8 ᠰᠠᠷ᠎ᠠ ᠶ᠋ᠢᠨ 27 ᠤ᠋ ᠡᠳᠦᠷ ᠂ ᠣᠷᠳᠣᠰ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠯᠢ ᠫᠢᠩ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶᠠᠨ ᠳ᠋ᠤ᠌ ᠬᠦᠷᠴᠦ ᠤᠯᠤᠰ ᠲᠥᠷᠥ ᠶ᠋ᠢᠨ ᠵᠥᠪᠯᠡᠯᠭᠡᠨ ᠦ᠌ ᠣᠷᠳᠣᠰ ᠬᠣᠲᠠ ᠶ᠋ᠢᠨ ᠳᠥᠷᠪᠡᠳᠦᠭᠡᠷ ᠬᠤᠭᠤᠴᠠᠭᠠᠨ ᠤ᠋ ᠬᠣᠷᠢᠶᠠᠨ ᠤ᠋ ᠭᠤᠷᠪᠠᠳᠤᠭᠠᠷ ᠬᠤᠷᠠᠯ ᠤ᠋ᠨ 4 ᠳ᠋ᠦ᠍ᠭᠡᠷ ᠨᠣᠮᠧᠷᠲᠦ 《 ᠰᠢᠭᠦᠬᠦ ᠬᠣᠷᠢᠶ᠎ᠠ ᠬᠡᠷᠡᠭ ᠢ᠋ ᠭᠦᠢᠴᠡᠳᠭᠡᠬᠦ ᠶᠠᠪᠤᠴᠠ ᠳ᠋ᠤ᠌ ᠢᠲᠡᠭᠡᠮᠵᠢ ᠶ᠋ᠢᠨ ᠬᠠᠷ᠎ᠠ ᠳᠠᠩᠰᠠ ᠶ᠋ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶ᠋ᠢ ᠪᠣᠯᠭᠣᠮᠵᠢᠲᠠᠢ ᠬᠡᠷᠡᠭᠯᠡᠬᠦ ᠲᠤᠬᠠᠢ ᠰᠠᠨᠠᠯ ᠳᠤᠷᠠᠳᠤᠯᠭ᠎ᠠ》ᠳ᠋ᠤ᠌ ᠣᠷᠣᠯᠴᠠᠨ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢᠭᠡᠳᠦᠭᠡᠷ ᠳᠠᠪᠬᠤᠷᠯᠢᠭ ᠢ᠋ᠶ᠋ᠠᠨ ᠬᠡᠷᠡᠭᠵᠢᠭᠦᠯᠵᠦ ᠪᠠᠢᠭ᠎ᠠ ᠲᠤᠬᠠᠢ ᠨᠢᠭᠡᠳᠦᠭᠡᠷ ᠬᠠᠮᠲᠤᠷᠠᠭᠰᠠᠨ ᠵᠥᠪᠯᠡᠬᠦ ᠠᠵᠢᠯ ᠢ᠋ ᠥᠷᠨᠢᠭᠦᠯᠪᠡ ᠃
ᠶᠠᠷᠢᠯᠴᠠᠬᠤ ᠬᠤᠷᠠᠯ ᠳᠡᠭᠡᠷ᠎ᠡ ᠂ ᠸᠠᠩ ᠰᠢᠶᠣᠣ ᠵᠢᠶᠦ᠋ᠨ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ 2020 ᠣᠨ ᠤ᠋ ᠳᠡᠭᠡᠷ᠎ᠡ ᠬᠠᠭᠠᠰ ᠵᠢᠯ ᠦ᠋ᠨ ᠠᠵᠢᠯ ᠤ᠋ᠨ ᠪᠠᠢᠳᠠᠯ ᠵᠢᠴᠢ ᠳᠠᠷᠠᠭ᠎ᠠ ᠠᠯᠬᠤᠮ ᠤ᠋ᠨ ᠠᠵᠢᠯ ᠤ᠋ᠨ ᠲᠥᠯᠥᠪᠯᠡᠭᠡ ᠶ᠋ᠢᠨ ᠲᠤᠬᠠᠢ ᠲᠣᠪᠴᠢ ᠮᠡᠳᠡᠭᠦᠯᠦᠯᠲᠡ ᠬᠢᠪᠡ ᠃ ᠯᠢ ᠫᠢᠩ ᠲᠤᠰ 《 ᠰᠠᠨᠠᠯ ᠵᠥᠪᠯᠡᠯᠭᠡ 》 ᠶ᠋ᠢ ᠳᠤᠷᠠᠳᠤᠭᠰᠠᠨ ᠠᠬᠤᠢ ᠪᠠᠢᠳᠠᠯ ᠢ᠋ ᠲᠠᠨᠢᠯᠴᠠᠭᠤᠯᠵᠤ ᠂ ᠯᠢᠦ ᠡᠯ ᠴᠢ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠳ ᠦ᠋ᠨ ᠳᠤᠷᠠᠳᠤᠭᠰᠠᠨ 《 ᠰᠢᠭᠦᠬᠦ ᠬᠣᠷᠢᠶ᠎ᠠ ᠬᠡᠷᠡᠭ ᠢ᠋ ᠭᠦᠢᠴᠡᠳᠭᠡᠬᠦ ᠶᠠᠪᠤᠴᠠ ᠳ᠋ᠤ᠌ ᠢᠲᠡᠭᠡᠮᠵᠢ ᠶ᠋ᠢᠨ ᠬᠠᠷ᠎ᠠ ᠳᠠᠩᠰᠠ ᠶ᠋ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶ᠋ᠢ ᠪᠣᠯᠭᠣᠮᠵᠢᠲᠠᠢ ᠬᠡᠷᠡᠭᠯᠡᠬᠦ ᠲᠤᠬᠠᠢ ᠰᠠᠨᠠᠯ ᠵᠥᠪᠯᠡᠯᠭᠡ 》 ᠶ᠋ᠢᠨ ᠰᠢᠢᠳᠪᠦᠷᠢᠯᠡᠬᠦ ᠠᠷᠭ᠎ᠠ ᠬᠡᠮᠵᠢᠶ᠎ᠡ ᠶ᠋ᠢᠨ ᠲᠤᠬᠠᠢ ᠲᠣᠳᠣᠷᠬᠠᠢᠯᠠᠯᠲᠠ ᠪᠠ ᠬᠠᠷᠢᠭᠤᠯᠲᠠ ᠥᠭᠪᠡ ᠃ ᠭᠦᠨᠵᠡᠭᠡᠢ ᠰᠣᠯᠢᠯᠴᠠᠭ᠎ᠠ ᠪᠠ ᠶᠠᠷᠢᠯᠴᠠᠬᠤ ᠪᠠᠷ ᠳᠠᠮᠵᠢᠨ ᠂ ᠯᠢ ᠫᠢᠩ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠭᠡᠬᠦ ᠠᠵᠢᠯ ᠢ᠋ ᠤᠯᠠᠮ ᠨᠢᠭᠡ ᠠᠯᠬᠤᠮ ᠣᠢᠯᠠᠭᠠᠵᠤ ᠂ ᠰᠢᠭᠦᠬᠦ ᠬᠣᠷᠢᠶ᠎ᠠ ᠠ᠋ᠴᠠ ᠲᠥᠯᠥᠭᠡᠯᠡᠭᠴᠢ ᠭᠡᠰᠢᠭᠦᠨ ᠦ᠌ ᠬᠠᠷᠢᠯᠴᠠᠬᠤ ᠠᠵᠢᠯ ᠢ᠋ ᠴᠢᠬᠤᠯᠠᠴᠢᠯᠠᠨ ᠦᠵᠡᠵᠦ ᠂ ᠰᠠᠨᠠᠭᠤᠯᠭ᠎ᠠ ᠳᠤᠷᠠᠳᠤᠯᠭ᠎ᠠ ᠶ᠋ᠢᠨ ᠠᠵᠢᠯ ᠢ᠋ ᠬᠢᠨᠠᠮᠠᠭᠠᠢ ᠰᠢᠢᠳᠪᠦᠷᠢᠯᠡᠬᠦ ᠳ᠋ᠦ᠍ ᠰᠡᠳᠭᠢᠯ ᠬᠠᠨᠤᠮᠵᠢᠲᠠᠢ ᠪᠠᠢᠬᠤ ᠪᠠᠨ ᠢᠯᠡᠳᠭᠡᠪᠡ ᠃
ᠳᠠᠷᠠᠭ᠎ᠠ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶ᠎ᠠ ᠠᠵᠢᠯ ᠤ᠋ᠨ ᠠᠷᠭ᠎ᠠ ᠪᠠᠨ ᠲᠠᠰᠤᠷᠠᠯᠲᠠ ᠦᠭᠡᠢ ᠬᠠᠯᠠᠨ ᠰᠠᠢᠵᠢᠷᠠᠭᠤᠯᠵᠤ ᠂ ᠰᠠᠨᠠᠯ ᠵᠥᠪᠯᠡᠯᠭᠡ ᠂ ᠰᠠᠨᠠᠭᠤᠯᠭ᠎ᠠ ᠶ᠋ᠢ ᠭᠦᠢᠴᠡᠳᠭᠡᠬᠦ ᠠᠵᠢᠯ ᠢ᠋ ᠦᠷᠭᠦᠯᠵᠢᠯᠡᠨ ᠰᠠᠢᠲᠤᠷ ᠠᠳᠭᠤᠵᠤ ᠂ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠠ᠋ᠴᠠ ᠰᠢᠯᠵᠢᠭᠦᠯᠦᠨ ᠭᠦᠢᠴᠡᠳᠭᠡᠬᠦ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢᠳ ᠵᠢᠴᠢ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠳ ᠦ᠋ᠨ ᠳᠤᠷᠠᠳᠤᠭᠰᠠᠨ ᠰᠠᠨᠠᠯ ᠰᠠᠨᠠᠭᠤᠯᠭ᠎ᠠ ᠶ᠋ᠢ ᠨᠠᠷᠢᠨ ᠬᠢᠨᠠᠮᠠᠭᠠᠢ ᠰᠠᠢᠲᠤᠷ ᠬᠢᠵᠦ ᠂ ᠵᠣᠬᠢᠴᠠᠭᠤᠯᠤᠨ ᠵᠣᠯᠭᠠᠯᠳᠣᠭᠤᠯᠬᠤ ᠪᠠ ᠮᠥᠷᠳᠡᠨ ᠰᠢᠮᠳᠠᠭᠤᠯᠤᠨ ᠭᠦᠢᠴᠡᠳᠭᠡᠬᠦ ᠶ᠋ᠢ ᠬᠢᠨᠠᠮᠠᠭᠠᠢ ᠰᠠᠢᠲᠤᠷ ᠬᠢᠵᠦ ᠂ ᠰᠠᠨᠠᠯ ᠵᠥᠪᠯᠡᠯᠭᠡ ᠂ ᠰᠠᠨᠠᠭᠤᠯᠭ᠎ᠠ ᠶ᠋ᠢ ᠨᠠᠢᠳᠠᠪᠤᠷᠢᠵᠢᠭᠤᠯᠤᠭᠰᠠᠨ ᠪᠠᠢᠳᠠᠯ ᠤ᠋ᠨ ᠬᠠᠨᠤᠮᠵᠢ ᠶ᠋ᠢᠨ ᠬᠡᠮᠵᠢᠶ᠎ᠡ ᠶ᠋ᠢ ᠦᠨᠡᠨᠬᠦ ᠳᠡᠭᠡᠭᠰᠢᠯᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ