ᠣᠷᠳᠤᠰ ᠬᠣᠲᠠ ᠵᠢᠨ ᠳᠤᠮᠳᠠ ᠵᠡᠷᠭᠡ ᠵᠢᠨ ᠰᠢᠭᠦᠬᠦ ᠬᠣᠷᠢᠶ᠎ᠠ ᠲᠠᠨ ᠵᠢ 《ᠡᠭᠦᠯᠡᠨ ᠡᠶᠡᠳᠡᠭᠦᠯᠭᠡ 》 ᠬᠢᠭᠡᠷᠡᠢ ᠭᠡᠵᠦ ᠳᠠᠭᠤᠳᠠᠵᠤ ᠪᠠᠢᠨ᠎ᠠ
2020.07.17 ᠲᠣᠰ ᠥᠷᠲᠡᠭᠡᠨ᠎ᠦ ᠨᠠᠢᠷᠠᠭᠤᠯᠤᠭᠴᠢ

        2020 ᠣᠨ ᠤ᠋ 6 ᠰᠠᠷ᠎ᠠ ᠶ᠋ᠢᠨ 24  ᠦ᠌ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ  ᠵᠢᠨ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠦ᠋ᠨ ᠲᠦᠷᠭᠡᠨ  ᠰᠢᠭᠦᠯᠲᠡ ᠶ᠋ᠢᠨ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠨᠢ ᠵᠠᠭᠠᠯᠳᠤᠭᠴᠢ᠂ ᠳᠠᠭᠠᠳᠭᠠᠯ ᠤ᠋ᠨ ᠺᠣᠮᠫᠠᠨᠢ ᠪᠣᠯᠤᠨ ᠵᠠᠭᠠᠯᠳᠤᠭᠳᠠᠭᠴᠢ ᠪᠡᠭᠡᠵᠢᠩ ᠦ᠋ᠨ ᠨᠢᠭᠡᠨ ᠪᠠᠷᠠᠭᠠᠨ ᠤ᠋ ᠭᠦᠢᠯᠭᠡᠭᠡᠨ ᠦ᠌ ᠺᠣᠮᠫᠠᠨᠢ ᠶ᠋ᠢᠨ ᠮᠠᠰᠢᠨ ᠲᠡᠷᠭᠡᠨ ᠦ᠌ ᠵᠠᠮ ᠬᠠᠷᠢᠯᠴᠠᠭᠠᠨ ᠤ᠋ ᠡ᠊ᠨᠳᠡᠯ ᠦ᠋ᠨ ᠬᠠᠷᠢᠭᠤᠴᠠᠯᠭ᠎ᠠ ᠶ᠋ᠢᠨ ᠵᠢᠭᠤᠷᠠᠯᠳᠤᠭᠠᠨ  ᠤ᠋ ᠲᠤᠬᠠᠢ ᠬᠡᠷᠡᠭ ᠢ᠋ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠢ᠋ ᠵᠣᠬᠢᠶᠠᠨ ᠪᠠᠢᠭᠤᠯᠵᠤ 《 ᠡᠭᠦᠯᠡᠨ ᠳᠡᠭᠡᠷᠡᠬᠢ  ᠰᠢᠭᠦᠬᠦ ᠲᠢᠩᠬᠢᠮ 》 ᠢ᠋ ᠪᠠᠢᠭᠤᠯᠤᠨ ᠸᠢᠳᠢᠣ᠋ ᠪᠡᠷ ᠳᠠᠮᠵᠢᠭᠤᠯᠤᠨ ᠡᠶᠡᠳᠡᠭᠦᠯᠪᠡ ᠃


        ᠲᠤᠰ ᠡᠳᠦᠷ ᠦ᠋ᠨ ᠦᠳᠡ ᠶ᠋ᠢᠨ ᠬᠣᠢᠨᠠᠬᠢ 14 : 00 ᠴᠠᠭ ᠲᠤ  ᠂ ᠡᠶᠡᠳᠡᠭᠦᠯᠭᠡ ᠶ᠋ᠢᠨ ᠬᠡᠷᠡᠭ ᠢ᠋ ᠬᠠᠷᠢᠭᠤᠴᠠᠵᠤ ᠪᠠᠢᠭ᠎ᠠ  ᠰᠢᠭᠦᠭᠴᠢ ᠂ ᠬᠠᠤᠯᠢ ᠶ᠋ᠢᠨ  ᠲᠤᠰᠢᠶᠠᠯᠲᠠᠨ ᠤ᠋ ᠲᠤᠰᠠᠯᠠᠭᠴᠢ ᠪᠣᠯᠤᠨ ᠪᠢᠴᠢᠭ᠍ᠴᠢ ᠨᠢᠭᠡᠨᠲᠡ ᠠᠷᠪᠠᠳᠤᠭᠠᠷ ᠨᠣᠮᠧᠷᠲᠦ ᠰᠢᠭᠦᠬᠦ ᠲᠢᠩᠬᠢᠮ ᠳ᠋ᠦ᠍ ᠲᠤᠬᠠᠢ ᠶ᠋ᠢᠨ ᠬᠥᠮᠦᠨ ᠦ᠌ ᠮᠡᠳᠡᠭᠡ ᠵᠠᠩᠭᠢ ᠶ᠋ᠢ ᠰᠢᠩᠭᠡᠭᠡᠨ  ᠠᠪᠴᠤ ᠂ 《 ᠡᠭᠦᠯᠡᠨ ᠳᠡᠭᠡᠷᠡᠬᠢ  ᠰᠢᠭᠦᠬᠦ ᠲᠢᠩᠬᠢᠮ 》 ᠵᠢᠴᠢ ᠠᠷᠠᠳ ᠤ᠋ᠨ  ᠰᠢᠭᠦᠬᠦ ᠬᠣᠷᠢᠶᠠᠨ ᠤ᠋ ᠡᠶᠡᠳᠡᠭᠦᠯᠬᠦ ᠲᠠᠪᠴᠠᠩ ᠳ᠋ᠤ᠌ ᠭᠠᠷᠴᠤ ᠂ ᠤᠳᠠᠯ ᠦᠭᠡᠢ ᠶᠠᠪᠤᠭᠳᠠᠬᠤ ᠭᠡᠵᠦ ᠪᠠᠢᠭ᠎ᠠ《ᠡᠭᠦᠯᠡᠨ ᠡᠶᠡᠳᠡᠭᠦᠯᠭᠡ 》 ᠳ᠋ᠦ᠍ ᠰᠠᠢᠲᠤᠷ ᠪᠡᠯᠡᠳᠭᠡᠯ ᠬᠢᠭᠰᠡᠨ ᠪᠠᠢᠨ᠎ᠠ ᠃ 14 : 30  ᠳ᠋ᠤ᠌ ᠂ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠸᠢᠴᠠᠲ ᠤ᠋ᠨ ᠪᠠᠭ᠎ᠠ  ᠫᠷᠣᠭ᠍ᠷᠠᠮ ᠤ᠋ᠨ 《  ᠰᠢᠭᠦᠯᠲᠡ ᠳ᠋ᠦ᠍ ᠣᠷᠣᠯᠴᠠᠬᠤ 》  ᠪᠡᠷ ᠳᠠᠮᠵᠢᠨ ᠂ ᠥᠪᠡᠷ ᠦ᠋ᠨ ᠤᠷᠢᠳᠴᠢᠯᠠᠨ ᠦᠯᠡᠳᠡᠭᠡᠭᠰᠡᠨ ᠭᠠᠷ ᠤᠲᠠᠰᠤᠨ ᠨᠣᠮᠧᠷ ᠢ᠋ᠶ᠋ᠡᠨ ᠬᠡᠷᠡᠭᠯᠡᠵᠦ 《 ᠡᠭᠦᠯᠡᠨ ᠪᠠᠢᠴᠠᠭᠠᠯᠲᠠ 》 ᠳ᠋ᠤ  ᠭᠠᠷᠴᠤ᠂ ᠡᠶᠡᠳᠡᠭᠦᠯᠬᠦ ᠶᠠᠪᠤᠴᠠ ᠳ᠋ᠤ᠌ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠨᠢ ᠥᠪᠡᠷ ᠦ᠋ᠨ ᠡᠶᠡᠳᠡᠭᠦᠯᠬᠦ ᠱᠠᠭᠠᠷᠳᠠᠯᠭ᠎ᠠ ᠪᠠᠨ ᠲᠣᠳᠣᠷᠬᠠᠢ ᠢᠯᠡᠳᠭᠡᠵᠦ ᠂  ᠰᠢᠭᠦᠨ ᠲᠠᠰᠤᠯᠬᠤ ᠠᠵᠢᠯᠲᠠᠨ ᠵᠢᠴᠢ ᠪᠤᠰᠤᠳ ᠲᠤᠬᠠᠢ ᠶ᠋ᠢᠨ ᠬᠥᠮᠦᠨ ᠲᠡᠢ  ᠠᠰᠢᠭ ᠲᠤᠰᠠ ᠶ᠋ᠢ ᠲᠡᠩᠴᠡᠭᠦᠷᠢᠲᠡᠢ ᠡᠶᠡᠳᠡᠭᠦᠯᠬᠦ ᠲᠥᠰᠦᠯ ᠢ᠋ ᠬᠠᠮᠲᠤᠪᠠᠷ ᠶᠠᠷᠢᠯᠴᠠᠪᠠ ᠃ ᠡᠶᠡᠳᠡᠭᠦᠯᠭᠡ ᠶ᠋ᠢᠨ ᠬᠡᠯᠡᠯᠴᠡᠭᠡᠷ ᠵᠢᠴᠢ ᠡᠶᠡᠳᠡᠭᠦᠯᠬᠦ ᠶᠠᠪᠤᠴᠠ ᠶ᠋ᠢᠨ ᠬᠠᠷᠠᠭᠠᠨ ᠳᠠᠪᠲᠠᠮᠵᠢ ᠳᠡᠭᠡᠷ᠎ᠡ ᠲᠠᠪᠴᠠᠩ ᠳᠠᠮᠵᠢᠭᠤᠯᠬᠤ ᠠ᠋ᠴᠠ ᠭᠠᠳᠠᠨ᠎ᠠ ᠂ ᠪᠠᠰᠠ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠢ᠋ ᠵᠣᠬᠢᠶᠠᠨ ᠪᠠᠢᠭᠤᠯᠵᠤ ᠵᠥᠪᠳᠡᠯᠴᠡᠨ ᠲᠣᠭᠲᠠᠭᠠᠭᠰᠠᠨ ᠡᠶᠡᠳᠡᠭᠦᠯᠭᠡ ᠶ᠋ᠢᠨ ᠲᠥᠰᠦᠯ ᠳ᠋ᠦ᠍  ᠭᠠᠷ ᠤ᠋ᠨ ᠦᠰᠦᠭ  ᠵᠢᠷᠤᠭᠤᠯᠪᠠ᠃


     《 ᠡᠭᠦᠯᠡᠨ ᠡᠶᠡᠯᠳᠡᠭᠦᠯᠭᠡ》 ᠬᠢᠬᠦ ᠡᠴᠡ ᠡᠮᠦᠨ᠎ᠡ ᠂ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠨᠢ ᠴᠥᠮ ᠭᠠᠳᠠᠷ ᠣᠷᠣᠨ ᠳ᠋ᠤ᠌ ᠪᠠᠢᠵᠤ ᠂  ᠵᠠᠷᠢᠮ ᠲᠤᠬᠠᠢ ᠶ᠋ᠢᠨ ᠬᠥᠮᠦᠨ ᠨᠢ ᠬᠢᠵᠢᠭ᠌ ᠦ᠋ᠨ  ᠰᠢᠷᠥᠭᠦᠨᠲᠦ ᠭᠠᠵᠠᠷ ᠣᠷᠣᠨ ᠳ᠋ᠤ᠌ ᠪᠠᠢᠭ᠎ᠠ ᠪᠣᠯᠬᠣᠷ ᠬᠠᠮᠲᠤᠷᠠᠨ ᠵᠥᠪᠯᠡᠬᠦ ᠲᠢᠩᠬᠢᠮ ᠦ᠋ᠨ  ᠭᠡᠰᠢᠭᠦᠨ ᠨᠢ ᠮᠡᠳᠡᠭᠡ ᠵᠠᠩᠭᠢᠵᠢᠯᠲᠠ ᠶ᠋ᠢᠨ ᠠᠷᠭ᠎ᠠ ᠪᠠᠷᠢᠯ ᠢ᠋ ᠭᠦᠢᠴᠡᠳ  ᠠᠰᠢᠭᠯᠠᠨ ᠬᠡᠷᠡᠭ ᠦ᠋ᠨ ᠲᠤᠬᠠᠢ ᠶ᠋ᠢᠨ ᠬᠥᠮᠦᠨ ᠲᠡᠢ ᠨᠡᠪᠲᠡᠷᠡᠯᠴᠡᠨ ᠰᠣᠯᠢᠯᠴᠠᠵᠤ ᠂ ᠲᠤᠬᠠᠢ ᠶ᠋ᠢᠨ ᠬᠥᠮᠦᠨ ᠢ᠋ ᠬᠠᠪᠰᠤᠷᠴᠤ《 ᠡᠭᠦᠯᠡᠨ ᠳᠡᠭᠡᠷᠡᠬᠢ  ᠰᠢᠭᠦᠬᠦ ᠲᠢᠩᠬᠢᠮ 》 ᠵᠢᠴᠢ ᠠᠷᠠᠳ ᠤ᠋ᠨ  ᠰᠢᠭᠦᠬᠦ ᠬᠣᠷᠢᠶᠠᠨ ᠤ᠋ ᠡᠶᠡᠳᠡᠭᠦᠯᠬᠦ ᠲᠠᠪᠴᠠᠩ ᠤ᠋ᠨ ᠠᠵᠢᠯᠯᠠᠬᠤ ᠠᠷᠭ᠎ᠠ ᠶ᠋ᠢ ᠰᠢᠭᠦᠬᠦ ᠡᠵᠡᠮᠰᠢᠭᠦᠯᠦᠭᠰᠡᠨ ᠶᠤᠮ ᠃
         ᠣᠷᠳᠣᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ᠋ ᠣᠷᠤᠭᠤᠯᠤᠭᠰᠠᠨ《 ᠡᠭᠦᠯᠡᠨ ᠳᠡᠭᠡᠷᠡᠬᠢ ᠰᠢᠭᠦᠬᠦ ᠲᠢᠩᠬᠢᠮ 》 ᠦᠨ ᠲᠠᠪᠴᠠᠩ  ᠨᠢ ᠣᠶᠤᠨᠯᠢᠭ ᠲᠣᠭ᠎ᠠ ᠪᠠᠷᠢᠮᠲᠠ ᠂ ᠣᠶᠤᠨᠯᠢᠭ ᠡᠵᠡᠮᠳᠡᠯ ᠂ ᠣᠶᠤᠨᠯᠢᠭ  ᠦᠢᠯᠡᠴᠢᠯᠡᠭᠡ ᠶᠢ   ᠲᠥᠪᠯᠡᠷᠡᠭᠦᠯᠦᠭᠰᠡᠨ ᠳᠡᠭᠡᠳᠦ ᠣᠶᠤᠨ ᠴᠢᠳᠠᠪᠤᠷᠢ  ᠵᠢᠨ ᠰᠢᠨ᠎ᠡ ᠨᠢᠭᠡ ᠦᠶ᠎ᠡ ᠶᠢᠨ ᠤᠶᠤᠨᠲᠤ ᠲᠢᠩᠬᠢᠮ ᠦᠨ ᠰᠢᠭᠦᠯᠲᠡ  ᠪᠠᠢᠵᠤ ᠂ ᠡᠭᠦᠯᠡᠨ ᠡᠶᠡᠳᠡᠭᠦᠯᠭᠡ ᠵᠢᠴᠢ ᠡᠭᠦᠯᠡᠨ ᠳᠡᠭᠡᠷ᠎ᠡ ᠠᠯᠤᠰ ᠠᠴᠠ ᠲᠢᠩᠬᠢᠮ ᠨᠡᠭᠡᠭᠡᠬᠦ ᠵᠡᠷᠭᠡ ᠳᠥᠭᠥᠮ ᠳᠥᠲᠡ ᠵᠠᠷᠭᠤ ᠶᠢᠨ ᠬᠡᠰᠡᠭ ᠢ ᠬᠠᠮᠤᠷᠠᠭᠰᠠᠨ ᠲᠠᠪᠴᠠᠩ ᠪᠣᠯᠤᠨ᠎ᠠ ᠃  ᠡᠨᠡ ᠨᠢ ᠲᠤᠬᠠᠶ  ᠶᠢᠨ ᠬᠥᠮᠦᠨ  ᠦ ᠵᠠᠷᠭᠤ ᠬᠦᠯᠢᠶᠡᠬᠦ ᠵᠠᠮ  ᠬᠣᠯᠠ ᠪᠠᠶᠢᠭ᠎ᠠ ᠬᠦᠴᠢᠷ ᠠᠰᠠᠭᠤᠳᠠᠯ  ᠢ ᠦᠨᠡᠨᠬᠦ ᠰᠢᠢᠳᠪᠦᠷᠢᠯᠡᠵᠦ᠂ᠲᠤᠬᠠᠶ  ᠶᠢᠨ ᠬᠥᠮᠦᠨ  ᠦ 《ᠬᠠᠷᠢᠯᠴᠠᠬᠤ ᠦᠭᠡᠶ᠂ ᠠᠭᠤᠯᠵᠠᠬᠤ ᠦᠭᠡᠶ》 ᠰᠢᠭᠦᠯᠲᠡ  ᠶᠢᠨ ᠬᠣᠭᠣᠰᠣᠨ ᠵᠠᠶ ᠵᠢ ᠪᠡᠶᠡᠯᠡᠭᠦᠯᠦᠭᠰᠡᠨ ᠶᠤᠮ᠃ ᠡᠢᠮᠦᠷᠬᠦᠦ ᠡᠶᠡᠳᠡᠭᠦᠯᠭᠡ ᠵᠢᠨ ᠠᠷᠭ᠎ᠠ ᠨᠢ ᠬᠢᠵᠢᠭ᠌  ᠦᠨ ᠪᠠᠶᠢᠳᠠᠯ ᠳᠡᠯᠭᠡᠷᠡᠬᠦ ᠶᠢ ᠰᠡᠷᠭᠡᠶᠢᠯᠡᠨ ᠬᠣᠷᠢᠭᠯᠠᠵᠤ᠂ ᠵᠠᠷᠭᠤᠯᠳᠤᠭᠰᠠᠨ ᠤᠯᠠᠨ ᠲᠦᠮᠡᠨ ᠦ ᠬᠠᠤᠯᠢ  ᠶᠣᠰᠤᠨ ᠤ ᠡᠷᠬᠡ ᠠᠰᠢᠭ ᠵᠢᠴᠢ ᠠᠮᠢ ᠨᠠᠰᠤ ᠡᠷᠡᠭᠦᠯ ᠮᠡᠨᠳᠤ  ᠵᠢ ᠬᠠᠮᠠᠭᠠᠯᠠᠬᠤ ᠳᠤ ᠲᠦᠬᠦᠮ  ᠦᠵᠡᠭᠦᠯᠦᠭᠰᠡᠨ  ᠶᠤᠮ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )