ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 《 ᠬᠥᠳᠡᠯᠮᠦᠷᠢ ᠶ᠋ᠢᠨ ᠮᠠᠷᠭᠤᠯᠳᠤᠭᠠᠨ ᠢ᠋ ᠡᠶᠡᠳᠡᠭᠦᠯᠬᠦ ᠠᠵᠢᠯ ᠤ᠋ᠨ ᠲᠠᠰᠤᠭ》 ᠫᠠᠢᠰᠠ ᠡᠯᠭᠦᠵᠦ ᠪᠠᠢᠭᠤᠯᠤᠭᠳᠠᠵᠠᠢ ︕
2020.09.03 ᠲᠣᠰ ᠥᠷᠲᠡᠭᠡᠨ᠎ᠦ ᠨᠠᠢᠷᠠᠭᠤᠯᠤᠭᠴᠢ

 8 ᠰᠠᠷ᠎ᠠ ᠶ᠋ᠢᠨ 7  ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠪᠣᠯᠤᠨ ᠣᠷᠳᠣᠰ ᠬᠣᠲᠠ ᠶ᠋ᠢᠨ ᠠᠵᠢᠯᠴᠢᠨ ᠤ᠋ ᠶᠡᠷᠦᠩᠬᠡᠢ ᠡᠪᠯᠡᠯ ᠬᠠᠮᠲᠤᠷᠠᠨ  《 ᠬᠥᠳᠡᠯᠮᠦᠷᠢ ᠶ᠋ᠢᠨ ᠮᠠᠷᠭᠤᠯᠳᠤᠭᠠᠨ ᠢ᠋ ᠡᠶᠡᠳᠡᠭᠦᠯᠬᠦ ᠠᠵᠢᠯ ᠤ᠋ᠨ ᠲᠠᠰᠤᠭ》 ᠤ᠋ᠨ ᠫᠠᠢᠰᠠ ᠰᠡᠬᠦᠬᠦ ᠶᠣᠰᠣᠯᠠᠯ ᠬᠢᠵᠡᠢ ᠂ ᠡᠨᠡ ᠨᠢ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠬᠥᠳᠡᠯᠮᠦᠷᠢ ᠶ᠋ᠢᠨ ᠮᠠᠷᠭᠤᠯᠳᠤᠭᠠᠨ ᠢ᠋ ᠡᠶᠡᠳᠡᠭᠦᠯᠬᠦ ᠠᠵᠢᠯ ᠵᠢᠩᠬᠢᠨᠢ ᠪᠡᠷ ᠡᠬᠢᠯᠡᠭᠰᠡᠨ ᠢ᠋ ᠬᠠᠷᠠᠭᠤᠯᠵᠤ ᠪᠠᠢᠨ᠎ᠠ ᠃ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠳᠡᠳ᠋ ᠳᠠᠷᠤᠭ᠎ᠠ ᠯᠢ ᠮᠧᠢ ᠷᠦᠩ ᠂ ᠬᠣᠲᠠ ᠶ᠋ᠢᠨ ᠶᠡᠷᠦᠩᠬᠡᠢ ᠠᠵᠢᠯᠴᠢᠨ ᠤ᠋ ᠡᠪᠯᠡᠯ ᠦ᠋ᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠲᠡᠷᠢᠭᠦᠯᠡᠭᠴᠢ ᠡᠦ ᠮᠢᠩ ᠬᠠᠢ ᠂ ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶ᠎ᠠ ᠬᠡᠷᠡᠭ ᠪᠣᠯᠭᠠᠨ ᠳᠠᠩᠰᠠᠯᠠᠬᠤ ᠪᠠ ᠢᠷᠭᠡᠨ ᠦ᠌ ᠬᠡᠷᠡᠭ ᠦ᠋ᠨ ᠲᠦᠷᠭᠡᠨ ᠱᠢᠭᠦᠯᠲᠡ ᠶ᠋ᠢᠨ ᠨᠢᠭᠡᠳᠦᠭᠡᠷ ᠬᠠᠮᠲᠤᠷᠠᠨ ᠵᠥᠪᠯᠡᠬᠦ ᠲᠢᠩᠬᠢᠮ ᠦ᠋ᠨ  ᠰᠢᠭᠦᠨ ᠲᠠᠰᠤᠯᠬᠤ ᠳᠠᠷᠤᠭ᠎ᠠ ᠠᠭᠤᠯᠠ ᠫᠠᠢᠰᠠ ᠰᠡᠬᠦᠬᠦ ᠶᠣᠰᠣᠯᠠᠯ ᠳ᠋ᠤ᠌ ᠣᠷᠣᠯᠴᠠᠵᠠᠢ ᠃

 

 ᠡᠨᠡ ᠵᠢᠯ ᠡᠴᠡ  ᠨᠠᠰᠢ ᠂ ᠠᠷᠠᠳ ᠤ᠋ᠨ ᠳᠡᠭᠡᠳᠦ  ᠰᠢᠭᠦᠬᠦ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ  ᠰᠢᠭᠦᠬᠦ ᠬᠣᠷᠢᠶᠠᠨ ᠤ᠋ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶᠣᠰᠣᠭᠠᠷ ᠂ ᠣᠷᠳᠣᠰ ᠤ᠋ᠨ ᠪᠦᠬᠦ ᠬᠣᠲᠠ ᠶ᠋ᠢᠨ   ᠰᠢᠭᠦᠬᠦ ᠬᠣᠷᠢᠶ᠎ᠠ ᠠᠷᠠᠳ ᠣᠯᠠᠨ ᠤ᠋ ᠣᠯᠠᠨ ᠡᠰᠢᠵᠢᠭᠦᠯᠦᠭᠰᠡᠨ  ᠠᠰᠢᠭ ᠲᠤᠰᠠ ᠶ᠋ᠢᠨ ᠭᠣᠮᠣᠳᠠᠯ ᠱᠠᠭᠠᠷᠳᠠᠯᠭ᠎ᠠ ᠳ᠋ᠤ᠌ ᠢᠳᠡᠪᠬᠢᠲᠡᠢ ᠬᠠᠷᠢᠭᠤᠯᠲᠠ ᠥᠭᠴᠦ ᠂ ᠣᠯᠠᠨ  ᠡᠰᠢᠲᠦ ᠵᠢᠭᠤᠷᠠᠯᠳᠤᠭᠠᠨ ᠢ᠋  ᠰᠢᠢᠳᠪᠦᠷᠢᠯᠡᠬᠦ ᠲᠣᠭᠲᠠᠴᠠ ᠶ᠋ᠢᠨ ᠪᠠᠢᠭᠤᠯᠤᠯᠲᠠ ᠶ᠋ᠢ ᠭᠦᠨᠵᠡᠭᠡᠢ ᠠᠬᠢᠭᠤᠯᠵᠤ ᠂ ᠬᠠᠤᠯᠢ ᠴᠠᠭᠠᠵᠠ ᠶ᠋ᠢᠨ ᠪᠦᠲᠦᠭᠡᠨ ᠪᠠᠢᠭᠤᠯᠤᠯᠲᠠ ᠶ᠋ᠢᠨ ᠴᠢᠳᠠᠪᠤᠷᠢ ᠶ᠋ᠢ  ᠳᠡᠭᠡᠭᠰᠢᠯᠡᠭᠦᠯᠪᠡ᠃ ᠡᠨᠡ ᠤᠳᠠᠭ᠎ᠠ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠨᠢ ᠬᠣᠲᠠ ᠶ᠋ᠢᠨ ᠠᠵᠢᠯᠴᠢᠨ ᠤ᠋ ᠶᠡᠷᠦᠩᠬᠡᠢ ᠡᠪᠯᠡᠯ ᠲᠡᠢ ᠫᠠᠢᠰᠠ ᠡᠯᠭᠦᠵᠦ 《 ᠬᠥᠳᠡᠯᠮᠦᠷᠢ ᠶ᠋ᠢᠨ ᠮᠠᠷᠭᠤᠯᠳᠤᠭᠠᠨ ᠢ᠋ ᠡᠶᠡᠳᠡᠭᠦᠯᠬᠦ ᠠᠵᠢᠯ ᠤ᠋ᠨ ᠲᠠᠰᠤᠭ》 ᠢ᠋ ᠪᠠᠢᠭᠤᠯᠵᠤ ᠂ ᠬᠥᠳᠡᠯᠮᠦᠷᠢ ᠶ᠋ᠢᠨ ᠮᠠᠷᠭᠤᠯᠳᠤᠭᠠᠨ ᠢ᠋ ᠡᠬᠢ ᠡᠭᠦᠰᠦᠯ ᠡᠴᠡ ᠨᠢ ᠵᠠᠰᠠᠬᠤ ᠶ᠋ᠢ ᠲᠦᠯᠬᠢᠨ ᠠᠬᠢᠭᠤᠯᠵᠤ ᠂ ᠡᠶᠡᠳᠡᠭᠦᠯᠬᠦ ᠂ ᠵᠠᠷᠭᠤᠯᠳᠤᠬᠤ ᠶ᠋ᠢ ᠪᠦᠲᠦᠮᠵᠢᠲᠡᠢ ᠵᠣᠯᠭᠠᠭᠤᠯᠬᠤ ᠪᠣᠯ ᠨᠡᠢᠭᠡᠮ ᠦ᠋ᠨ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠠᠷᠢᠯᠭᠠᠬᠤ ᠶ᠋ᠢ ᠲᠡᠭᠦᠯᠳᠡᠷᠵᠢᠭᠦᠯᠵᠦ ᠂ ᠬᠣᠲᠠ ᠶ᠋ᠢᠨ ᠴᠡᠭᠴᠡᠯᠡᠨ ᠵᠠᠰᠠᠬᠤ ᠪᠦᠲᠦᠮᠵᠢᠲᠡᠢ ᠠᠷᠭ᠎ᠠ ᠬᠡᠮᠵᠢᠶ᠎ᠡ ᠶ᠋ᠢ ᠪᠡᠬᠢᠵᠢᠭᠦᠯᠵᠦ ᠂ ᠠᠵᠢᠯᠴᠢᠨ ᠤ᠋ ᠡᠪᠯᠡᠯ ᠦ᠋ᠨ ᠬᠥᠳᠡᠯᠮᠦᠷᠢ ᠶ᠋ᠢᠨ ᠮᠠᠷᠭᠤᠯᠳᠤᠭᠠᠨ ᠢ᠋  ᠰᠢᠢᠳᠪᠦᠷᠢᠯᠡᠬᠦ ᠳᠤᠮᠳᠠᠬᠢ ᠠᠩᠬᠠᠳᠠᠭᠴᠢ ᠰᠡᠷᠭᠡᠢᠯᠡᠯᠲᠡ ᠶ᠋ᠢᠨ ᠱᠤᠭᠤᠮ ᠤ᠋ᠨ ᠦᠢᠯᠡᠳᠦᠯ ᠢ᠋ ᠪᠠᠳᠠᠷᠠᠭᠤᠯᠪᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )