ᠴᠠᠭᠳᠠᠭ᠎ᠠ ᠶ᠋ᠢ ᠬᠠᠷᠠᠭᠠᠯᠵᠠᠬᠤ ᠲᠥᠷᠥ ᠶ᠋ᠢᠨ ᠪᠣᠳᠣᠯᠭ᠎ᠠ ᠶ᠋ᠢ ᠭᠦᠨᠵᠡᠭᠡᠢ ᠨᠠᠢᠳᠠᠪᠤᠷᠢᠵᠢᠭᠤᠯᠵᠤ ᠂ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠨᠠᠷ ᠠᠮᠠᠷᠠᠯᠲᠠ ᠶ᠋ᠢᠨ ᠬᠤᠭᠤᠴᠠᠭᠠᠨ ᠳ᠋ᠤ᠌ ᠬᠥᠮᠦᠨ ᠦᠭᠡᠢ ᠪᠠᠢᠬᠤ ᠬᠦᠴᠢᠷᠳᠡᠯ ᠢ᠋ ᠰᠢᠢᠳᠪᠦᠷᠢᠯᠡᠬᠦ ᠶ᠋ᠢᠨ ᠲᠥᠯᠥᠭᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠭᠡᠳᠦ ᠬᠡᠮᠵᠢᠶᠡᠨ ᠦ᠌ ᠴᠢᠬᠤᠯᠠᠴᠢᠯᠠᠯ ᠪᠠ ᠬᠦᠴᠦᠲᠡᠢ ᠳᠡᠮᠵᠢᠯᠭᠡ ᠶ᠋ᠢᠨ ᠳᠣᠣᠷ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶᠠᠨ ᠤ᠋ ᠡᠮᠡᠭᠲᠡᠢᠴᠦᠳ ᠦ᠋ᠨ ᠵᠥᠪᠯᠡᠯ ᠡᠴᠡ ᠵᠣᠬᠢᠶᠠᠨ ᠪᠠᠢᠭᠤᠯᠤᠨ ᠡᠷᠬᠢᠯᠡᠭᠰᠡᠨ ᠵᠤᠨ ᠤ᠋ ᠠᠮᠠᠷᠠᠯᠲᠠ ᠶ᠋ᠢᠨ ᠬᠤᠭᠤᠴᠠᠭᠠᠨ ᠳ᠋ᠤ᠌ ᠨᠠᠢᠳᠠᠵᠤ ᠬᠠᠮᠢᠶᠠᠷᠤᠭᠤᠯᠬᠤ ᠠᠩᠭᠢ ᠶ᠋ᠢ 8 ᠰᠠᠷ᠎ᠠ ᠶ᠋ᠢᠨ 6 ᠤ᠋ ᠡᠳᠦᠷ ᠵᠢᠩᠬᠢᠨᠢ ᠪᠡᠷ ᠡᠷᠬᠢᠯᠡᠪᠡ᠃
ᠬᠡᠦᠬᠡᠳ ᠦ᠋ᠳ ᠲᠦ᠍ ᠰᠠᠢᠨ ᠰᠠᠢᠬᠠᠨ ᠰᠤᠷᠤᠯᠴᠠᠯᠭ᠎ᠠ ᠪᠠ ᠵᠤᠭ᠎ᠠ ᠴᠡᠩᠭᠡᠯ ᠦ᠋ᠨ ᠣᠷᠴᠢᠨ ᠲᠣᠭᠣᠷᠢᠨ ᠢ᠋ ᠪᠣᠢ ᠪᠣᠯᠭᠠᠬᠤ ᠶ᠋ᠢᠨ ᠲᠥᠯᠥᠭᠡ ᠂ ᠬᠣᠲᠠ ᠶ᠋ᠢᠨ ᠳᠤᠮᠳᠠ ᠬᠣᠷᠢᠶ᠎ᠠ ᠶ᠋ᠢᠨ ᠡᠮᠡᠭᠲᠡᠢᠴᠦᠳ ᠦ᠋ᠨ ᠵᠥᠪᠯᠡᠯ ᠦ᠋ᠨ ᠵᠣᠬᠢᠶᠠᠨ ᠪᠠᠢᠭᠤᠯᠤᠯᠲᠠ ᠳᠣᠣᠷ᠎ᠠ ᠂ ᠬᠠᠯᠠᠭᠤᠨ ᠰᠡᠳᠭᠢᠯᠲᠦ ᠺᠠᠲ᠋ᠷ ᠴᠠᠭᠳᠠᠭ᠎ᠠ ᠨᠠᠷ ᠬᠦᠴᠦ ᠪᠡᠨ ᠬᠠᠮᠲᠤᠳᠭᠠᠨ ᠂ ᠣᠯᠠᠨ ᠢ᠋ᠶ᠋ᠠᠷ ᠢ᠋ᠶ᠋ᠠᠨ ᠨᠠᠷᠢᠨ ᠨᠢᠮᠪᠠᠢ ᠲᠥᠯᠥᠪᠯᠡᠵᠦ ᠂ ᠡᠳ᠋ ᠪᠣᠳᠠᠰ ᠪᠠ ᠨᠣᠮ ᠪᠢᠴᠢᠭ ᠢ᠋ ᠨᠠᠷᠢᠨ ᠬᠢᠨᠠᠮᠠᠭᠠᠢ ᠰᠣᠩᠭᠣᠨ ᠬᠤᠳᠠᠯᠳᠤᠨ ᠠᠪᠴᠤ ᠂ ᠪᠡᠶ᠎ᠡ ᠪᠡᠷ ᠢ᠋ᠶ᠋ᠡᠨ ᠨᠠᠢᠳᠠᠨ ᠬᠠᠮᠢᠶᠠᠷᠬᠤ ᠠᠩᠭᠢ ᠶ᠋ᠢ ᠪᠠᠢᠭᠤᠯᠵᠠᠢ ᠃ ᠬᠡᠷᠡᠮ ᠳᠡᠭᠡᠷᠡᠬᠢ ᠵᠠᠰᠠᠯ ᠴᠢᠮᠡᠭᠯᠡᠯ ᠢ᠋ᠶ᠋ᠡᠨ ᠨᠢᠭᠡ ᠬᠡᠰᠡᠭ ᠢ᠋ᠶ᠋ᠡᠷ ᠡᠪᠯᠡᠭᠦᠯᠵᠦ ᠂ ᠬᠡᠷᠡᠮ ᠦ᠋ᠨ ᠳᠡᠷᠭᠡᠳᠡᠬᠢ ᠬᠣᠷᠢᠭᠯᠠᠯᠲᠠ ᠶ᠋ᠢ ᠨᠠᠭᠠᠯᠳᠤᠭᠤᠯᠤᠨ ᠨᠢᠭᠡ ᠬᠡᠰᠡᠭ ᠨᠠᠭᠠᠵᠤ ᠂ ᠭᠠᠵᠠᠷ ᠳᠡᠭᠡᠷᠡᠬᠢ ᠣᠯᠪᠣᠭ ᠢ᠋ ᠺᠠᠲ᠋ᠷ ᠴᠠᠭᠳᠠᠭ᠎ᠠ ᠨᠠᠷ ᠨᠢᠭᠡ ᠳᠣᠣᠷ᠎ᠠ ᠳᠡᠪᠢᠰᠴᠦ ᠂ ᠬᠠᠮᠤᠭ ᠰᠡᠭᠦᠯ ᠳ᠋ᠦ᠍ ᠪᠠᠰᠠ ᠡᠯ᠎ᠡ ᠭᠠᠵᠠᠷ ᠠᠮᠤᠷ ᠲᠦᠪᠰᠢᠨ ᠦ᠌ ᠳᠠᠯᠳᠠ ᠭᠡᠮ ᠪᠠᠢᠬᠤ ᠡᠰᠡᠬᠦ ᠶ᠋ᠢ ᠨᠠᠷᠢᠨ ᠪᠠᠢᠴᠠᠭᠠᠵᠤ ᠂ ᠬᠡᠦᠬᠡᠳ ᠲᠦ᠍ ᠲᠠᠭᠠᠯᠠᠮᠵᠢᠲᠠᠢ ᠂ ᠠᠮᠤᠷ ᠲᠦᠪᠰᠢᠨ ᠂ ᠲᠠᠪᠤᠨ ᠥᠩᠭᠡ ᠶ᠋ᠢᠨ ᠬᠥᠳᠡᠯᠭᠡᠭᠡᠨ ᠦ᠌ ᠲᠠᠯᠠᠪᠤᠷ ᠪᠠᠢᠭᠤᠯᠵᠤ ᠥᠭᠬᠦ ᠪᠡᠷ ᠴᠢᠷᠮᠠᠢᠪᠠ ᠃ ᠡᠭᠦᠨ ᠦ᠌ ᠬᠠᠮᠲᠤ ᠬᠡᠦᠬᠡᠳ ᠦ᠋ᠳ ᠢ᠋ᠶ᠋ᠡᠷ 4 ᠰᠢᠯᠢᠳᠡᠭ ᠪᠠᠭᠰᠢ ᠰᠣᠩᠭᠣᠨ ᠤᠷᠢᠵᠤ ᠂ ᠲᠡᠳᠡᠨ ᠦ᠌ ᠵᠤᠨ ᠤ᠋ ᠠᠮᠠᠷᠠᠯᠲᠠ ᠶ᠋ᠢᠨ ᠳᠠᠰᠭᠠᠯ ᠢ᠋ᠶ᠋ᠠᠨ ᠬᠢᠵᠦ ᠂ ᠵᠢᠷᠤᠭ ᠵᠢᠷᠤᠬᠤ ᠂ ᠭᠠᠷ ᠤᠷᠠᠯᠠᠯ ᠵᠡᠷᠭᠡ ᠬᠢᠴᠢᠶᠡᠯ ᠥᠷᠨᠢᠭᠦᠯᠵᠦ ᠂ ᠬᠡᠦᠬᠡᠳ ᠦ᠋ᠳ ᠦ᠋ᠨ ᠰᠤᠷᠤᠯᠴᠠᠬᠤ ᠤᠷᠮ᠎ᠠ ᠪᠠᠬ᠎ᠠ ᠪᠠ ᠭᠠᠷ ᠬᠥᠳᠡᠯᠬᠦ ᠴᠢᠳᠠᠪᠤᠷᠢ ᠶ᠋ᠢ ᠣᠯᠠᠨ ᠲᠠᠯ᠎ᠠ ᠪᠠᠷ ᠳᠡᠭᠡᠭᠰᠢᠯᠡᠭᠦᠯᠪᠡ ᠃ ᠲᠤᠰ ᠤᠳᠠᠭᠠᠨ ᠤ᠋ ᠵᠤᠨ ᠤ᠋ ᠠᠮᠠᠷᠠᠯᠲᠠ ᠶ᠋ᠢᠨ ᠬᠤᠭᠤᠴᠠᠭᠠᠨ ᠳ᠋ᠤ᠌ ᠨᠠᠢᠳᠠᠯᠭ᠎ᠠ ᠪᠠᠷ ᠬᠠᠮᠢᠶᠠᠷᠬᠤ ᠡᠠᠩᠭᠢ ᠨᠢ ᠲᠤᠰ ᠲᠤᠰ ᠬᠢᠶ᠎ᠡ ᠪᠠᠭᠰᠢ ᠶ᠋ᠢᠨ ᠡᠠᠯᠪᠠᠠ ᠲᠣᠭᠣᠷᠢᠭ ᠪᠠ ᠳ᠋ᠦᠩᠱᠧᠩ ᠶ᠋ᠢᠨ ᠡᠠᠯᠪᠠᠠ ᠲᠣᠭᠣᠷᠢᠭ ᠲᠤ᠌ ᠬᠣᠶᠠᠷ ᠡᠠᠩᠭᠢ ᠲᠣᠬᠢᠷᠠᠭᠤᠯᠬᠤ ᠶ᠋ᠢᠨ ᠬᠠᠮᠲᠤ ᠬᠡᠦᠬᠡᠳ ᠦ᠋ᠨ ᠡᠠᠩᠭᠢ ᠪᠠ ᠪᠠᠭ᠎ᠠ ᠰᠤᠷᠭᠠᠭᠤᠯᠢ ᠶ᠋ᠢᠨ ᠡᠠᠩᠭᠢ ᠭᠡᠵᠦ ᠬᠤᠪᠢᠶᠠᠨ ᠪᠠᠢᠭᠣᠯᠪᠠ ᠃
ᠡᠨᠳᠡ ᠂ ᠬᠡᠦᠬᠡᠳ ᠦ᠋ᠳ ᠨᠠᠭᠠᠳᠤᠮ ᠤ᠋ᠨ ᠬᠠᠨᠢ ᠡᠷᠢᠵᠦ ᠣᠯᠤᠭᠰᠠᠨ ᠢ᠋ᠶ᠋ᠠᠷ ᠪᠠᠷᠠᠬᠤ ᠦᠭᠡᠢ ᠂ ᠪᠠᠰᠠ ᠰᠢᠭᠦᠬᠦ ᠬᠣᠷᠢᠶᠠᠨ ᠤ᠋ ᠨᠣᠮ ᠤ᠋ᠨ ᠰᠠᠩ ᠳ᠋ᠤ᠌ ᠨᠣᠮ ᠤᠩᠰᠢᠵᠤ᠂ ᠳᠠᠰᠭᠠᠯ ᠬᠢᠵᠦ ᠂ ᠨᠡᠩ ᠣᠯᠠᠨ ᠮᠡᠳᠡᠯᠭᠡ ᠰᠤᠷᠴᠤ ᠪᠣᠯᠤᠨ᠎ᠠ ! ᠡᠭᠦᠨ ᠦ᠌ ᠬᠠᠮᠲᠤ ᠂ ᠤᠯᠤᠰ ᠢ᠋ᠶ᠋ᠠᠨ ᠬᠠᠢᠷᠠᠯᠠᠬᠤ ᠦᠷ᠎ᠡ ᠪᠡᠨ ᠬᠡᠦᠬᠡᠳ ᠦ᠋ᠨ ᠰᠡᠳᠭᠢᠯ ᠳ᠋ᠦ᠍ ᠪᠠᠲᠤ ᠬᠠᠳᠠᠩᠰᠢᠭᠤᠯᠬᠤ ᠶ᠋ᠢᠨ ᠲᠥᠯᠥᠭᠡ ᠂ ᠢᠯᠠᠩᠭᠤᠶ᠎ᠠ ᠳ᠋ᠦᠩᠱᠧᠩ ᠠᠯᠪᠠᠨ ᠲᠣᠭᠣᠷᠢᠭ ᠤ᠋ᠨ ᠨᠠᠢᠳᠠᠵᠤ ᠬᠠᠮᠢᠶᠠᠷᠤᠭᠤᠯᠬᠤ ᠠᠩᠭᠢ ᠶ᠋ᠢᠨ ᠬᠡᠷᠡᠮ ᠳᠡᠭᠡᠷ᠎ᠡ ᠤᠯᠤᠰ ᠤ᠋ᠨ ᠰᠦᠯᠳᠡ ᠡᠯᠭᠦᠨ ᠂ ᠬᠠᠷᠠᠬᠠᠨ ᠪᠠᠭ᠎ᠠ ᠠ᠋ᠴᠠ ᠪᠠᠨ ᠤᠯᠤᠰ ᠢ᠋ᠶ᠋ᠠᠨ ᠬᠠᠢᠷᠠᠯᠠᠬᠤ ᠦᠵᠡᠯ ᠰᠠᠨᠠᠭ᠎ᠠ ᠶ᠋ᠢ ᠪᠣᠢ ᠪᠣᠯᠭᠠᠵᠤ ᠂ ᠠᠪᠤ ᠡᠵᠢ ᠨᠠᠷ ᠤ᠋ᠨ ᠤᠯᠤᠰ ᠤ᠋ᠨ ᠰᠦᠯᠳᠡ ᠳᠣᠣᠷ᠎ᠠ ᠲᠥᠪ ᠭᠣᠣᠯᠴᠢ ᠰᠢᠳᠤᠷᠭᠤ ᠶᠣᠰᠣ ᠶ᠋ᠢ ᠬᠠᠮᠠᠭᠠᠯᠠᠬᠤ ᠵᠣᠷᠢᠭ ᠰᠠᠨᠠᠭ᠎ᠠ ᠶ᠋ᠢ ᠤᠯᠠᠮᠵᠢᠯᠠᠨ ᠵᠠᠯᠭᠠᠮᠵᠢᠯᠠᠵᠤ ᠂ ᠰᠢᠨ᠎ᠡ ᠴᠠᠭ ᠦᠶ᠎ᠡ ᠶ᠋ᠢᠨ ᠬᠦᠴᠦᠷᠬᠡᠭ ᠶᠡᠬᠡ ᠵᠠᠯᠭᠠᠮᠵᠢᠯᠠᠭᠴᠢ ᠪᠣᠯᠬᠤ ᠶ᠋ᠢ ᠬᠦᠰᠡᠵᠦ ᠪᠠᠢᠨ᠎ᠠ !
ᠵᠤᠨ ᠤ᠋ ᠬᠤᠭᠤᠴᠠᠭᠠᠨ ᠤ᠋ ᠨᠠᠢᠳᠠᠯᠭ᠎ᠠ ᠪᠠᠷ ᠬᠠᠮᠢᠶᠠᠷᠬᠤ ᠠᠩᠭᠢ ᠶ᠋ᠢᠨ ᠡᠨᠡᠬᠦ 《 ᠰᠡᠳᠭᠢᠯ ᠳᠤᠯᠠᠭᠠᠴᠠᠭᠤᠯᠬᠤ ᠠᠵᠢᠯᠯᠠᠭ᠎ᠠ》 ᠨᠢ ᠺᠠᠲ᠋ᠷ ᠴᠠᠭᠳᠠᠭ᠎ᠠ ᠶ᠋ᠢ ᠬᠠᠪᠰᠤᠷᠤᠨ ᠠᠮᠠᠷᠠᠯᠲᠠ ᠶ᠋ᠢᠨ ᠬᠤᠭᠤᠴᠠᠭᠠᠨ ᠤ᠋ ᠬᠡᠦᠬᠡᠳ ᠢ᠋ ᠬᠠᠷᠠᠵᠤ ᠬᠠᠷᠠᠭᠠᠯᠵᠠᠬᠤ ᠬᠥᠮᠦᠨ ᠥᠬᠡᠢ ᠪᠠᠢᠬᠤ ᠠᠰᠠᠭᠤᠳᠠᠯ ᠢ᠋ ᠰᠢᠢᠳᠪᠦᠷᠢᠯᠡᠭᠰᠡᠨ ᠮᠥᠷᠲᠡᠭᠡᠨ ᠺᠠᠲ᠋ᠷ ᠴᠠᠭᠳᠠᠭ᠎ᠠ ᠶ᠋ᠢᠨ ᠡᠩᠨᠡᠭᠡ ᠶ᠋ᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠺᠠᠲ᠋ᠷ ᠴᠠᠭᠳᠠᠭ᠎ᠠ ᠶ᠋ᠢᠨ ᠨᠢᠭᠲᠠᠷᠠᠯ ᠤ᠋ᠨ ᠬᠦᠴᠦᠨ ᠢ᠋ ᠴᠢᠩᠭᠠᠷᠠᠭᠤᠯᠪᠠ᠃ ᠺᠠᠲ᠋ᠷ ᠴᠠᠭᠳᠠᠭ᠎ᠠ ᠨᠠᠷ ᠨᠠᠢᠳᠠᠨ ᠬᠠᠮᠢᠶᠠᠷᠤᠭᠤᠯᠬᠤ ᠠᠩᠭᠢ ᠲᠡᠳᠡᠨ ᠦ᠌ ᠨᠢᠭᠡ ᠶᠡᠬᠡ ᠬᠦᠴᠢᠷ ᠠᠰᠠᠭᠤᠳᠠᠯ ᠢ᠋ ᠰᠢᠢᠳᠪᠦᠷᠢᠯᠡᠵᠦ ᠂ ᠲᠡᠳᠡᠨ ᠦ᠌ ᠠᠵᠢᠯ ᠪᠠ ᠠᠮᠢᠳᠤᠷᠠᠯ ᠳ᠋ᠤ᠌ ᠮᠠᠰᠢ ᠶᠡᠬᠡ ᠳᠥᠭᠥᠮ ᠦᠵᠡᠭᠦᠯᠵᠦ ᠂ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠬᠠᠯᠠᠭᠤᠨ ᠲᠤᠳᠤᠨᠤᠤ ᠲᠣᠬᠢᠷᠠᠭᠤᠯᠤᠯᠲᠠ ᠳ᠋ᠤ᠌ ᠮᠠᠰᠢ ᠲᠠᠯᠠᠷᠬᠠᠵᠤ ᠪᠠᠢᠨ᠎ᠠ ᠂ ᠬᠤᠢᠰᠢᠲᠠ ᠨᠡᠩ ᠬᠠᠨᠤᠮᠵᠢᠲᠠᠢ ᠣᠶᠤᠨ ᠰᠠᠨᠠᠭᠠᠨ ᠤ᠋ ᠪᠠᠢᠳᠠᠯ ᠢ᠋ᠶ᠋ᠠᠷ ᠪᠦᠬᠦ ᠰᠡᠳᠭᠢᠯ ᠪᠦᠬᠦ ᠵᠣᠷᠢᠭ ᠢ᠋ᠶ᠋ᠠᠷ ᠢ᠋ᠶ᠋ᠠᠨ ᠱᠢᠭᠦᠨ ᠲᠠᠰᠤᠯᠬᠤ ᠭᠦᠢᠴᠡᠳᠭᠡᠬᠦ ᠠᠵᠢᠯ ᠳᠤᠮᠳᠠ ᠣᠷᠣᠵᠤ ᠂ ᠰᠢᠭᠦᠬᠦ ᠬᠣᠷᠢᠶᠠᠨ ᠤ᠋ ᠠᠵᠢᠯ ᠤ᠋ᠨ ᠳᠠᠬᠢᠨᠲᠠ ᠰᠢᠯᠢᠳᠡᠭ ᠠᠮᠵᠢᠯᠲᠠ ᠣᠯᠬᠤ ᠶ᠋ᠢ ᠪᠦᠬᠦ ᠬᠦᠴᠦᠨ ᠢ᠋ᠶ᠋ᠡᠷ ᠢ᠋ᠶ᠋ᠡᠨ ᠲᠦᠯᠬᠢᠨ ᠠᠬᠢᠭᠤᠯᠵᠤ ᠂ ᠳᠠᠬᠢᠨ ᠰᠢᠨ᠎ᠡ ᠳᠡᠭᠲᠡᠷ ᠲᠦ᠍ ᠭᠠᠷᠤᠨ᠎ᠠ ᠃
ᠦᠨᠡᠯᠡᠬᠦ 0ᠦᠨᠡᠯᠡᠯᠲᠡ ᠲᠠᠢ