ᠣᠷᠳᠤᠰ ᠬᠣᠲᠠ ᠵᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠤ᠋ ᠰᠢᠨᠵᠢᠯᠡᠨ ᠪᠠᠢᠴᠠᠭᠠᠬᠤ ᠳᠤᠭᠤᠢᠯᠠᠩ ᠲᠦᠩᠯᠢᠶᠣᠤ ᠬᠣᠲᠠ ᠵᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠳ᠋ᠤ ᠬᠦᠷᠴᠦ ᠰᠤᠷᠤᠯᠴᠠᠨ ᠰᠠᠨᠠᠯ ᠢ᠋ᠢᠡᠨ ᠰᠣᠯᠢᠯᠴᠠᠪᠠ
2020.06.12 ᠲᠣᠰ ᠥᠷᠲᠡᠭᠡᠨ ᠦ ᠨᠠᠢᠷᠠᠭᠤᠯᠤᠭᠴᠢ

  5 ᠰᠠᠷ᠎ᠠ ᠶ᠋ᠢᠨ 22 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠥᠷᠥᠯ ᠦ᠋ᠨ ᠬᠡᠷᠡᠭ ᠦ᠋ᠨ  ᠰᠢᠭᠦᠨ ᠲᠠᠰᠤᠯᠬᠤ ᠳᠦᠷᠢᠮ  ᠢ᠋ ᠰᠢᠯᠭᠠᠨ ᠪᠠᠢᠴᠠᠭᠠᠬᠤ ᠳᠤᠭᠤᠢᠯᠠᠩ ᠨᠢ ᠲᠦᠩᠯᠢᠶᠣᠣ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶᠠᠨ ᠳ᠋ᠤ᠌ ᠬᠦᠷᠴᠦ  ᠰᠢᠨᠵᠢᠯᠡᠨ  ᠪᠠᠢᠴᠠᠭᠠᠵᠤ ᠰᠤᠷᠤᠯᠴᠠᠪᠠ᠃ 

        ᠲᠦᠩᠯᠢᠶᠣᠣ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠳᠡᠳ᠋ ᠬᠣᠷᠢᠶᠠᠨ ᠳᠠᠷᠤᠭ᠎ᠠ ᠸᠠᠩ ᠱᠧᠩ ᠯᠢ᠂ ᠰᠤᠳᠤᠯᠬᠤ ᠲᠠᠰᠤᠭ ᠤ᠋ᠨ ᠡᠷᠬᠢᠯᠡᠭᠴᠢ ᠯᠢ ᠶᠠᠨ ᠪᠧᠢ ᠵᠢᠴᠢ ᠵᠠᠰᠠᠭ ᠵᠠᠬᠢᠷᠭᠠᠨ ᠤ᠋ ᠵᠠᠷᠭᠤ ᠶ᠋ᠢᠨ ᠰᠢᠭᠦᠨ ᠲᠠᠰᠤᠯᠬᠤ ᠳᠦᠷᠢᠮ ᠢ᠋  ᠵᠢᠯᠤᠭᠤᠳᠬᠤ ᠳᠤᠭᠤᠢᠯᠠᠩ ᠤ᠋ᠨ ᠭᠡᠰᠢᠭᠦᠨ  ᠨᠢ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠬᠠᠮᠲᠤ ᠠᠵᠢᠯᠲᠠ ᠳ᠋ᠤ ᠤᠳᠠᠯ ᠦᠭᠡᠢ ᠰᠦᠯᠵᠢᠶᠡᠨ ᠳ᠋ᠤ ᠭᠠᠷᠬᠤ ᠭᠡᠵᠦ ᠪᠠᠢᠭ᠎ᠠ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ ᠦ᠋ᠨ ᠵᠢᠱ᠌ᠢᠶ᠎ᠡ ᠵᠢᠨ ᠳ᠋ᠠᠢᠲ᠋ᠠ ᠬᠥᠮᠥᠷᠭᠡ ᠶ᠋ᠢᠨ ᠬᠠᠮᠢᠶ᠎ᠠ ᠪᠦᠬᠦᠢ ᠪᠠᠢᠳᠠᠯ ᠢ᠋ ᠲᠠᠨᠢᠯᠴᠠᠭᠤᠯᠵᠤ᠂ ᠰᠤᠳᠤᠯᠤᠨ ᠨᠡᠭᠡᠭᠡᠭᠴᠢ ᠠ᠋ᠴᠠ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ ᠦ᠋ᠨ ᠵᠢᠱ᠌ᠢᠶ᠎ᠡ ᠵᠢᠨ ᠳ᠋ᠠᠢᠲ᠋ᠠ ᠬᠥᠮᠦᠷᠭᠡ ᠵᠢ ᠡᠷᠢᠬᠦ ᠰᠡᠳᠭᠢᠮᠵᠢ ᠵᠢ ᠲᠠᠢᠯᠪᠤᠷᠢᠯᠠᠪᠠ᠃
        ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋  ᠰᠢᠨᠵᠢᠯᠡᠨ ᠪᠠᠢᠴᠠᠭᠠᠬᠤ ᠳᠤᠭᠤᠢᠯᠠᠩ ᠵᠢᠨ ᠭᠡᠰᠢᠭᠦᠨ ᠾᠧ ᠶᠠᠨ ᠴᠦᠨ ᠂ ᠳᠦ ᠪᠦᠸᠧ ᠂ ᠸᠠᠩ ᠯᠢᠦᠢ ᠨᠠᠷ ᠲᠦᠩᠯᠢᠶᠣᠣ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠲᠠᠢ ᠭᠦᠨᠵᠡᠭᠡᠢ ᠰᠣᠯᠢᠯᠴᠠᠬᠤ ᠶ᠋ᠢᠨ ᠬᠠᠮᠲᠤ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ ᠵᠢᠱ᠌ᠢᠶ᠎ᠡ ᠵᠢᠨ ᠲᠣᠭ᠎ᠠ ᠪᠠᠷᠢᠮᠲᠠ ᠶ᠋ᠢᠨ ᠬᠥᠮᠥᠷᠭᠡ ᠶ᠋ᠢᠨ ᠪᠦᠲᠦᠴᠡ ᠵᠢᠴᠢ《 ᠵᠠᠰᠠᠭ ᠵᠠᠬᠢᠷᠭᠠᠨ ᠤ᠋ ᠵᠠᠷᠭᠤ ᠶ᠋ᠢᠨ ᠲᠥᠷᠥᠯ ᠦ᠋ᠨ ᠬᠡᠷᠡᠭ ᠢ᠋ ᠲᠠᠰᠤᠯᠤᠨ ᠲᠣᠭᠲᠠᠭᠠᠬᠤ ᠳᠦᠷᠢᠮᠯᠡᠯ ᠦ᠋ᠨ  ᠰᠢᠷᠢᠰ ᠵᠢᠯᠣᠭᠣᠳᠤᠯᠭ᠎ᠠ》 ᠵᠢ ᠨᠠᠢᠷᠠᠭᠤᠯᠤᠨ ᠪᠢᠴᠢᠭᠰᠡᠨ ᠰᠡᠳᠭᠢᠮᠵᠢ ᠪᠠᠨ ᠵᠠᠳᠠᠯᠤᠨ ᠲᠠᠢᠯᠪᠤᠷᠢᠯᠠᠵᠤ᠂ ᠬᠣᠶᠠᠷ ᠲᠠᠯ᠎ᠠ ᠵᠢᠨ  ᠬᠠᠮᠲᠤᠷᠠᠯ ᠤ᠋ᠨ ᠠᠵᠢᠯ ᠤ᠋ᠨ ᠲᠤᠬᠠᠢ ᠠᠵᠢᠯ ᠤ᠋ᠨ ᠳᠤᠭᠤᠢᠯᠠᠩ ᠤ᠋ᠨ ᠭᠡᠰᠢᠭᠦᠨ ᠲᠡᠢ ᠭᠦᠢᠴᠡᠳ ᠶᠠᠷᠢᠯᠴᠠᠭ᠎ᠠ ᠶᠠᠪᠤᠭᠳᠠᠭᠤᠯᠤᠭᠰᠠᠨ ᠪᠠᠢᠨ᠎ᠠ᠃
        ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋  ᠰᠢᠨᠵᠢᠯᠡᠨ ᠪᠠᠢᠴᠠᠭᠠᠬᠤ ᠳᠤᠭᠤᠢᠯᠠᠩ ᠂ ᠲᠦᠩᠯᠢᠶᠣᠣ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠠᠵᠢᠯᠯᠠᠬᠤ ᠳᠤᠭᠤᠢᠯᠠᠩ ᠲᠠᠢ ᠭᠦᠨᠵᠡᠭᠡᠢ  ᠰᠢᠨᠵᠢᠯᠡᠨ ᠰᠤᠳᠤᠯᠵᠤ᠂ ᠣᠢᠯᠠᠭᠠᠯᠴᠠᠬᠤ ᠪᠡᠷ ᠳᠠᠮᠵᠢᠭᠤᠯᠤᠨ ᠂  ᠮᠠᠰᠢ ᠶᠡᠬᠡ ᠣᠯᠤᠯᠲᠠ ᠲᠠᠢ ᠪᠣᠯᠤᠭᠰᠠᠨ ᠪᠠᠢᠨ᠎ᠠ ᠃ ᠲᠦᠩᠯᠢᠶᠣᠣ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ ᠵᠢᠱ᠌ᠢᠶ᠎ᠡ ᠲᠣᠭ᠎ᠠ ᠪᠠᠷᠢᠮᠲᠠ ᠶ᠋ᠢᠨ ᠬᠥᠮᠥᠷᠭᠡ ᠶ᠋ᠢᠨ ᠪᠠᠢᠭᠤᠯᠤᠯᠲᠠ ᠵᠢᠴᠢ 《 ᠵᠠᠰᠠᠭ ᠵᠠᠬᠢᠷᠭᠠᠨ ᠤ᠋ ᠵᠠᠷᠭᠤ ᠶ᠋ᠢᠨ ᠲᠥᠷᠥᠯ ᠦ᠋ᠨ ᠲᠠᠰᠤᠯᠤᠨ ᠲᠣᠭᠲᠠᠭᠠᠯᠲᠠ ᠶ᠋ᠢᠨ ᠳᠦᠷᠢᠮ ᠦ᠋ᠨ ᠬᠥᠲᠥᠯᠪᠦᠷᠢ 》 ᠶ᠋ᠢ ᠨᠠᠢᠷᠠᠭᠤᠯᠤᠨ ᠪᠢᠴᠢᠬᠦ ᠶᠠᠪᠤᠴᠠ ᠳ᠋ᠤ᠌ ᠬᠠᠢᠨ ᠰᠦᠪᠡᠭᠴᠢᠯᠡᠭᠰᠡᠨ  ᠲᠤᠷᠰᠢᠯᠭ᠎ᠠ ᠨᠢ ᠬᠣᠶᠠᠷ ᠲᠠᠯ᠎ᠠ ᠶ᠋ᠢᠨ ᠳᠠᠷᠠᠭᠠᠴᠢ ᠵᠢᠨ ᠠᠯᠬᠤᠮ ᠤ᠋ᠨ ᠠᠵᠢᠯ ᠳ᠋ᠤ᠌  ᠠᠰᠢᠭᠲᠠᠢ ᠯᠠᠪᠯᠠᠯᠲᠠ ᠬᠠᠩᠭᠠᠭᠰᠠᠨ ᠶᠤᠮ᠃
         ᠬᠣᠢᠰᠢᠳᠠ ᠶ᠋ᠢᠨ ᠠᠵᠢᠯ ᠤ᠋ᠨ ᠳᠤᠮᠳᠠ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ  ᠨᠢ《  ᠰᠢᠨ᠎ᠡ ᠵᠢ  ᠡᠭᠦᠳᠬᠦ ᠬᠠᠮᠢᠶᠠᠷᠤᠯᠲᠠ ᠶ᠋ᠢᠨ  ᠵᠢᠯ》 ᠤ᠋ᠨ ᠱᠠᠭᠠᠷᠳᠠᠯᠭ᠎ᠠ ᠶᠣᠰᠣᠭᠠᠷ᠂《 ᠬᠠᠮᠢᠶᠠᠷᠤᠯᠲᠠ ᠵᠢ ᠴᠢᠩᠭᠠᠳᠭᠠᠵᠤ᠂ ᠲᠠᠷᠬᠠᠭᠠᠯᠲᠠ ᠵᠢ ᠪᠠᠭᠤᠷᠠᠭᠤᠯᠵᠤ᠂ ᠶᠠᠰᠤ ᠴᠢᠨᠠᠷ ᠢ᠋ ᠳᠡᠭᠡᠭᠰᠢᠯᠡᠭᠦᠯᠬᠦ》 ᠪᠡᠷ ᠬᠠᠷᠠᠯᠲᠠ ᠪᠠᠨ ᠪᠣᠯᠭᠠᠨ《ᠲᠥᠷᠦᠯ ᠤ᠋ᠨ ᠬᠡᠷᠡᠭ ᠢ᠋ ᠨᠠᠢᠷᠠᠭᠤᠯᠤᠨ ᠪᠢᠴᠢᠬᠦ᠂ ᠬᠢᠨᠠᠨ ᠲᠠᠰᠤᠯᠬᠤ ᠪᠠᠷᠢᠮᠵᠢᠶ᠎ᠠ ᠵᠢ ᠨᠢᠭᠡᠳᠭᠡᠬᠦ᠂ ᠬᠠᠤᠯᠢ ᠪᠠᠷᠢᠬᠤ ᠴᠢᠳᠠᠪᠤᠷᠢ ᠵᠢ ᠳᠡᠭᠡᠭᠰᠢᠯᠡᠭᠦᠯᠬᠦ᠂ ᠠᠷᠠᠳ  ᠲᠦᠮᠡᠨ ᠳ᠋ᠤ ᠦᠢᠯᠡᠴᠢᠯᠡᠬᠦ》 ᠪᠡᠷ ᠭᠠᠷᠳᠠᠴᠠ ᠪᠣᠯᠭᠠᠵᠤ《ᠣᠷᠳᠤᠰ ᠤ᠋ᠨ ᠬᠡᠪ ᠮᠠᠶᠢᠭ 》 ᠤ᠋ᠨ ᠰᠢᠭᠦᠨ ᠲᠠᠰᠤᠯᠬᠤ ᠰᠢᠰᠲ᠋ᠧᠮ ᠬᠢᠭᠡᠳ  ᠴᠢᠳᠠᠪᠬᠢ ᠵᠢᠨ ᠣᠳᠣᠬᠢᠴᠢᠯᠠᠯᠲᠠ ᠵᠢᠨ ᠠᠶᠠᠨ ᠵᠠᠮ ᠵᠢ ᠬᠠᠢᠨ ᠰᠦᠪᠡᠭᠴᠢᠯᠡᠬᠦ ᠪᠡᠷ  ᠴᠢᠷᠮᠠᠢᠬᠤ ᠬᠡᠷᠡᠭᠲᠡᠢ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )