ᠶᠡᠷᠦᠩᠬᠡᠢ ᠱᠦᠵᠢ ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠭᠦᠨᠵᠡᠭᠡᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ ᠂7 ᠰᠠᠷ᠎ᠠ ᠶ᠋ᠢᠨ 6 ᠤ᠋ ᠡᠳᠦᠷ ᠦ᠋ᠨ ᠦᠳᠡ ᠶ᠋ᠢᠨ ᠡᠮᠦᠨ᠎ᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠢᠨ ᠪᠦᠬᠦ ᠺᠠᠲ᠋ᠷ ᠴᠠᠭᠳᠠᠭ᠎ᠠ ᠶ᠋ᠢᠨ ᠶᠡᠬᠡ ᠬᠤᠷᠠᠯ ᠢ᠋ ᠬᠤᠷᠠᠯᠳᠤᠭᠤᠯᠵᠤ ᠂ ᠠᠵᠢᠯ ᠤ᠋ᠨ ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠢ᠋ ᠬᠡᠷᠡᠭᠵᠢᠭᠦᠯᠬᠦ ᠠᠵᠢᠯ ᠢ᠋ ᠳᠠᠢᠴᠢᠯᠠᠨ ᠪᠠᠢᠷᠢᠯᠠᠭᠤᠯᠪᠠ ᠃ ᠲᠤᠰ ᠬᠤᠷᠠᠯ ᠢ᠋ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ ᠂ ᠳᠡᠳ᠋ ᠵᠠᠬᠢᠷᠤᠯ ᠾᠧ ᠵᠦᠩ ᠫᠢᠩ ᠡᠷᠬᠢᠯᠡᠪᠡ᠃
ᠬᠤᠷᠠᠯ ᠳᠡᠭᠡᠷ᠎ᠡ ᠂ ᠭᠠᠵᠠᠷ ᠤ᠋ᠨ ᠳᠡᠰ ᠦ᠋ᠨ ᠰᠢᠭᠦᠭᠴᠢ ᠸᠠᠩ ᡁᠢ ᠴᠧᠩ ᠠ᠋ᠴᠠ《 ᠪᠥᠬᠥ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠭᠡᠬᠦ ᠠᠵᠢᠯ ᠤ᠋ᠨ ᠰᠠᠬᠢᠯᠭ᠎ᠠ ᠪᠠᠲᠤ ᠣᠪᠣᠷ ᠰᠤᠷᠲᠠᠯ ᠤ᠋ᠨ ᠬᠥᠮᠦᠵᠢᠯ ᠢ᠋ ᠴᠡᠭᠴᠡᠯᠡᠬᠦ ᠲᠤᠰᠭᠠᠢ ᠲᠥᠰᠦᠯ 》 ᠢ᠋ ᠤᠩᠰᠢᠨ ᠨᠡᠢᠲᠡᠯᠡᠪᠡ ᠃
ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ᠰᠠᠬᠢᠯᠭ᠎ᠠ ᠪᠠᠲᠤ ᠣᠪᠣᠷ ᠰᠤᠷᠲᠠᠯ ᠤ᠋ᠨ ᠲᠠᠯ᠎ᠠ ᠪᠠᠷ ᠪᠠᠭ᠎ᠠ ᠶᠠᠪᠤᠳᠠᠯ ᠪᠠᠢᠬᠤ ᠦᠭᠡᠢ ᠂ ᠪᠦᠬᠦ ᠺᠠᠲ᠋ᠷ ᠴᠠᠭᠳᠠᠭ᠎ᠠ ᠬᠠᠷᠢᠭᠤᠴᠠᠯᠭ᠎ᠠ ᠶ᠋ᠢᠨ ᠤᠬᠠᠮᠰᠠᠷ ᠪᠠ ᠪᠦᠬᠦ ᠲᠠᠯ᠎ᠠ ᠶ᠋ᠢᠨ ᠤᠬᠠᠮᠰᠠᠷ ᠢ᠋ ᠪᠣᠢ ᠪᠣᠯᠭᠠᠵᠤ ᠂ ᠦᠨᠡᠨ ᠬᠦ᠌ ᠠᠳᠭᠤᠵᠤ ᠪᠣᠳᠠᠲᠠᠢ ᠠᠵᠢᠯᠯᠠᠨ ᠂ ᠵᠠᠩᠭᠢᠯᠠᠭ᠎ᠠ ᠶ᠋ᠢᠨ ᠭᠣᠭᠴᠣᠭ᠎ᠠ ᠶ᠋ᠢ ᠠᠳᠭᠤᠨ ᠰᠠᠬᠢᠯᠭ᠎ᠠ ᠪᠠᠲᠤ ᠣᠪᠣᠷ ᠰᠤᠷᠲᠠᠯ ᠢ᠋ ᠴᠡᠭᠴᠡᠯᠡᠬᠦ ᠠᠵᠢᠯ ᠢ᠋ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠰᠤᠷᠤᠯᠴᠠᠯᠭ᠎ᠠ ᠶ᠋ᠢ ᠰᠠᠬᠢᠯᠭ᠎ᠠ ᠪᠠᠲᠤ ᠣᠪᠣᠷ ᠰᠤᠷᠲᠠᠯ ᠤ᠋ᠨ ᠴᠡᠭᠴᠡᠯᠡᠯᠲᠡ ᠶ᠋ᠢᠨ ᠪᠦᠬᠦ ᠶᠠᠪᠤᠴᠠ ᠳ᠋ᠤ᠌ ᠲᠤᠤᠱᠯᠠᠭᠤᠯᠵᠤ ᠂ ᠦᠵᠡᠯ ᠰᠠᠨᠠᠭᠠᠨ ᠤ᠋ ᠣᠪᠣᠷ ᠢ᠋ᠶ᠋ᠠᠨ ᠤᠯᠠᠮ ᠨᠢᠭᠡ ᠠᠯᠬᠤᠮ ᠲᠥᠪ ᠪᠣᠯᠭᠠᠵᠤ ᠂ ᠠᠰᠠᠭᠤᠳᠠᠯ ᠢ᠋ ᠴᠠᠭ ᠲᠤᠬᠠᠢ ᠳ᠋ᠤᠨᠢ ᠪᠠᠢᠴᠠᠭᠠᠨ ᠳᠡᠯᠭᠡᠵᠦ ᠂ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠶ᠋ᠢ ᠴᠢᠩᠭ᠎ᠠ ᠠᠳᠭᠤᠨ᠂ᠠᠵᠢᠯ ᠤ᠋ᠨ ᠰᠤᠷᠲᠠᠯ ᠤ᠋ᠨ ᠬᠤᠪᠢᠷᠠᠭᠤᠯᠤᠯᠲᠠ ᠶ᠋ᠢ ᠠᠬᠢᠭᠤᠯᠬᠤ ᠶ᠋ᠢᠨ ᠬᠠᠮᠲᠤ᠂ᠳ᠋ᠦᠩᠨᠡᠨ ᠳᠡᠭᠡᠭᠰᠢᠯᠡᠭᠦᠯᠬᠦ ᠠᠵᠢᠯ ᠢ᠋ ᠰᠠᠢᠲᠤᠷ ᠬᠢᠵᠦ᠂ ᠰᠠᠬᠢᠯᠭ᠎ᠠ ᠪᠠᠲᠤ ᠣᠪᠣᠷ ᠰᠤᠷᠲᠠᠯ ᠤ᠋ᠨ ᠲᠠᠯ᠎ᠠ ᠪᠠᠷ ᠣᠷᠤᠰᠢᠵᠤ ᠪᠠᠢᠭ᠎ᠠ ᠳᠣᠪᠣᠢᠮ᠎ᠠ ᠠᠰᠠᠭᠤᠳᠠᠯ ᠢ᠋ ᠣᠨᠢᠯᠠᠵᠤ᠂ᠤᠷᠲᠤ ᠬᠤᠭᠤᠴᠠᠭᠠᠨ ᠤ᠋ ᠪᠦᠲᠦᠮᠵᠢᠲᠦ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠵᠦ᠂ᠡᠩᠨᠡᠭᠡ ᠶ᠋ᠢᠨ ᠪᠠᠢᠭᠤᠯᠤᠯᠲᠠ ᠶ᠋ᠢ ᠰᠢᠨᠵᠢᠯᠡᠬᠦ ᠤᠬᠠᠭᠠᠨᠴᠢᠯᠠᠬᠤ ᠂ ᠵᠢᠷᠤᠮᠵᠢᠭᠤᠯᠬᠤ ᠶ᠋ᠢ ᠠᠬᠢᠭᠤᠯᠬᠤ ᠬᠡᠷᠡᠭᠲᠡᠢ ᠃
ᠬᠤᠷᠠᠯ ᠳᠡᠭᠡᠷ᠎ᠡ ᠂ᠾᠧ ᠵᠦᠩ ᠫᠢᠩ ᠠ᠋ᠴᠠ 2020 ᠣᠨ ᠤ᠋ ᠳᠡᠭᠡᠷ᠎ᠡ ᠬᠠᠭᠠᠰ ᠵᠢᠯ ᠦ᠋ᠨ ᠭᠦᠢᠴᠡᠳᠭᠡᠬᠦ ᠠᠵᠢᠯ ᠳ᠋ᠤ᠌ ᠳ᠋ᠦᠩᠨᠡᠯᠲᠡ ᠬᠢᠪᠡ ᠃ᠳᠡᠭᠡᠷ᠎ᠡ ᠬᠠᠭᠠᠰ ᠵᠢᠯ ᠡᠴᠡ ᠨᠠᠰᠢ᠂ᠭᠦᠢᠴᠡᠳᠭᠡᠬᠦ ᠪᠦᠯᠬᠦᠮ ᠦ᠋ᠨ ᠪᠦᠬᠦ ᠺᠠᠲ᠋ᠷ ᠴᠠᠭᠳᠠᠭ᠎ᠠ ᠶ᠋ᠢᠨ ᠴᠢᠷᠮᠠᠢᠯᠭ᠎ᠠ ᠪᠠᠷ ᠳᠠᠮᠵᠢᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠲᠣᠭᠲᠠᠭᠠᠭᠰᠠᠨ 2020 ᠣᠨ ᠤ᠋ ᠳᠡᠭᠡᠷ᠎ᠡ ᠬᠠᠭᠠᠰ ᠵᠢᠯ ᠤ᠋ᠨ ᠭᠦᠢᠴᠡᠳᠬᠡᠬᠦ ᠠᠵᠢᠯ ᠤ᠋ᠨ ᠠᠮᠵᠢᠯᠲᠠ ᠪᠦᠲᠦᠮᠵᠢ ᠵᠢ ᠮᠡᠳᠡᠭᠳᠡᠬᠦ ᠬᠤᠷᠠᠯ ᠳᠡᠭᠡᠷ᠎ᠡ ᠰᠠᠢᠰᠢᠶᠠᠭᠳᠠᠭᠰᠠᠨ ᠪᠠᠢᠨ᠎ᠠ᠃ᠡᠭᠦᠨ ᠦ᠌ ᠳᠠᠭᠠᠤ᠂ ᠵᠦᠩ ᠫᠢᠩ ᠳᠣᠣᠷ᠎ᠠ ᠬᠠᠭᠠᠰ ᠵᠢᠯ ᠦ᠋ᠨ ᠭᠦᠢᠴᠡᠳᠭᠡᠬᠦ ᠠᠵᠢᠯ ᠳ᠋ᠤ᠌ ᠶᠡᠷᠦᠩᠬᠡᠢ ᠪᠠᠢᠷᠢᠯᠠᠭᠤᠯᠤᠯᠲᠠ ᠬᠢᠭᠰᠡᠨ ᠪᠥᠭᠡᠳ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ