ᠨᠢᠭᠡᠳᠦᠭᠡᠷ ᠬᠠᠮᠲᠤᠷᠠᠨ ᠵᠥᠪᠯᠡᠬᠦ ᠲᠢᠩᠬᠢᠮ ᠤ᠋ᠨ ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠦ᠋ᠨ ᠴᠡᠭᠴᠡᠯᠡᠬᠦ ᠠᠵᠢᠯ ᠢ᠋ ᠨᠠᠷᠢᠨ ᠬᠢᠨᠠᠮᠠᠭᠠᠢ ᠥᠷᠨᠢᠭᠦᠯᠪᠡ
2020.05.27 ᠲᠣᠰ ᠥᠷᠲᠡᠭᠡᠨ ᠦ ᠨᠠᠢᠷᠠᠭᠤᠯᠤᠭᠴᠢ

      5 ᠰᠠᠷ᠎ᠠ ᠶ᠋ᠢᠨ 18 ᠤ᠋ ᠡᠳᠦᠷ ᠦ᠋ᠨ ᠦᠳᠡ ᠶ᠋ᠢᠨ ᠡᠮᠦᠨ᠎ᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢᠭᠡᠳᠦᠭᠡᠷ ᠬᠠᠮᠲᠤᠷᠠᠨ ᠵᠥᠪᠯᠡᠬᠦ ᠲᠢᠩᠬᠢᠮ ᠦ᠋ᠨ ᠬᠢᠨ  ᠺᠠᠲᠷ ᠴᠠᠭᠳᠠᠭ᠎ᠠ ᠶ᠋ᠢ ᠵᠣᠬᠢᠶᠠᠨ ᠪᠠᠢᠭᠤᠯᠤᠨ ᠰᠠᠯᠠᠭ᠎ᠠ ᠮᠥᠴᠢᠷ ᠦ᠋ᠨ ᠬᠤᠷᠠᠯ ᠬᠤᠷᠠᠯᠳᠤᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ 《ᠴᠢᠩᠭ᠎ᠠ ᠴᠡᠭᠴᠡᠯᠡᠨ ᠥᠭᠡᠷᠡᠴᠢᠯᠡᠬᠦ᠂  ᠳᠡᠭᠡᠭᠰᠢᠯᠡᠭᠦᠯᠬᠦ  ᠶᠢ ᠠᠬᠢᠭᠤᠯᠬᠤ ᠂ ᠳᠦᠷᠢ ᠲᠥᠷᠬᠦ ᠶᠢ ᠪᠤᠢ ᠪᠣᠯᠭᠠᠬᠤ》 ᠰᠠᠬᠢᠯᠭ᠎ᠠ ᠪᠠᠲᠤ ᠣᠪᠣᠷ ᠰᠤᠷᠲᠠᠯ ᠤ᠋ᠨ ᠬᠥᠮᠦᠵᠢᠯ ᠢ᠋ ᠴᠡᠭᠴᠡᠯᠡᠬᠦ ᠠᠵᠢᠯ ᠤ᠋ᠨ ᠳᠠᠢᠴᠢᠯᠠᠯᠲᠠ ᠢ᠋ᠢᠨ ᠪᠠᠢᠷᠢᠯᠠᠭᠤᠯᠤᠯᠲᠠ ᠶ᠋ᠢᠨ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠪᠠ ᠃

      ᠬᠤᠷᠠᠯ ᠳᠡᠭᠡᠷ᠎ᠡ ᠂ ᠸᠠᠩ  ᠰᠢᠶᠣᠣ ᠵᠢᠶᠦ᠋ᠨ ᠨᠥᠬᠥᠷ  ᠺᠠᠲᠷ ᠴᠠᠭᠳᠠᠭ᠎ᠠ ᠶ᠋ᠢ ᠵᠣᠬᠢᠶᠠᠨ ᠪᠠᠢᠭᠤᠯᠵᠤ ᠂  ᠰᠦ  ᠯᠢ ᠵᠢᠶᠦ᠋ᠨ ᠬᠣᠷᠢᠶᠠᠨ  ᠳᠠᠷᠤᠭ᠎ᠠ ᠶ᠋ᠢᠨ ᠳᠠᠢᠴᠢᠯᠠᠯᠲᠠ ᠢ᠋ᠢᠨ ᠪᠠᠢᠷᠢᠯᠠᠭᠤᠯᠤᠯᠲᠠ ᠶ᠋ᠢᠨ ᠬᠤᠷᠠᠯ ᠳᠡᠭᠡᠷᠡᠬᠢ ᠶᠠᠷᠢᠶ᠎ᠠ ᠵᠢᠴᠢ 《 ᠳᠤᠮᠳᠠᠳᠤ ᠤᠯᠤᠰ ᠤ᠋ᠨ ᠡᠪ ᠬᠠᠮᠲᠤ ᠨᠠᠮ ᠵᠠᠰᠠᠭ ᠬᠠᠤᠯᠢ ᠴᠠᠭᠠᠵᠠ ᠶ᠋ᠢᠨ ᠠᠵᠢᠯ ᠤ᠋ᠨ ᠳᠦᠷᠢᠮ 》  ᠢ᠋ ᠨᠠᠷᠢᠨ ᠬᠢᠨᠠᠮᠠᠭᠠᠢ ᠰᠤᠷᠤᠯᠴᠠᠭᠤᠯᠵᠤ ᠂ ᠪᠦᠬᠦ  ᠺᠠᠲᠷ ᠴᠠᠭᠳᠠᠭ᠎ᠠ ᠶ᠋ᠢ ᠲᠤᠰ ᠪᠡᠶ᠎ᠡ ᠶ᠋ᠢᠨ ᠤᠯᠤᠰ ᠲᠥᠷᠥ ᠶ᠋ᠢᠨ ᠬᠡᠪ ᠴᠢᠨᠠᠷ ᠂ ᠴᠢᠳᠠᠪᠤᠷᠢ ᠶ᠋ᠢᠨ ᠬᠡᠪ ᠴᠢᠨᠠᠷ ᠂ ᠲᠤᠬᠠᠢᠯᠠᠭᠰᠠᠨ ᠠᠵᠢᠯ ᠤ᠋ᠨ ᠬᠡᠪ ᠴᠢᠨᠠᠷ ᠢ᠋ᠶ᠋ᠠᠨ ᠬᠡᠷᠬᠢᠨ  ᠰᠢᠶᠣᠣ ᠳᠡᠭᠡᠭᠰᠢᠯᠡᠭᠦᠯᠬᠦ ᠲᠡᠢ ᠨᠢᠭᠲᠠ ᠤᠶᠠᠯᠳᠤᠭᠤᠯᠵᠤ ᠂ ᠥᠪᠡᠷ ᠦ᠋ᠨ  ᠣᠷᠤᠰᠢᠵᠤ ᠪᠠᠢᠭ᠎ᠠ ᠠᠰᠠᠭᠤᠳᠠᠯ ᠢ᠋ᠶ᠋ᠠᠨ ᠭᠦᠨᠵᠡᠭᠡᠢ ᠪᠠᠢᠴᠠᠭᠠᠨ ᠂ ᠴᠡᠭᠴᠡᠯᠡᠨ  ᠰᠠᠢᠵᠢᠷᠠᠭᠤᠯᠵᠤ  ᠭᠦᠨᠵᠡᠭᠡᠢ ᠡᠷᠭᠢᠴᠡᠭᠦᠯᠦᠨ ᠪᠣᠳᠤᠵᠤ ᠂ ᠦᠵᠡᠯ ᠰᠠᠨᠠᠭᠠᠨ ᠤ᠋ ᠵᠣᠭᠰᠤᠴᠠ ᠪᠠᠨ ᠳᠡᠭᠡᠭᠰᠢᠯᠡᠭᠦᠯᠵᠦ ᠂  ᠲᠥᠪ ᠭᠣᠣᠯᠴᠢ ᠰᠢᠳᠤᠷᠭᠤ ᠶᠣᠰᠤ ᠶ᠋ᠢ ᠦᠨᠡᠨ ᠬᠦ  ᠬᠠᠮᠠᠭᠠᠯᠠᠵᠤ᠂  ᠲᠡᠮᠦᠷ ᠮᠡᠲᠦ ᠰᠠᠬᠢᠯᠭ᠎ᠠ ᠪᠠᠲᠤ᠂  ᠲᠡᠮᠦᠷ ᠮᠡᠲᠦ ᠰᠤᠷᠲᠠᠯ ᠢ᠋ᠢᠠᠷ  ᠭᠦᠢᠴᠡᠳᠭᠡᠬᠦ  ᠠᠵᠢᠯ ᠤ᠋ᠨ ᠡᠩᠨᠡᠭᠡ ᠶ᠋ᠢ ᠪᠠᠢᠭᠤᠯᠤᠨ᠎ᠠ᠃ ᠬᠤᠷᠠᠯ ᠳᠡᠭᠡᠷ᠎ᠡ ᠂ ᠵᠠᠩ ᠵᠢᠶᠠᠨ ᠭᠤᠸᠠᠩ ᠂ ᠬᠦᠩ ᠶᠠᠨ ᠪᠢᠩ ᠵᠡᠷᠭᠡ ᠬᠠᠤᠯᠢ ᠶ᠋ᠢᠨ  ᠲᠤᠰᠢᠶᠠᠯᠲᠠᠨ ᠬᠡᠷᠡᠭ  ᠰᠢᠢᠳᠪᠦᠷᠢᠯᠡᠬᠦ ᠬᠠᠷᠢᠭᠤᠴᠠᠯᠭ᠎ᠠ ᠶ᠋ᠢ  ᠳᠡᠭᠡᠭᠰᠢᠯᠡᠭᠦᠯᠬᠦ ᠠᠰᠠᠭᠤᠳᠠᠯ ᠤ᠋ᠨ ᠲᠤᠬᠠᠢ ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠴᠤ ᠂ ᠵᠠᠩ ᠯᠢᠶᠠᠩ ᠂ ᠬᠠᠨ ᠢ  ᠰᠢᠦᠸᠠᠨ ᠵᠡᠷᠭᠡ ᠬᠠᠤᠯᠢ ᠶ᠋ᠢᠨ  ᠲᠤᠰᠢᠶᠠᠯᠲᠠᠨ ᠤ᠋ ᠲᠤᠰᠠᠯᠠᠭᠴᠢ ᠡᠯ᠎ᠡ ᠵᠦᠢᠯ ᠦ᠋ᠨ ᠠᠵᠢᠯ ᠤ᠋ᠨ ᠡᠭᠦᠷᠭᠡ ᠪᠡᠨ ᠬᠡᠷᠬᠢᠨ ᠴᠢᠨᠠᠷ ᠰᠠᠢᠲᠠᠢ ᠪᠡᠶᠡᠯᠡᠭᠦᠯᠬᠦ ᠲᠤᠬᠠᠢ ᠰᠠᠨᠠᠯ ᠂ ᠰᠠᠨᠠᠭᠤᠯᠭ᠎ᠠ ᠳᠤᠷᠠᠳᠪᠠ ᠃

      ᠬᠤᠷᠠᠯ ᠠ᠋ᠴᠠ ᠱᠠᠭᠠᠷᠳᠠᠭᠰᠠᠨ ᠨᠢ ᠂ ᠨᠢᠭᠡᠳᠦᠭᠡᠷ ᠬᠠᠮᠲᠤᠷᠠᠨ ᠵᠥᠪᠯᠡᠬᠦ ᠲᠢᠩᠬᠢᠮ ᠦ᠋ᠨ  ᠺᠠᠲᠷ ᠴᠠᠭᠳᠠᠭ᠎ᠠ ᠨᠢᠭᠡᠪᠦᠷᠢ ᠲᠤᠰ ᠪᠡᠶ᠎ᠡ ᠶ᠋ᠢᠨ ᠪᠠᠢᠳᠠᠯ ᠵᠢᠴᠢ ᠠᠵᠢᠯ ᠤ᠋ᠨ ᠳᠤᠮᠳᠠ  ᠣᠷᠤᠰᠢᠵᠤ ᠪᠠᠢᠭ᠎ᠠ ᠠᠰᠠᠭᠤᠳᠠᠯ  ᠲᠠᠢ ᠪᠠᠨ ᠤᠶᠠᠯᠳᠤᠭᠤᠯᠤᠨ ᠂  ᠤᠯᠤᠰ ᠲᠥᠷᠥ ᠪᠠᠲᠤ ᠴᠢᠩᠭ᠎ᠠ ᠂ ᠲᠤᠬᠠᠢᠯᠠᠭᠰᠠᠨ ᠠᠵᠢᠯ ᠴᠢᠩᠭ᠎ᠠ ᠂ ᠬᠠᠷᠢᠭᠤᠴᠠᠯᠭ᠎ᠠ ᠴᠢᠩᠭ᠎ᠠ ᠂ ᠰᠠᠬᠢᠯᠭ᠎ᠠ ᠪᠠᠲᠤ ᠴᠢᠩᠭ᠎ᠠ ᠂ ᠣᠪᠣᠷ ᠰᠤᠷᠲᠠᠯ ᠴᠢᠩᠭ᠎ᠠ ᠪᠠᠶᠬᠤ ᠶᠡᠷᠦᠩᠬᠡᠶ ᠱᠠᠭᠠᠷᠳᠠᠯᠭ᠎ᠠ ᠶᠣᠰᠣᠭᠠᠷ ᠂ ᠪᠦᠬᠦ ᠬᠣᠲᠠ ᠶᠢᠨ ᠰᠢᠭᠦᠬᠦ ᠬᠣᠷᠢᠶᠠᠨ ᠤ ᠥᠷᠨᠢᠭᠦᠯᠦᠭᠰᠡᠨ 《ᠴᠢᠩᠭ᠎ᠠ ᠴᠡᠭᠴᠡᠯᠡᠨ  ᠥᠭᠡᠷᠡᠴᠢᠯᠡᠬᠦ᠂  ᠳᠡᠭᠡᠭᠰᠢᠯᠡᠭᠦᠯᠬᠦ  ᠶᠢ ᠠᠬᠢᠭᠤᠯᠬᠤ ᠂ ᠳᠦᠷᠢ ᠲᠥᠷᠬᠦ ᠶᠢ ᠪᠤᠢ ᠪᠣᠯᠭᠠᠬᠤ 》ᠰᠠᠬᠢᠯᠭ᠎ᠠ ᠪᠠᠲᠤ ᠣᠪᠣᠷ ᠰᠤᠷᠲᠠᠯ ᠤᠨ ᠬᠥᠮᠦᠵᠢᠯ ᠴᠡᠭᠴᠡᠯᠡᠬᠦ ᠠᠵᠢᠯ ᠤᠨ ᠶᠡᠷᠦᠩᠬᠡᠶ ᠲᠣᠬᠢᠷᠠᠭᠤᠯᠤᠯᠲᠠ ᠲᠠᠶ ᠬᠠᠷᠢᠴᠠᠭᠤᠯᠵᠤ ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠭᠦᠨᠵᠡᠭᠡᠶ ᠥᠪᠡᠷ ᠦᠨ ᠵᠠᠳᠠᠯᠤᠯᠲᠠ ᠪᠠ ᠴᠡᠭᠴᠡᠯᠡᠨ ᠰᠠᠢᠵᠢᠷᠠᠭᠤᠯᠵᠤ᠂ ᠲᠠᠷᠠᠭᠠᠴᠢ ᠶᠢᠨ ᠱᠠᠲᠤᠨ ᠤ ᠠᠵᠢᠯ ᠢ ᠨᠡᠩ  ᠰᠠᠢᠲᠤᠷ ᠥᠷᠨᠢᠭᠦᠯᠬᠦ ᠳᠦ ᠪᠠᠲᠤ ᠪᠡᠬᠢ ᠰᠠᠭᠤᠷᠢ ᠶᠢ ᠲᠠᠯᠪᠢᠵᠤ ᠥᠭᠭᠦᠨ᠎ᠡ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )