠰᠦᠯᠡᠨ᠂ ᠸᠠᠩ ᠣᠪᠣᠭᠲᠤ ᠶ᠋ᠢᠨ ᠡᠴᠢᠭᠡ ᠸᠠᠩ ᠣᠪᠣᠭᠲᠤ ᠲᠤ᠌ 5 ᠲᠦᠮᠡᠨ ᠲᠥᠭᠥᠷᠢᠭ ᠦ᠋ᠨ ᠵᠣᠭᠣᠰ ᠢ᠋ᠶ᠋ᠠᠷ ᠲᠣᠷᠭᠠᠬᠤ ᠲᠣᠭᠲᠠᠭᠠᠯ ᠭᠠᠷᠭᠠᠵᠠᠢ᠃
ᠭᠡᠷᠡᠴᠢ ᠪᠠᠷᠢᠮᠲᠠ ᠬᠠᠭᠤᠷᠮᠠᠭᠯᠠᠨ ᠵᠣᠬᠢᠶᠠᠬᠤ
ᠳᠡᠭᠡᠭᠰᠢ ᠵᠠᠭᠠᠯᠳᠤᠭᠴᠢ ᠦ᠋ ᠣᠪᠣᠭᠲᠤ ᠷᠦᠩ ᠂ ᠸᠠᠩ ᠣᠪᠣᠭᠲᠤ ᠫᠢᠩ ᠪᠣᠯᠤᠨ ᠳᠡᠭᠡᠭᠰᠢ ᠵᠠᠭᠠᠯᠳᠤᠭᠳᠠᠭᠰᠠᠨ ᠬᠥᠮᠦᠨ ᠸᠠᠩ ᠣᠪᠣᠭᠲᠤ ᠰᠢ ᠂ ᠸᠠᠩ ᠣᠪᠣᠭᠲᠤ ᠶᠢᠩ ᠦ᠋ᠨ ᠠᠷᠠᠳ ᠤ᠋ᠨ ᠬᠣᠭᠣᠷᠣᠨᠳᠣᠬᠢ ᠵᠢᠭᠡᠯᠡᠯᠭᠡ ᠶ᠋ᠢᠨ ᠬᠡᠷᠡᠭ ᠲᠦ᠍ ᠂ᠦ᠋ ᠣᠪᠣᠭᠲᠤ ᠷᠦᠩ ᠂ ᠸᠠᠩ ᠣᠪᠣᠭᠲᠤ ᠫᠢᠩ ᠲᠡᠭᠦᠨ ᠤ᠋ ᠨᠢᠭᠡᠳᠦᠭᠡᠷ ᠰᠢᠭᠦᠯᠲᠡ ᠶ᠋ᠢᠨ ᠰᠢᠭᠦᠬᠦ ᠬᠣᠷᠢᠶᠠᠨ ᠳ᠋ᠤ᠌ ᠲᠤᠰᠢᠶᠠᠭᠰᠠᠨ ᠤᠤᠯ ᠤ᠋ᠨ ᠵᠢᠭᠡᠯᠡᠭᠰᠡᠨ ᠵᠣᠭᠣᠰ ᠤ᠋ᠨ ᠬᠠᠭᠤᠳᠠᠰᠤ ᠶ᠋ᠢᠨ ᠳᠣᠲᠣᠷᠠᠬᠢ ᠵᠣᠭᠣᠰ ᠪᠤᠴᠠᠭᠠᠬᠤ ᠡᠳᠦᠷ ᠬᠤᠭᠤᠴᠠᠭ᠎ᠠ 《 2011 ᠣᠨ ᠤ᠋ 4 ᠰᠠᠷ᠎ᠠ ᠶ᠋ᠢᠨ 1 ᠦ᠌ ᠡᠳᠦᠷ 》 ᠭᠡᠳᠡᠭ ᠢ᠋ ᠳᠤᠷ᠎ᠠ ᠪᠠᠷ ᠢ᠋ᠶ᠋ᠠᠨ ᠥᠭᠡᠷᠡᠴᠢᠯᠡᠨ 《 2017 ᠣᠨ ᠤ᠋ 4 ᠰᠠᠷ᠎ᠠ ᠶ᠋ᠢᠨ 1 ᠦ᠌ ᠡᠳᠦᠷ 》 ᠪᠣᠯᠭᠠᠵᠤ ᠂ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠢᠷᠭᠡᠨ ᠦ᠌ ᠵᠠᠷᠭᠤ ᠶ᠋ᠢᠨ ᠬᠠᠤᠯᠢ》 ᠳ᠋ᠤ᠌ ᠲᠣᠭᠠᠴᠠᠭᠳᠠᠨ᠎ᠠ ᠃ ᠲᠤᠰ ᠦᠢᠯᠡ ᠠᠵᠢᠯᠯᠠᠭ᠎ᠠ ᠨᠢ ᠰᠢᠭᠦᠨ ᠲᠠᠰᠤᠯᠬᠤ ᠠᠵᠢᠯᠲᠠᠳ ᠤ᠋ᠨ ᠬᠡᠷᠡᠭ ᠦ᠋ᠨ ᠪᠣᠳᠠᠲᠤ ᠶᠠᠪᠤᠳᠠᠯ ᠪᠠ ᠭᠡᠷᠡᠴᠢ ᠪᠠᠷᠢᠮᠲᠠ ᠶ᠋ᠢ ᠮᠠᠭᠠᠳᠯᠠᠬᠤ ᠳ᠋ᠤ᠌ ᠡᠨᠳᠡᠭᠦᠦ ᠪᠤᠷᠤᠭᠤ ᠭᠠᠷᠭᠠᠵᠤ ᠬᠡᠷᠡᠭ ᠦ᠋ᠨ ᠪᠠᠢᠳᠠᠯ ᠢ᠋ ᠪᠤᠷᠤᠭᠤ ᠪᠠᠷ ᠮᠠᠭᠠᠳᠯᠠᠵᠤ ᠂ ᠠᠷᠠᠳ ᠤ᠋ᠨ ᠰᠢᠭᠦᠬᠦ ᠬᠣᠷᠢᠶᠠᠨ ᠤ᠋ ᠬᠡᠷᠡᠭ ᠢ᠋ ᠰᠢᠭᠦᠨ ᠰᠢᠢᠳᠪᠦᠷᠢᠯᠡᠬᠦ ᠶ᠋ᠢ ᠬᠠᠷᠰᠢᠯᠠᠵᠠᠢ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠵᠢᠭᠡᠯᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠨᠢ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠢᠷᠭᠡᠨ ᠦ᠌ ᠵᠠᠷᠭᠤ ᠶ᠋ᠢᠨ ᠬᠠᠤᠯᠢ》 ᠶ᠋ᠢᠨ ᠵᠠᠭᠤ ᠠᠷᠪᠠᠨ ᠨᠢᠭᠡᠳᠦᠭᠡᠷ ᠵᠦᠢᠯ ᠂ ᠵᠠᠭᠤ ᠠᠷᠪᠠᠨ ᠲᠠᠪᠤᠳᠤᠭᠠᠷ ᠵᠦᠢᠯ ᠂ ᠵᠠᠭᠤ ᠠᠷᠪᠠᠨ ᠵᠢᠷᠭᠤᠳᠤᠭᠠᠷ ᠵᠦᠢᠯ ᠦ᠋ᠨ ᠲᠣᠭᠲᠠᠭᠠᠯ ᠢ᠋ ᠦᠨᠳᠦᠰᠦᠯᠡᠨ ᠂ ᠦ᠋ ᠣᠪᠣᠭᠲᠤ ᠷᠦᠩ ᠂ ᠸᠠᠩ ᠣᠪᠣᠭᠲᠤ ᠫᠢᠩ ᠳ᠋ᠦ᠍ 2 ᠲᠦᠮᠡᠨ ᠲᠥᠭᠥᠷᠢᠭ ᠦ᠋ᠨ ᠵᠣᠭᠣᠰ ᠢ᠋ᠶ᠋ᠠᠷ ᠲᠣᠷᠭᠠᠬᠤ ᠲᠣᠭᠲᠠᠭᠠᠯ ᠭᠠᠷᠭᠠᠪᠠ᠃
ᠬᠤᠳᠠᠯ ᠬᠠᠭᠤᠷᠮᠠᠭ ᠵᠠᠷᠭᠤ ᠢᠷᠭᠡᠨ ᠦ᠌ ᠬᠡᠷᠡᠭ ᠦ᠋ᠨ ᠰᠢᠭᠦᠬᠦ ᠶᠠᠪᠤᠴᠠ ᠳ᠋ᠤ᠌ ᠬᠠᠶᠠ ᠭᠠᠷᠳᠠᠭ᠂ ᠲᠤᠰ ᠦᠵᠡᠭᠳᠡᠯ ᠨᠢ ᠲᠤᠬᠠᠢ ᠶ᠋ᠢᠨ ᠬᠥᠮᠦᠨ ᠵᠢᠴᠢ ᠬᠡᠷᠡᠭ ᠦ᠋ᠨ ᠭᠠᠳᠠᠨᠠᠬᠢ ᠬᠥᠮᠦᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠬᠦᠨᠳᠦ ᠨᠣᠴᠢᠲᠠᠢ ᠬᠥᠨᠥᠭᠡᠬᠦ ᠪᠡᠷ ᠪᠠᠷᠠᠬᠤ ᠦᠭᠡᠢ ᠪᠠᠰᠠ ᠬᠡᠪ ᠦ᠋ᠨ ᠵᠠᠷᠭᠤ ᠶ᠋ᠢᠨ ᠡᠮᠬᠢ ᠵᠢᠷᠤᠮ ᠢ᠋ ᠰᠠᠮᠠᠭᠤᠷᠠᠭᠤᠯᠵᠤ᠂ ᠬᠠᠤᠯᠢ ᠴᠠᠭᠠᠵᠠ ᠶ᠋ᠢᠨ ᠡᠷᠬᠡ ᠰᠦᠷ ᠪᠣᠯᠤᠨ ᠬᠠᠤᠯᠢ ᠴᠠᠭᠠᠵᠠ ᠶ᠋ᠢᠨ ᠨᠡᠢᠲᠡ ᠶ᠋ᠢᠨ ᠢᠲᠡᠭᠡᠮᠵᠢ ᠶ᠋ᠢ ᠬᠦᠨᠳᠦ ᠨᠣᠴᠢᠲᠠᠢ ᠬᠣᠬᠢᠷᠠᠭᠤᠯᠵᠤ᠂ ᠨᠡᠢᠭᠡᠮ ᠦ᠋ᠨ ᠦᠨᠡᠨᠴᠢ ᠢᠲᠡᠭᠡᠮᠵᠢ ᠶ᠋ᠢ ᠡᠪᠳᠡᠨ᠂ ᠠᠷᠠᠳ ᠣᠯᠠᠨ ᠴᠢᠩᠭ᠎ᠠ ᠨᠥᠯᠥᠭᠡ ᠲᠤᠰᠭᠠᠯ ᠭᠠᠷᠭᠠᠵᠠᠢ᠃ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠳᠤᠮᠳᠠᠬᠢ ᠵᠢᠭᠡᠯᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠨᠢ ᠠᠷᠠᠳ ᠤ᠋ᠨ ᠳᠤᠮᠳᠠᠬᠢ ᠵᠢᠭᠡᠯᠡᠯᠭᠡ ᠢ᠋ᠢᠨ ᠬᠡᠷᠡᠭ ᠢ᠋ ᠰᠢᠭᠦᠬᠦ ᠮᠡᠷᠭᠡᠵᠢᠯ ᠤ᠋ᠨ ᠰᠢᠭᠦᠨ ᠲᠠᠰᠤᠯᠠᠯᠲᠠ ᠢ᠋ᠢᠨ ᠲᠢᠩᠬᠢᠮ ᠪᠣᠯᠤᠭᠰᠠᠨ ᠤ᠋ ᠬᠤᠪᠢ ᠳ᠋ᠤ᠂2017 ᠣᠨ ᠳ᠋ᠤ ᠪᠠᠢᠭᠤᠯᠤᠭᠳᠠᠭᠰᠠᠨ ᠠ᠋ᠴᠠ ᠨᠠᠰᠢ ᠰᠢᠭᠦᠨ ᠲᠠᠰᠤᠯᠠᠭᠰᠠᠨ1000 ᠣᠷᠴᠢᠮ ᠵᠠᠷᠭᠤ ᠢ᠋ᠢᠨ ᠬᠡᠷᠡᠭ ᠤ᠋ᠨ ᠳᠤᠮᠳᠠ ᠬᠤᠳᠠᠯ ᠬᠠᠭᠤᠷᠮᠠᠭ ᠵᠠᠷᠭᠤ ᠵᠢᠭᠤᠷᠠᠯᠳᠤᠭᠠᠨ ᠤ᠋ ᠠᠵᠢᠯᠯᠠᠭ᠎ᠠ ᠶ᠋ᠢ ᠰᠡᠷᠭᠡᠢᠯᠡᠬᠦ ᠪᠠ ᠴᠣᠬᠢᠯᠲᠠ ᠥᠭᠬᠦ ᠪᠠᠨ ᠶᠡᠬᠡᠪᠴᠢᠯᠡᠨ ᠬᠦᠨᠳᠦᠳᠭᠡᠨ ᠦᠵᠡᠵᠦ᠂ ᠵᠠᠷᠭᠤ ᠪᠦᠷᠢ ᠢ᠋ᠢᠨ ᠰᠢᠭᠦᠯᠲᠡ ᠢ᠋ᠢᠨ ᠴᠡᠭ ᠪᠣᠯᠭᠠᠨ ᠳ᠋ᠦ ᠴᠢᠩᠭ᠎ᠠ ᠨᠠᠷᠢᠨ ᠬᠢᠨᠠᠯᠲᠠ ᠪᠠ ᠢᠯᠭᠠᠪᠤᠷᠢᠯᠠᠯ ᠬᠢᠵᠦ᠂ ᠢᠯᠠᠩᠭᠤᠶ᠎ᠠ ᠭᠡᠷᠡᠴᠢ ᠢ᠋ᠢᠨ ᠦᠨᠡᠨ ᠬᠤᠳᠠᠯ᠂ ᠲᠤᠬᠠᠢ ᠢ᠋ᠢᠨ ᠬᠥᠮᠦᠨ ᠤ᠋ ᠲᠣᠭᠠᠴᠢᠯᠲᠠ ᠵᠢᠴᠢ ᠭᠡᠷᠡᠴᠢᠯᠡᠭᠴᠢ ᠢ᠋ᠢᠨ ᠭᠡᠷᠡᠴᠢ ᠦᠭᠡ ᠵᠡᠷᠭᠡ ᠲᠠᠯ᠎ᠠ ᠪᠡᠷ ᠨᠠᠩ ᠪᠦᠬᠦ ᠲᠠᠯ᠎ᠠ ᠢ᠋ᠢᠨ᠂ ᠴᠢᠩᠭ᠎ᠠ᠂ ᠳᠦᠷᠢᠮᠵᠢᠭᠰᠡᠨ ᠪᠠᠢᠴᠠᠭᠠᠯᠲᠠ ᠬᠢᠵᠦ᠂ ᠵᠠᠷᠭᠤ ᠢ᠋ᠢᠨ ᠳᠤᠮᠳᠠ ᠬᠤᠳᠠᠯ ᠬᠠᠭᠤᠷᠮᠠᠭ ᠵᠦᠢᠯ ᠣᠷᠤᠰᠢᠬᠤ ᠶ᠋ᠢ ᠲᠡᠪᠴᠢᠨ᠂ ᠰᠢᠭᠦᠨ ᠲᠠᠰᠤᠯᠠᠭᠰᠠᠨ ᠬᠡᠷᠡᠭ ᠪᠣᠯᠭᠠᠨ ᠢ᠋ ᠰᠢᠯᠭᠠᠯᠲᠠ ᠶ᠋ᠢ ᠳᠠᠭᠠᠭᠠᠵᠤ ᠴᠢᠳᠠᠬᠤ ᠰᠣᠳᠤᠨ ᠰᠢᠯᠢᠳᠡᠭ ᠵᠠᠷᠭᠤ ᠪᠣᠯᠭᠠᠬᠤ ᠪᠡᠷ ᠴᠢᠷᠮᠠᠢᠨ᠎ᠠ᠃
2020 ᠣᠨ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠳᠤᠮᠳᠠᠬᠢ ᠵᠢᠭᠡᠯᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠨᠢ ᠬᠡᠷᠡᠭ ᠢ᠋ ᠰᠢᠭᠦᠬᠦ ᠶᠠᠪᠤᠴᠠ ᠳ᠋ᠤ᠌ ᠬᠤᠳᠠᠯ ᠬᠠᠭᠤᠷᠮᠠᠭ ᠵᠠᠷᠭᠤ ᠶ᠋ᠢᠨ ᠦᠢᠯᠡ ᠠᠵᠢᠯᠯᠠᠭ᠎ᠠ ᠶ᠋ᠢ ᠢᠯᠡᠷᠡᠭᠦᠯᠦᠭᠰᠡᠨ ᠠᠵᠢᠯ ᠤ᠋ᠨ ᠠᠷᠭ᠎ᠠ ᠬᠡᠮᠵᠢᠶ᠎ᠡ ᠨᠢ ᠣᠯᠵᠤ ᠮᠡᠳᠡᠪᠡᠯ ᠴᠢᠩᠭ᠎ᠠ ᠰᠢᠢᠳᠭᠡᠵᠦ᠂ ᠶᠠᠭᠠᠬᠢᠭᠰᠠᠨ ᠴᠤ᠌ ᠢᠯᠳᠠᠷ ᠬᠠᠶᠠᠬᠤ ᠦᠭᠡᠢ ᠃ ᠬᠤᠳᠠᠯ ᠬᠠᠭᠤᠷᠮᠠᠭ ᠵᠠᠷᠭᠤᠯᠳᠤᠬᠤ ᠦᠢᠯᠡ ᠠᠵᠢᠯᠯᠠᠭ᠎ᠠ ᠶ᠋ᠢ ᠴᠢᠩᠭ᠎ᠠ ᠵᠠᠯᠬᠠᠭᠠᠨ ᠰᠢᠢᠳᠭᠡᠬᠦ ᠬᠣᠯᠪᠣᠭᠳᠠᠯ ᠪᠦᠬᠦᠢ ᠬᠠᠤᠯᠢ ᠴᠠᠭᠠᠵᠠ ᠶ᠋ᠢᠨ ᠲᠣᠭᠲᠠᠭᠠᠯ ᠪᠣᠯᠤᠨ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠬᠣᠯᠪᠣᠭᠳᠠᠯ ᠪᠦᠬᠦᠢ ᠬᠠᠤᠯᠢ ᠴᠠᠭᠠᠵᠠ ᠶ᠋ᠢᠨ ᠲᠠᠢᠯᠪᠤᠷᠢᠯᠠᠯᠲᠠ ᠶ᠋ᠢ ᠬᠢᠨᠠᠨ ᠪᠠᠢᠴᠠᠭᠠᠬᠤ ᠂ ᠬᠤᠳᠠᠯ ᠬᠠᠭᠤᠷᠮᠠᠭ ᠵᠠᠷᠭᠤᠯᠳᠤᠬᠤ ᠦᠢᠯᠡ ᠠᠵᠢᠯᠯᠠᠭ᠎ᠠ ᠶ᠋ᠢ ᠬᠢᠨᠠᠨ ᠲᠣᠳᠣᠯᠠᠵᠤ ᠂ ᠬᠢᠨᠠᠨ ᠪᠠᠢᠴᠠᠭᠠᠭᠠᠳ ᠢᠯᠡᠷᠡᠭᠦᠯᠦᠭᠰᠡᠨ ᠬᠤᠳᠠᠯ ᠬᠠᠭᠤᠷᠮᠠᠭ ᠵᠠᠷᠭᠤᠯᠳᠤᠭᠠᠨ ᠤ᠋ ᠦᠢᠯᠡ ᠠᠵᠢᠯᠯᠠᠭ᠎ᠠ ᠶ᠋ᠢ ᠴᠠᠭ ᠲᠤᠬᠠᠢ ᠳ᠋ᠤᠨᠢ ᠰᠢᠢᠳᠭᠡᠵᠦ᠂ ᠪᠣᠳᠠᠲᠠᠢ ᠦᠢᠯᠡ ᠪᠠᠢᠳᠠᠯ ᠢ᠋ ᠨᠢ ᠦᠨᠳᠦᠰᠦᠯᠡᠨ ᠢᠳᠭᠠᠨ ᠰᠤᠷᠭᠠᠬᠤ ᠂ ᠵᠣᠭᠣᠰ ᠢ᠋ᠶ᠋ᠠᠷ ᠲᠣᠷᠭᠠᠬᠤ ᠂ ᠲᠦᠷ ᠬᠣᠷᠢᠬᠤ ᠵᠡᠷᠭᠡ ᠵᠠᠯᠬᠠᠭᠠᠨ ᠰᠢᠢᠳᠭᠡᠬᠦ ᠠᠷᠭ᠎ᠠ ᠬᠡᠮᠵᠢᠶ᠎ᠡ ᠠᠪᠴᠤ ᠂ ᠶᠠᠯ᠎ᠠ ᠬᠢᠭᠰᠡᠨ ᠰᠡᠵᠢᠭᠯᠡᠯᠲᠡᠢ ᠪᠣᠯ ᠴᠠᠭ ᠲᠤᠬᠠᠢ ᠳ᠋ᠤᠨᠢ ᠵᠠᠷᠭᠤ ᠶ᠋ᠢ ᠳᠣᠲᠤᠭᠠᠳᠤ ᠶ᠋ᠢ ᠬᠠᠮᠠᠭᠠᠯᠠᠬᠤ ᠪᠠᠢᠭᠤᠯᠭ᠎ᠠ ᠳ᠋ᠤ ᠰᠢᠯᠵᠢᠭᠦᠯᠦᠨ ᠬᠦᠷᠭᠡᠨ᠎ᠡ᠃
ᠦᠨᠡᠯᠡᠬᠦ 0ᠦᠨᠡᠯᠡᠯᠲᠡ ᠲᠠᠢ