ᠣᠷᠳᠤᠰ ᠬᠣᠲᠠ ᠵᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠤ᠋ ᠭᠡᠷ ᠤ᠋ᠨ ᠶᠠᠪᠤᠳᠠᠯ ᠤ᠋ᠨ ᠬᠠᠮᠲᠤᠷᠠᠨ ᠵᠥᠪᠯᠡᠬᠦ ᠲᠠᠩᠬᠢᠮ ᠤ᠋ᠨ ᠬᠢᠨ ᠵᠦᠩᠭᠠᠷ ᠬᠣᠰᠢᠭᠤᠨ ᠤ᠋ ᠰᠢᠭᠦᠬᠦ ᠬᠣᠷᠢᠶᠠᠨ ᠳ᠋ᠤ ᠬᠦᠷᠴᠤ ᠪᠠᠢᠴᠠᠭᠠᠨ ᠰᠤᠳᠤᠯᠤᠯᠲᠠ ᠬᠢᠪᠡ
2020.07.13 ᠲᠣᠰ ᠥᠷᠲᠡᠭᠡᠨ ᠦ ᠨᠠᠢᠷᠠᠭᠤᠯᠤᠭᠴᠢ

    ᠭᠡᠷ ᠦ᠋ᠨ ᠶᠠᠪᠤᠳᠠᠯ ᠢ᠋ ᠰᠢᠭᠦᠨ ᠲᠠᠰᠤᠯᠬᠤ ᠠᠵᠢᠯ ᠤ᠋ᠨ ᠬᠡᠪ ᠵᠠᠭᠪᠤᠷ ᠂  ᠰᠢᠭᠦᠨ ᠲᠠᠰᠤᠯᠬᠤ ᠣᠢᠯᠠᠭᠠᠭᠳᠠᠬᠤᠨ ᠵᠢᠴᠢ   ᠲᠤᠷᠰᠢᠯᠭ᠎ᠠ ᠶ᠋ᠢ ᠴᠠᠭ ᠲᠤᠬᠠᠢ ᠳ᠋ᠤᠨᠢ ᠳ᠋ᠦᠩᠨᠡᠵᠦ ᠂ ᠭᠡᠷ ᠦ᠋ᠨ ᠶᠠᠪᠤᠳᠠᠯ ᠢ᠋  ᠰᠢᠭᠦᠨ ᠲᠠᠰᠤᠯᠬᠤ ᠠᠵᠢᠯ ᠢ᠋ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠵᠢᠷᠤᠮᠵᠢᠭᠤᠯᠵᠤ ᠂ ᠬᠣᠶᠠᠷ ᠱᠠᠲᠤᠨ ᠤ᠋  ᠰᠢᠭᠦᠬᠦ ᠬᠣᠷᠢᠶᠠᠨ ᠤ᠋ ᠭᠡᠷ ᠦ᠋ᠨ ᠶᠠᠪᠤᠳᠠᠯ ᠢ᠋  ᠰᠢᠭᠦᠨ ᠲᠠᠰᠤᠯᠬᠤ ᠠᠵᠢᠯ ᠤ᠋ᠨ ᠴᠢᠨᠠᠷ ᠪᠦᠲᠦᠮᠵᠢ ᠶ᠋ᠢ  ᠳᠡᠭᠡᠭᠰᠢᠯᠡᠭᠦᠯᠬᠦ ᠶ᠋ᠢᠨ ᠲᠤᠰᠠᠳᠠ ᠂ ᠣᠢᠷ᠎ᠠ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠭᠡᠷ ᠦ᠋ᠨ ᠶᠠᠪᠤᠳᠠᠯ ᠤ᠋ᠨ ᠬᠠᠮᠲᠤᠷᠠᠨ ᠵᠥᠪᠯᠡᠬᠦ ᠲᠢᠩᠬᠢᠮ ᠵᠦᠩᠭ᠋ᠠᠷ  ᠬᠣᠰᠢᠭᠤᠨ ᠤ᠋  ᠬᠣᠷᠢᠶᠠᠨ ᠳ᠋ᠤ᠌ ᠬᠦᠷᠴᠦ ᠭᠡᠷ ᠦ᠋ᠨ ᠶᠠᠪᠤᠳᠠᠯ ᠢ᠋  ᠰᠢᠭᠦᠨ ᠲᠠᠰᠤᠯᠬᠤ ᠠᠵᠢᠯ ᠵᠢᠴᠢ《2020 ᠣᠨ ᠤ᠋ ᠥᠪᠥᠷ ᠮᠣᠩᠭᠣᠯ ᠤ᠋ᠨ ᠬᠠᠤᠯᠢ ᠴᠠᠭᠠᠵᠠ ᠶ᠋ᠢᠨ ᠰᠣᠶᠣᠯ ᠤ᠋ᠨ ᠶᠠᠷᠢᠶᠠᠨ ᠤ᠋ ᠲᠠᠪᠴᠠᠩ — ᠳᠥᠷᠪᠡᠳᠦᠭᠡᠷ ᠬᠤᠭᠤᠴᠠᠭᠠᠨ ᠤ᠋ ᠭᠡᠷ ᠦ᠋ᠨ ᠶᠠᠪᠤᠳᠠᠯ ᠢ᠋  ᠰᠢᠭᠦᠨ ᠲᠠᠰᠤᠯᠬᠤ ᠲᠤᠰᠭᠠᠢ ᠰᠡᠳᠦᠪᠲᠦ ᠬᠤᠷᠠᠯ 》 ᠤ᠋ᠨ ᠪᠡᠯᠡᠳᠭᠡᠯ ᠠᠵᠢᠯ ᠳ᠋ᠤ ᠲᠤᠰᠭᠠᠢ ᠰᠤᠳᠤᠯᠤᠨ ᠪᠠᠢᠴᠠᠭᠠᠯᠲᠠ ᠬᠢᠪᠡ ᠃ ᠲᠤᠰ ᠤᠳᠠᠭᠠᠨ ᠤ᠋  ᠰᠤᠳᠤᠯᠤᠨ ᠪᠠᠢᠴᠠᠭᠠᠯᠲᠠ ᠳ᠋ᠤ᠂ ᠣᠲᠣᠭ  ᠬᠣᠰᠢᠭᠤᠨ ᠤ᠋ ᠰᠢᠭᠦᠬᠦ ᠬᠣᠷᠢᠶᠠᠨ ᠤ᠋  ᠰᠢᠭᠦᠨ ᠲᠠᠰᠤᠯᠬᠤ ᠺᠣᠮᠢᠰ ᠤ᠋ᠨ ᠲᠤᠰᠭᠠᠢ  ᠲᠤᠰᠢᠶᠠᠯᠲᠤ  ᠭᠡᠰᠢᠭᠦᠨ ᠰᠣᠳᠤ ᠵᠢᠴᠢ ᠭᠡᠷ ᠦ᠋ᠨ ᠶᠠᠪᠤᠳᠠᠯ ᠤ᠋ᠨ ᠬᠡᠷᠡᠭ ᠦ᠋ᠨ  ᠰᠢᠭᠦᠨ ᠲᠠᠰᠤᠯᠬᠤ  ᠰᠢᠭᠦᠭᠴᠢ᠂  ᠰᠢᠭᠦᠭᠴᠢ  ᠵᠢᠨ ᠲᠤᠰᠠᠯᠠᠭᠴᠢ ᠶ᠋ᠢ ᠪᠠᠢᠴᠠᠭᠠᠨ ᠰᠤᠳᠤᠯᠤᠯᠲᠠ ᠶ᠋ᠢᠨ ᠰᠠᠭᠤᠳᠠᠯ ᠤ᠋ᠨ ᠬᠤᠷᠠᠯ ᠳ᠋ᠤ᠌ ᠤᠷᠢᠭᠰᠠᠨ ᠪᠠᠢᠨ᠎ᠠ᠃


     ᠬᠤᠷᠠᠯ ᠳᠡᠭᠡᠷ᠎ᠡ ᠂ ᠵᠦᠩᠭᠠᠷ  ᠬᠣᠰᠢᠭᠤᠨ ᠤ᠋  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠵᠠᠩ ᠬᠠᠢ ᠯᠦᠩ ᠠ᠋ᠴᠠ ᠲᠤᠰ ᠬᠣᠷᠢᠶᠠᠨ ᠤ᠋ ᠭᠡᠷ ᠦ᠋ᠨ ᠶᠠᠪᠤᠳᠠᠯ ᠢ᠋  ᠰᠢᠭᠦᠨ ᠲᠠᠰᠤᠯᠬᠤ ᠠᠵᠢᠯ ᠤ᠋ᠨ ᠪᠠᠢᠳᠠᠯ ᠤ᠋ᠨ ᠲᠤᠬᠠᠢ ᠲᠠᠨᠢᠯᠴᠠᠭᠤᠯᠪᠠ ᠃ ᠳᠡᠳ᠋ ᠬᠣᠷᠢᠶᠠᠨ ᠳᠠᠷᠤᠭ᠎ᠠ ᠶᠠᠩ ᠹᠧᠩ ᠶᠢᠩ ᠂ ᠲᠤᠰ ᠬᠣᠷᠢᠶᠠᠨ ᠤ᠋ 2020 ᠣᠨ ᠤ᠋ 1 ~ 6 ᠰᠠᠷ᠎ᠠ ᠶ᠋ᠢᠨ ᠭᠡᠷ ᠦ᠋ᠨ ᠶᠠᠪᠤᠳᠠᠯ ᠤ᠋ᠨ ᠬᠡᠷᠡᠭ ᠢ᠋ ᠰᠢᠭᠦᠬᠦ ᠠᠵᠢᠯ ᠤ᠋ᠨ ᠭᠢᠯᠠᠰ ᠴᠡᠭ ᠂ ᠰᠢᠨ᠎ᠡ ᠶ᠋ᠢ ᠡᠭᠦᠳᠬᠦ ᠰᠡᠳᠭᠢᠮᠵᠢ ᠵᠢᠴᠢ ᠭᠡᠷ ᠦ᠋ᠨ ᠶᠠᠪᠤᠳᠠᠯ ᠤ᠋ᠨ ᠰᠢᠭᠦᠨ ᠲᠠᠰᠤᠯᠤᠯᠲᠠ ᠶ᠋ᠢᠨ ᠦᠢᠯᠡᠳᠦᠯᠭᠡ ᠳᠤᠮᠳᠠ ᠲᠤᠯᠭᠠᠷᠠᠭᠰᠠᠨ ᠠᠰᠠᠭᠤᠳᠠᠯ ᠳ᠋ᠤ᠌ ᠨᠠᠷᠢᠨ ᠮᠡᠳᠡᠭᠦᠯᠦᠯᠲᠡ ᠬᠢᠭᠰᠡᠨ ᠪᠠᠢᠨ᠎ᠠ ᠃ ᠬᠤᠷᠠᠯ ᠳ᠋ᠤ᠌ ᠣᠷᠣᠯᠴᠠᠭᠰᠠᠳ ᠵᠦᠩᠭᠠᠷ  ᠬᠣᠰᠢᠭᠤᠨ ᠤ᠋  ᠰᠢᠭᠦᠬᠦ ᠬᠣᠷᠢᠶᠠᠨ ᠤ᠋  ᠰᠢᠭᠦᠨ ᠲᠠᠰᠤᠯᠬᠤ ᠶᠠᠪᠤᠴᠠ ᠳ᠋ᠤ᠌ ᠲᠣᠬᠢᠶᠠᠯᠳᠤᠭᠰᠠᠨ ᠠᠰᠠᠭᠤᠳᠠᠯ ᠤ᠋ᠨ ᠲᠤᠬᠠᠢ ᠰᠤᠳᠤᠯᠤᠨ ᠶᠠᠷᠢᠯᠴᠠᠭᠰᠠᠨ ᠪᠠᠢᠨ᠎ᠠ ᠃


      ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠭᠡᠷ ᠦ᠋ᠨ ᠶᠠᠪᠤᠳᠠᠯ ᠢ᠋ ᠵᠥᠪᠯᠡᠨ  ᠰᠢᠭᠦᠬᠦ ᠲᠢᠩᠬᠢᠮ ᠦ᠋ᠨ ᠳᠠᠷᠤᠭ᠎ᠠ ᠦᠨᠡᠨ ᠲᠤᠰ ᠬᠣᠶᠠᠷ ᠱᠠᠲᠤᠨ ᠤ᠋  ᠰᠢᠭᠦᠬᠦ ᠬᠣᠷᠢᠶ᠎ᠠ ᠶ᠋ᠢᠨ ᠵᠣᠬᠢᠶᠠᠨ ᠪᠠᠢᠭᠤᠯᠤᠯᠲᠠ ᠶ᠋ᠢᠨ ᠳᠠᠭᠠᠭᠠᠨ ᠭᠦᠢᠴᠡᠳᠭᠡᠭᠰᠡᠨ 《2020 ᠣᠨ ᠤ᠋ ᠥᠪᠥᠷ ᠮᠣᠩᠭᠣᠯ ᠤ᠋ᠨ ᠬᠠᠤᠯᠢ ᠴᠠᠭᠠᠵᠠ ᠶ᠋ᠢᠨ ᠰᠣᠶᠣᠯ ᠤ᠋ᠨ ᠶᠠᠷᠢᠶᠠᠨ ᠤ᠋ ᠲᠠᠪᠴᠠᠩ — ᠳᠥᠷᠪᠡᠳᠦᠭᠡᠷ ᠬᠤᠭᠤᠴᠠᠭᠠᠨ ᠤ᠋ ᠭᠡᠷ ᠦ᠋ᠨ ᠶᠠᠪᠤᠳᠠᠯ ᠢ᠋  ᠰᠢᠭᠦᠨ ᠲᠠᠰᠤᠯᠬᠤ ᠲᠤᠰᠭᠠᠢ ᠰᠡᠳᠦᠪᠲᠦ ᠬᠤᠷᠠᠯ 》 ᠤ᠋ᠨ ᠪᠡᠯᠡᠳᠭᠡᠯ ᠠᠵᠢᠯ ᠳ᠋ᠤ᠌ ᠪᠣᠳᠠᠲᠠᠢ ᠱᠠᠭᠠᠷᠳᠠᠯᠭ᠎ᠠ ᠳᠤᠷᠠᠳᠴᠤ ᠂ ᠲᠤᠰ ᠤᠳᠠᠭᠠᠨ ᠤ᠋ ᠶᠠᠷᠢᠶᠠᠨ ᠤ᠋ ᠲᠠᠪᠴᠠᠩ ᠲᠡᠭᠦᠰ ᠠᠮᠵᠢᠯᠲᠠ ᠣᠯᠬᠤ ᠶ᠋ᠢ ᠬᠦᠰᠡᠵᠦ ᠪᠠᠢᠨ᠎ᠠ ᠭᠡᠵᠡᠢ᠃  ᠵᠦᠩᠭᠠᠷ  ᠬᠣᠰᠢᠭᠤᠨ  ᠤ᠋ ᠰᠢᠭᠦᠬᠦ ᠬᠣᠷᠢᠶ᠎ᠠ 《2020 ᠣᠨ ᠤ᠋ ᠥᠪᠥᠷ ᠮᠣᠩᠭᠣᠯ ᠤ᠋ᠨ ᠬᠠᠤᠯᠢ ᠴᠠᠭᠠᠵᠠ ᠶ᠋ᠢᠨ ᠰᠣᠶᠣᠯ ᠤ᠋ᠨ ᠶᠠᠷᠢᠶᠠᠨ ᠤ᠋ ᠲᠠᠪᠴᠠᠩ — ᠳᠥᠷᠪᠡᠳᠦᠭᠡᠷ ᠬᠤᠭᠤᠴᠠᠭᠠᠨ ᠤ᠋ ᠭᠡᠷ ᠦ᠋ᠨ ᠶᠠᠪᠤᠳᠠᠯ ᠢ᠋  ᠰᠢᠭᠦᠨ ᠲᠠᠰᠤᠯᠬᠤ ᠲᠤᠰᠭᠠᠢ ᠰᠡᠳᠦᠪᠲᠦ ᠬᠤᠷᠠᠯ 》 ᠤ᠋ᠨ ᠪᠡᠯᠡᠳᠭᠡᠯ ᠠᠵᠢᠯ ᠤ᠋ᠨ ᠲᠤᠬᠠᠢ ᠬᠠᠷᠢᠭᠤ ᠮᠡᠳᠡᠭᠦᠯᠦᠯᠲᠡ ᠬᠢᠪᠡ᠃
       ᠬᠤᠷᠠᠯ  ᠤ᠋ᠨ ᠲᠡᠭᠦᠰᠭᠡᠯ ᠳ᠋ᠦ᠍ ᠂  ᠦᠨᠡᠨ  ᠵᠦᠩᠭᠠᠷ  ᠬᠣᠰᠢᠭᠤᠨ ᠤ᠋  ᠰᠢᠭᠦᠬᠦ ᠬᠣᠷᠢᠶ᠎ᠠ ᠶ᠋ᠢᠨ ᠭᠡᠷ ᠦ᠋ᠨ ᠬᠡᠷᠡᠭ ᠢ᠋  ᠰᠢᠭᠦᠬᠦ ᠳᠤᠮᠳᠠ ᠳᠤᠷᠠᠳᠤᠭᠰᠠᠨ ᠤᠷᠤᠭ ᠰᠠᠯᠬᠤ ᠵᠠᠷᠭᠤ ᠶ᠋ᠢᠨ ᠡᠮᠦᠨ᠎ᠡ ᠵᠠᠭᠠᠯᠳᠤᠭᠳᠠᠭᠴᠢ ᠶ᠋ᠢᠨ ᠬᠢᠭᠰᠡᠨ ᠡᠳ᠋ ᠬᠥᠷᠥᠩᠭᠡ ᠶ᠋ᠢᠨ ᠮᠡᠳᠡᠭᠦᠯᠦᠯᠲᠡ ᠶ᠋ᠢᠨ ᠬᠦᠰᠦᠨᠦᠭᠲᠦ《ᠵᠢᠷᠭᠤᠭᠠᠨ ᠰᠠᠷ᠎ᠠ ᠶ᠋ᠢᠨ ᠳᠣᠲᠣᠷ᠎ᠠ ᠤᠷᠤᠭ ᠰᠠᠯᠬᠤ ᠦᠭᠡᠢ 》 ᠭᠡᠳᠡᠭ ᠢ᠋ ᠡᠶᠡᠳᠡᠭᠦᠯᠭᠡ ᠶ᠋ᠢᠨ ᠪᠢᠴᠢᠭ ᠲᠦ᠍ ᠪᠢᠴᠢᠵᠦ ᠣᠷᠣᠭᠤᠯᠤᠭᠰᠠᠨ ᠰᠢᠨ᠎ᠡ ᠡᠭᠦᠳᠦᠯᠲᠡ ᠶ᠋ᠢ ᠨᠤᠲᠠᠯᠠᠭᠰᠠᠨ ᠪᠠᠢᠨ᠎ᠠ᠃《 ᠢᠷᠭᠡᠨ ᠦ᠌ ᠬᠠᠤᠯᠢ ᠶ᠋ᠢᠨ ᠪᠢᠴᠢᠭ 》 ᠢ᠋ ᠨᠡᠢᠲᠡᠯᠡᠨ ᠬᠡᠷᠡᠭᠵᠢᠭᠦᠯᠬᠦ ᠭᠡᠵᠦ ᠪᠠᠢᠭ᠎ᠠ ᠠᠬᠤᠢ ᠪᠠᠢᠳᠠᠯ ᠳᠣᠣᠷ᠎ᠠ᠂ ᠬᠤᠶᠠᠷ ᠱᠠᠲᠤᠨ ᠤ᠋ ᠰᠢᠭᠦᠬᠦ ᠬᠣᠷᠢᠶ᠎ᠠ ᠰᠢᠭᠦᠨ ᠲᠠᠰᠤᠯᠬᠤ ᠡᠭᠦᠷᠭᠡ ᠴᠢᠳᠠᠪᠤᠷᠢ ᠵᠢᠨ ᠦᠢᠯᠡᠳᠦᠯ ᠢ᠋ᠢᠡᠨ ᠭᠦᠢᠴᠡᠳ ᠪᠠᠳᠠᠷᠠᠭᠤᠯᠵᠤ᠂ ᠭᠡᠷ ᠤ᠋ᠨ ᠶᠠᠪᠤᠳᠠᠯ ᠤ᠋ᠨ ᠰᠢᠭᠦᠨ ᠲᠠᠰᠤᠯᠬᠤ ᠣᠢᠯᠠᠭᠠᠭᠳᠠᠬᠤᠨ ᠢ᠋ᠢᠡᠨ ᠬᠤᠪᠢᠷᠠᠭᠤᠯᠵᠤ᠂ ᠭᠡᠷ ᠤ᠋ᠨ ᠶᠠᠪᠤᠳᠠᠯ ᠢ᠋ ᠰᠢᠭᠦᠨ ᠲᠠᠰᠤᠯᠬᠤ ᠵᠢᠭᠤᠷᠠᠯᠳᠤᠭᠠᠨ ᠢ᠋ ᠲᠣᠬᠢᠲᠠᠢ ᠰᠢᠢᠳᠪᠦᠷᠢᠯᠡᠵᠦ᠂ ᠨᠡᠩ ᠤᠯᠠᠨ ᠭᠡᠷ ᠪᠦᠯᠢ ᠳ᠋ᠤ ᠬᠠᠤᠯᠢ ᠪᠠᠷᠢᠬᠤ ᠨᠡᠢᠭᠡᠮ ᠤ᠋ᠨ ᠬᠠᠢᠷ᠎ᠠ ᠬᠠᠯᠠᠮᠵᠢ ᠵᠢ ᠮᠡᠳᠡᠷᠡᠭᠦᠯᠬᠦ ᠪᠡᠷ ᠴᠢᠷᠮᠠᠢᠨ᠎ᠠ᠃ ᠵᠦᠩᠭᠠᠷ ᠬᠣᠰᠢᠭᠤᠨ ᠤ᠋ ᠰᠢᠭᠦᠬᠦ ᠬᠣᠷᠢᠶᠠᠨ ᠤ᠋ ᠣᠢᠷ᠎ᠠ ᠵᠢᠨ ᠬᠠᠭᠠᠰ ᠵᠢᠯ ᠤ᠋ᠨ ᠲᠤᠷᠰᠢᠬᠢ ᠭᠡᠷ ᠤ᠋ᠨ ᠶᠠᠪᠤᠳᠠᠯ ᠢ᠋ ᠰᠢᠭᠦᠨ ᠰᠢᠢᠳᠪᠦᠷᠢᠯᠡᠬᠦ ᠠᠵᠢᠯ ᠤ᠋ᠨ ᠳᠤᠮᠳᠠ ᠣᠯᠤᠭᠰᠠᠨ ᠠᠮᠵᠢᠯᠲᠠ ᠵᠢᠴᠢ 《2020 ᠣᠨ ᠤ᠋ ᠥᠪᠥᠷ ᠮᠣᠩᠭᠣᠯ ᠤ᠋ᠨ ᠬᠠᠤᠯᠢ ᠴᠠᠭᠠᠵᠠ ᠶ᠋ᠢᠨ ᠰᠣᠶᠣᠯ ᠤ᠋ᠨ ᠶᠠᠷᠢᠶᠠᠨ ᠤ᠋ ᠲᠠᠪᠴᠠᠩ — ᠳᠥᠷᠪᠡᠳᠦᠭᠡᠷ ᠬᠤᠭᠤᠴᠠᠭᠠᠨ ᠤ᠋ ᠭᠡᠷ ᠦ᠋ᠨ ᠶᠠᠪᠤᠳᠠᠯ ᠢ᠋  ᠰᠢᠭᠦᠨ ᠲᠤᠯᠬᠤ ᠲᠤᠰᠭᠠᠢ ᠰᠡᠳᠦᠪᠲᠦ ᠬᠤᠷᠠᠯ 》 ᠤ᠋ᠨ ᠪᠡᠯᠡᠳᠭᠡᠯ ᠠᠵᠢᠯ ᠨᠢ ᠥᠨᠳᠦᠷ ᠦᠨᠡᠯᠡᠯᠲᠡ ᠵᠢ ᠣᠯᠤᠭᠰᠠᠨ ᠪᠠᠢᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )