ᠪᠦᠭᠦᠳᠡ ᠨᠠᠢᠷᠠᠮᠳᠠᠬᠤ ᠳᠤᠮᠳᠠᠳᠤ ᠡᠠᠷᠠᠣᠠ ᠡᠣᠯᠣᠰ ᠤ᠋ᠨ ᠨᠠᠮ ᠪᠠᠢᠭᠤᠯᠤᠭᠳᠠᠭᠰᠠᠨ 99 ᠵᠢᠯ ᠦ᠋ᠨ ᠡᠣᠢ ᠶ᠋ᠢ ᠲᠤᠷᠠᠰᠬᠠᠵᠤ᠂ ᠨᠠᠮ ᠤ᠋ᠨ ᠵᠣᠬᠢᠶᠠᠨ ᠪᠠᠢᠭᠤᠯᠤᠯᠲᠠ ᠪᠣᠯᠤᠨ ᠨᠠᠮ ᠤ᠋ᠨ ᠭᠡᠰᠢᠭᠦᠨ ᠺᠠᠲ᠋ᠷ ᠤ᠋ᠨ《 ᠠᠷᠠᠳ ᠲᠦᠮᠡᠨ ᠳ᠋ᠤ ᠦᠢᠯᠡᠴᠢᠯᠡᠬᠦ 》 ᠡᠭᠦᠷᠬᠡ ᠶ᠋ᠢ ᠡᠣᠯᠠᠮ ᠴᠢᠨᠠᠭᠰᠢᠳᠠ ᠭᠦᠢᠭᠵᠢᠭᠦᠯᠵᠣ ᠂ ᠡᠣᠷᠳᠣᠰ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠤ᠋ ᠠᠷᠪᠠᠳᠤᠭᠠᠷ ᠨᠠᠮ ᠤ᠋ᠨ ᠡᠭᠦᠷ(ᠬᠡᠷᠡᠭ ᠪᠣᠯᠭᠠᠨ ᠳᠠᠩᠰᠠᠯᠠᠬᠤ ᠪᠠ ᠵᠠᠷᠭᠤ ᠵᠢᠨ ᠦᠢᠯᠡᠴᠢᠯᠡᠭᠡᠨ ᠤ᠋ ᠪᠦᠯᠬᠦᠮ) ᠤ᠋ᠨ ᠪᠦᠬᠦ ᠺᠠᠲ᠋ᠠᠷ ᠴᠠᠭᠳᠠᠭ᠎ᠠ ᠵᠢᠨ ᠠᠵᠢᠯ ᠤ᠋ᠨ ᠪᠠᠢᠷᠢ ᠪᠠᠨ ᠬᠠᠢᠷᠠᠯᠠᠵᠤ ᠠᠵᠢᠯ ᠦᠢᠯᠡᠰ ᠢ᠋ᠢᠡᠨ ᠳᠡᠭᠡᠳᠦᠯᠡᠨ ᠴᠢᠷᠮᠠᠢᠵᠤ᠂ ᠥᠭᠡᠳᠡᠯᠡᠨ ᠳᠠᠪᠰᠢᠬᠤ ᠬᠠᠯᠠᠭᠤᠨ ᠰᠡᠳᠭᠢᠯᠭᠡ᠂ ᠪᠦᠯᠬᠦᠮ ᠤ᠋ᠨ ᠨᠢᠭᠲᠠᠷᠠᠯ ᠤ᠋ᠨ ᠬᠦᠴᠦᠨ ᠢ᠋ ᠲᠠᠰᠤᠷᠠᠯᠲᠠ ᠦᠭᠡᠢ ᠴᠢᠩᠭᠠᠳᠭᠠᠬᠤ ᠵᠢᠨ ᠲᠥᠯᠦᠭᠡ᠂《ᠣᠷᠳᠤᠰ ᠬᠣᠲᠠ ᠵᠢᠨ ᠠᠷᠠᠳ ᠤ᠋ᠨ ᠳᠤᠮᠳᠠ ᠵᠡᠷᠭᠡ ᠵᠢᠨ ᠰᠢᠭᠦᠬᠦ ᠬᠣᠷᠢᠶ᠎ᠠ ᠵᠢᠨ ᠨᠠᠮ ᠪᠠᠢᠭᠤᠯᠤᠭᠳᠠᠭᠰᠠᠨ 99 ᠵᠢᠯ ᠤ᠋ᠨ ᠤᠢ ᠵᠢ ᠳᠤᠷᠠᠰᠭᠠᠬᠤ ᠬᠥᠳᠡᠯᠭᠡᠭᠡᠨ ᠤ᠋ ᠲᠥᠰᠦᠯ》 ᠶᠣᠰᠣᠭᠠᠷ᠂ ᠣᠢᠷ᠎ᠠ ᠳ᠋ᠤ ᠣᠷᠳᠤᠰ ᠬᠣᠲᠠ ᠵᠢᠨ ᠠᠷᠪᠠᠳᠤᠭᠠᠷ ᠨᠠᠮ ᠤ᠋ᠨ ᠡᠭᠦᠷ ᠪᠣᠯᠤᠨ ᠬᠣᠲᠠ ᠵᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠤ᠋ ᠲᠣᠰᠭᠤᠨ ᠳ᠋ᠤ ᠰᠠᠭᠤᠭ᠎ᠠ ᠠᠵᠢᠯᠯᠠᠬᠤ ᠠᠩᠭᠢ᠂ᠳᠠᠯᠠᠳ ᠬᠣᠰᠢᠭᠤᠨ ᠤ᠋ ᠰᠢᠭᠦᠬᠦ ᠬᠣᠷᠢᠶᠠᠨ ᠤ᠋ ᠨᠢᠭᠡᠳᠦᠭᠡᠷ ᠨᠠᠮ ᠤ᠋ᠨ ᠡᠭᠦᠷ ᠨᠢ ᠭᠣᠣᠯ ᠰᠡᠳᠦᠪᠲᠦ ᠨᠠᠮ ᠤ᠋ᠨ ᠡᠳᠦᠷ ᠤ᠋ᠨ ᠠᠵᠢᠯᠯᠠᠭ᠎ᠠ ᠵᠢ ᠥᠷᠨᠢᠭᠦᠯᠪᠡ᠃
7 ᠰᠠᠷ᠎ᠠ ᠶ᠋ᠢᠨ 9 ᠦ᠌ ᠡᠳᠦᠷ ᠦ᠋ᠨ ᠦᠳᠡ ᠶ᠋ᠢᠨ ᠡᠮᠦᠨ᠎ᠡ ᠂ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠷᠪᠠᠳᠤᠭᠠᠷ ᠨᠠᠮ ᠤ᠋ᠨ ᠡᠭᠦᠷ ᠦ᠋ᠨ ᠬᠢᠨ ᠳᠠᠯᠠᠳ ᠬᠣᠰᠢᠭᠤᠨ ᠤ᠋ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠢ᠋ ᠲᠣᠭᠣᠷᠢᠨ ᠦᠵᠡᠭᠰᠡᠨ ᠪᠥᠭᠡᠳ ᠳᠠᠯᠠᠳ ᠬᠣᠰᠢᠭᠤᠨ ᠤ᠋ ᠰᠢᠭᠦᠬᠦ ᠬᠣᠷᠢᠶᠠᠨ ᠤ᠋ ᠬᠡᠷᠡᠭ ᠪᠣᠯᠭᠠᠬᠤ ᠲᠢᠩᠬᠢᠮ ᠲᠡᠢ ᠬᠣᠶᠠᠷ 《 ᠨᠢᠭᠡ ᠥᠷᠲᠡᠭᠡ 》 ᠶ᠋ᠢᠨ ᠪᠠᠢᠭᠤᠯᠤᠯᠲᠠ ᠶ᠋ᠢᠨ ᠲᠣᠭᠣᠷᠢᠨ ᠳ᠋ᠤ᠌᠂ ᠵᠠᠭᠠᠯᠳᠤᠬᠤ ᠠ᠋ᠴᠠ ᠡᠮᠦᠨ᠎ᠡ ᠡᠶᠡᠳᠡᠭᠦᠯᠬᠦ ᠠᠵᠢᠯ ᠢ᠋ ᠬᠡᠷᠬᠢᠨ ᠥᠷᠨᠢᠭᠦᠯᠬᠦ ᠲᠤᠬᠠᠢ ᠲᠤᠷᠰᠢᠯᠭ᠎ᠠ ᠰᠣᠯᠢᠯᠴᠠᠬᠤ ᠰᠠᠭᠤᠳᠠᠯ ᠤ᠋ᠨ ᠬᠤᠷᠠᠯ ᠬᠢᠭᠰᠡᠨ ᠪᠠᠢᠨ᠎ᠠ᠃
ᠲᠤᠰ ᠡᠳᠦᠷ ᠦ᠋ᠨ ᠬᠢᠨ ᠦᠳᠡ ᠶ᠋ᠢᠨ ᠬᠣᠢᠨ᠎ᠠ ᠂ ᠨᠠᠮ ᠤ᠋ᠨ ᠡᠭᠦᠷ ᠬᠠᠮᠲᠤ ᠪᠠᠷ ᠪᠠᠢᠭᠤᠯᠤᠭᠰᠠᠨ ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠨᠢ ᠳᠠᠯᠠᠳ ᠬᠣᠰᠢᠭᠤᠨ ᠤ᠋ ᠪᠠᠢ ᠨᠢ ᠵᠢᠩ ᠪᠠᠯᠭᠠᠰᠤᠨ ᠤ᠋ ᠴᠢ ᠹᠧᠨ ᠽᠢ ᠲᠣᠰᠭᠣᠨ ᠳ᠋ᠤ᠌ ᠶᠠᠪᠤᠭᠳᠠᠪᠠ ᠃ ᠬᠥᠳᠡᠯᠭᠡᠭᠡᠨ ᠤ᠋ ᠡᠬᠢᠨ ᠳ᠋ᠤ ᠶᠠᠭᠤᠨ ᠤ᠋ ᠡᠮᠦᠨ᠎ᠡ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠣᠰᠭᠤᠨ ᠳ᠋ᠤ ᠰᠠᠭᠤᠭ᠎ᠠ ᠠᠵᠢᠯᠯᠠᠬᠤ ᠠᠩᠭᠢ ᠵᠢᠨ ᠨᠢᠭᠡᠳᠦᠭᠡᠷ ᠱᠦᠵᠢ ᠴᠧᠨ ᠹᠸᠩ ᠢ᠋ ᠤᠷᠢᠵᠤ ᠶᠠᠳᠠᠭᠤ ᠠ᠋ᠴᠠ ᠠᠩᠭᠢᠵᠢᠷᠠᠭᠤᠯᠬᠤ ᠠᠵᠢᠯ ᠤ᠋ᠨ ᠲᠤᠷᠰᠢᠯᠭ᠎ᠠ ᠵᠢᠴᠢ ᠲᠡᠷᠢᠭᠦᠨ ᠦ᠌ ᠦᠢᠯᠡ ᠠᠵᠢᠯᠯᠠᠭ᠎ᠠ ᠶ᠋ᠢ ᠲᠠᠨᠢᠯᠴᠠᠭᠤᠯᠬᠤ ᠪᠡᠷ ᠳᠠᠮᠵᠢᠭᠤᠯᠤᠨ ᠂ ᠣᠯᠠᠨ ᠢ᠋ᠶ᠋ᠠᠷ ᠢ᠋ᠶ᠋ᠠᠨ ᠬᠦᠴᠢᠷ ᠪᠡᠷᠬᠡᠰᠢᠶᠡᠯ ᠢ᠋ ᠢᠯᠠᠨ ᠳᠠᠪᠠᠵᠤ ᠂ ᠠᠵᠢᠯ ᠤ᠋ᠨ ᠪᠠᠢᠷᠢ ᠶ᠋ᠢᠨ ᠲᠤᠰᠢᠶᠠᠯ ᠬᠠᠷᠢᠭᠤᠴᠠᠯᠭ᠎ᠠ ᠶ᠋ᠢ ᠪᠠᠲᠤ ᠰᠠᠬᠢᠬᠤ ᠬᠢᠯᠪᠠᠷ ᠪᠤᠰᠤ ᠦᠷᠡᠭᠳᠡᠯ ᠢ᠋ ᠣᠢᠯᠠᠭᠠᠵᠤ᠂ ᠶᠠᠳᠠᠭᠤ ᠠ᠋ᠴᠠ ᠠᠩᠭᠢᠵᠢᠷᠠᠭᠤᠯᠬᠤ ᠠᠵᠢᠯ ᠤ᠋ᠨ ᠢᠯᠡᠳᠲᠡ ᠦᠷ᠎ᠡ ᠪᠦᠲᠦᠮᠵᠢ ᠳ᠋ᠦ᠍ ᠣᠮᠤᠭᠰᠢᠨ ᠪᠠᠶᠠᠷᠯᠠᠭᠰᠠᠨ ᠪᠠᠢᠨ᠎ᠠ᠃ ᠵᠠᠯᠭᠠᠭᠠᠳ 《 ᠬᠠᠢᠷ᠎ᠠ · ᠪᠡᠶ᠎ᠡ ᠶ᠋ᠢᠨ ᠬᠠᠯᠠᠮᠰᠢᠯ· ᠠᠮᠢᠵᠢᠷᠠᠯ ᠤ᠋ᠨ ᠬᠦᠴᠦᠨ 》 ᠪᠠᠢᠭᠤᠯᠤᠮᠵᠢ ᠶ᠋ᠢᠨ ᠰᠡᠳᠭᠢᠴᠡ ᠶ᠋ᠢᠨ ᠠᠰᠠᠭᠤᠨ ᠯᠠᠪᠯᠠᠬᠤ ᠪᠠᠭᠰᠢ ᠶ᠋ᠢ ᠤᠷᠢᠵᠤ ᠣᠯᠠᠨ ᠳ᠋ᠤ᠌ 《 ᠰᠡᠳᠭᠢᠯᠭᠡ ᠵᠢ ᠲᠦᠷᠭᠡᠨ ᠠᠪᠤᠷᠠᠬᠤ ᠬᠠᠢᠷᠴᠠᠭ 》 ᠤ᠋ᠨ ᠬᠢᠴᠢᠶᠡᠯ ᠣᠷᠤᠵᠤ᠂ ᠬᠠᠷᠢᠯᠴᠠᠨ ᠬᠥᠳᠡᠯᠦᠯᠴᠡᠬᠦ ᠰᠣᠨᠢᠷᠬᠠᠯᠲᠠᠢ ᠲᠣᠭᠯᠠᠭᠠᠮ ᠢ᠋ᠶ᠋ᠠᠷ ᠳᠠᠮᠵᠢᠭᠤᠯᠤᠨ ᠣᠯᠠᠨ ᠤ᠋ ᠰᠡᠳᠭᠢᠯᠭᠡ ᠶ᠋ᠢ ᠠᠭᠤᠵᠢᠷᠠᠭᠤᠯᠵᠤ ᠂ ᠳᠠᠷᠤᠯᠲᠠ ᠶ᠋ᠢ ᠬᠥᠩᠭᠡᠯᠡᠭᠰᠡᠨ ᠶᠤᠮ᠃ ᠬᠠᠮᠤᠭ ᠰᠡᠭᠦᠯ ᠳ᠋ᠦ᠍ ᠨᠢ ᠂ ᠺᠠᠲ᠋ᠷ ᠴᠠᠭᠳᠠᠭ᠎ᠠ ᠨᠠᠷ ᠴᠢ ᠹᠧᠨ ᠽᠢ ᠲᠣᠰᠭᠣᠨ ᠤ᠋ ᠦᠵᠡᠰᠭᠦᠯᠡᠩ ᠦ᠋ᠨ ᠣᠷᠳᠣᠨ ᠂ ᠨᠠᠮ ᠤ᠋ᠨ ᠪᠠᠢᠭᠤᠯᠤᠯᠲᠠ ᠶ᠋ᠢᠨ ᠰᠣᠶᠣᠯ ᠤ᠋ᠨ ᠬᠣᠩᠭᠢᠯ ᠂ ᠱᠠᠨ ᠬᠠᠢ ᠠᠷᠠᠳ ᠤ᠋ᠨ ᠵᠠᠩ ᠦᠢᠯᠡ ᠶ᠋ᠢᠨ ᠣᠷᠳᠣᠨ ᠵᠡᠷᠭᠡ ᠶ᠋ᠢ ᠲᠣᠭᠣᠷᠢᠨ ᠦᠵᠡᠬᠦ ᠪᠡᠷ ᠳᠠᠮᠵᠢᠭᠤᠯᠤᠨ ᠥᠨᠢ ᠤᠳᠠᠭᠠᠨ ᠲᠡᠦᠬᠡ ᠰᠣᠶᠤᠯ ᠤ᠋ᠨ ᠲᠤᠬᠠᠢ ᠣᠢᠯᠠᠭᠠᠯᠲᠠ ᠪᠠᠨ ᠭᠦᠨᠵᠡᠭᠡᠢᠷᠡᠭᠦᠯᠦᠭᠰᠡᠨ ᠪᠠᠢᠨ᠎ᠠ᠃
ᠳᠠᠷᠠᠭ᠎ᠠ ᠡᠳᠦᠷ ᠨᠢ ᠭᠡᠷ ᠦ᠋ᠨ ᠭᠠᠳᠠᠨᠠᠬᠢ ᠰᠣᠨᠢᠷᠬᠠᠯᠲᠠᠢ ᠬᠥᠳᠡᠯᠭᠡᠭᠡᠨ ᠳ᠋ᠤ ᠤᠷᠤᠯᠴᠠᠬᠤ ᠪᠡᠷ ᠳᠠᠮᠵᠢᠭᠤᠯᠤᠨ ᠂ ᠪᠦᠯᠬᠦᠮ ᠦ᠋ᠨ ᠭᠡᠰᠢᠭᠦᠳ ᠦ᠋ᠨ ᠬᠣᠭᠣᠷᠣᠨᠳᠣᠬᠢ ᠬᠠᠮᠵᠢᠯᠴᠠᠭ᠎ᠠ ᠪᠣᠯᠤᠨ ᠢᠲᠡᠭᠡᠯᠴᠡᠭᠡ ᠪᠣᠯ ᠪᠢᠳᠡᠨ ᠦ᠌ ᠲᠡᠷᠢᠭᠦᠨ ᠤ᠋ ᠵᠣᠷᠢᠯᠲᠠ ᠂ ᠬᠦᠴᠦ ᠪᠡᠨ ᠬᠠᠮᠲᠤᠳᠭᠠᠨ ᠂ ᠡᠷᠡᠯᠬᠡᠭᠯᠡᠨ ᠤᠷᠤᠭᠰᠢᠯᠠᠵᠤ ᠂ ᠠᠮᠵᠢᠯᠲᠠ ᠪᠦᠲᠦᠮᠵᠢ ᠣᠯᠬᠤ ᠶ᠋ᠢᠨ ᠴᠢᠬᠤᠯᠠ ᠬᠦᠴᠦᠨ ᠵᠦᠢᠯ ᠪᠣᠯᠬᠤ ᠶ᠋ᠢ ᠭᠦᠨᠵᠡᠭᠡᠢ ᠣᠢᠯᠠᠭᠠᠨ ᠮᠡᠳᠡᠵᠡᠢ ᠃ ᠲᠤᠰ ᠤᠳᠠᠭᠠᠨ ᠤ᠋ ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠨᠢ ᠣᠷᠣᠯᠴᠠᠭᠴᠢ ᠨᠢᠭᠡᠪᠦᠷᠢ ᠶ᠋ᠢᠨ ᠬᠣᠢᠰᠢᠳᠠ ᠶ᠋ᠢᠨ ᠠᠵᠢᠯ ᠤ᠋ᠨ ᠳᠤᠮᠳᠠ ᠪᠠᠨ ᠢᠲᠡᠭᠡᠯ ᠵᠣᠷᠢᠭ ᠢ᠋ᠶ᠋ᠠᠨ ᠦᠷᠭᠦᠯᠵᠢᠯᠡᠨ ᠪᠠᠲᠤᠳᠭᠠᠵᠤ ᠂ ᠠᠵᠢᠯ ᠤ᠋ᠨ ᠪᠠᠢᠷᠢ ᠶ᠋ᠢᠨ ᠡᠭᠦᠷᠭᠡ ᠬᠠᠷᠢᠭᠤᠴᠠᠯᠭ᠎ᠠ ᠳ᠋ᠠᠭᠠᠨ ᠰᠢᠳᠤᠷᠭᠤ ᠬᠠᠨᠳᠤᠵᠤ᠂ ᠯᠠᠪᠳᠠᠭᠤᠨ ᠪᠠᠲᠤᠲᠠᠢ ᠠᠵᠢᠯᠯᠠᠨ ᠂ ᠨᠡᠩ ᠪᠢᠯᠬᠠᠮ᠎ᠠ ᠬᠠᠯᠠᠭᠤᠨ ᠰᠡᠳᠭᠢᠯᠭᠡ ᠢ᠋ᠢᠠᠷ ᠠᠵᠢᠯ ᠪᠣᠯᠭᠠᠨ ᠢ᠋ ᠰᠠᠢᠲᠤᠷ ᠬᠢᠬᠦ ᠶ᠋ᠢ ᠵᠣᠷᠢᠭᠵᠢᠭᠤᠯᠤᠭᠰᠠᠨ ᠪᠠᠢᠨ᠎ᠠ᠃
ᠦᠨᠡᠯᠡᠬᠦ 0ᠦᠨᠡᠯᠡᠯᠲᠡ ᠲᠠᠢ