7 ᠰᠠᠷ᠎ᠠ ᠶ᠋ᠢᠨ 19 ᠦ᠌ ᠡᠳᠦᠷ ᠡᠴᠡ 21 ᠦ᠌ ᠡᠳᠦᠷ ᠪᠣᠯᠲᠠᠯ᠎ᠠ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠴᠸᠩᠴᠤᠸᠠᠨ ᠤ᠋ ᠦᠨᠳᠦᠰᠦᠲᠡᠨ ᠦ᠌ ᠺᠠᠲ᠋ᠷ ᠤ᠋ᠨ ᠳᠡᠭᠡᠳᠦ ᠰᠤᠷᠭᠠᠭᠤᠯᠢ ᠳ᠋ᠤ᠌《ᠬᠤᠪᠢᠰᠭᠠᠯᠲᠤ ᠵᠣᠷᠢᠭ ᠰᠠᠨᠠᠭ᠎ᠠ ᠶ᠋ᠢ ᠪᠠᠳᠠᠷᠠᠭᠤᠯᠵᠤ ᠨᠠᠮᠴᠢ ᠴᠢᠨᠠᠷ ᠢ᠋ ᠳᠠᠪᠲᠠᠨ ᠪᠣᠯᠪᠠᠰᠤᠷᠠᠭᠤᠯᠬᠤ》 ᠨᠠᠮ ᠤ᠋ᠨ ᠭᠡᠰᠢᠭᠦᠨ ᠦ᠌ ᠪᠣᠯᠪᠠᠰᠤᠷᠠᠯ ᠤ᠋ᠨ ᠠᠩᠭᠢ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠨᠠᠷ 3 ᠡᠳᠦᠷ ᠦ᠋ᠨ ᠰᠤᠷᠤᠯᠴᠠᠯᠭ᠎ᠠ ᠳ᠋ᠤ᠌ ᠤᠯᠠᠭᠠᠨ ᠥᠩᠭᠡ ᠶ᠋ᠢᠨ ᠰᠤᠷᠭᠠᠨ ᠬᠥᠮᠦᠵᠢᠯ ᠦ᠋ᠨ ᠭᠦᠨᠵᠡᠭᠡᠢ ᠪᠣᠯᠪᠠᠰᠤᠷᠠᠯ ᠬᠢᠵᠦ ᠂ ᠪᠣᠯᠪᠠᠰᠤᠷᠠᠯ ᠤ᠋ᠨ ᠳᠤᠮᠳᠠ ᠤᠯᠠᠭᠠᠨ ᠴᠡᠷᠢᠭ ᠦ᠋ᠨ ᠠᠶᠠᠨ ᠤ᠋ ᠵᠣᠷᠢᠭ ᠰᠠᠨᠠᠭ᠎ᠠ ᠶ᠋ᠢ ᠭᠦᠢᠴᠡᠳ ᠣᠢᠯᠠᠭᠠᠵᠤ ᠂ ᠬᠠᠮᠲᠤᠷᠠᠨ ᠠᠵᠢᠯᠯᠠᠬᠤ ᠠᠩᠭᠢ ᠶ᠋ᠢᠨ ᠵᠣᠷᠢᠭ ᠰᠠᠨᠠᠭ᠎ᠠ ᠶ᠋ᠢ ᠴᠢᠩᠭᠠᠳᠭᠠᠬᠤ ᠬᠡᠷᠡᠭᠲᠡᠢ ᠃
ᠠᠩᠭᠢ ᠡᠬᠢᠯᠡᠭᠰᠡᠨ ᠦ᠌ ᠳᠠᠷᠠᠭ᠎ᠠ ᠂ ᠺᠠᠲ᠋ᠷ ᠴᠠᠭᠳᠠᠭ᠎ᠠ ᠨᠠᠷ ᠶᠠᠨ ᠠᠨ ᠤ᠋ ᠦᠨᠳᠦᠰᠦᠲᠡᠨ ᠦ᠌ ᠳᠡᠭᠡᠳᠦ ᠰᠤᠷᠭᠠᠭᠤᠯᠢ ᠶ᠋ᠢᠨ ᠪᠣᠷᠣᠪᠠᠯᠭᠠᠰᠤ ᠶ᠋ᠢᠨ ᠳᠤᠷᠠᠰᠭᠠᠯ ᠤ᠋ᠨ ᠣᠷᠳᠣᠨ ᠂ ᠦᠨᠳᠦᠰᠦᠲᠡᠨ ᠦ᠌ ᠪᠦᠯᠬᠦᠮᠳᠡᠯ ᠦ᠋ᠨ ᠲᠠᠯᠠᠪᠠᠢ ᠂ ᠸᠠᠩ ᠵᠧᠨ ᠵᠢᠩ ᠦ᠋ᠨ ᠳᠤᠷᠠᠰᠭᠠᠯ ᠤ᠋ᠨ ᠬᠦᠷᠢᠶᠡᠯᠡᠩ ᠂ ᠳᠢ ᠱᠤ᠌ ᠭᠧᠦ ᠲᠡᠢᠨ ᠦ᠌ ᠲᠠᠯᠠᠪᠤᠷ ᠤ᠋ᠨ ᠳᠤᠷᠠᠰᠭᠠᠯ ᠤ᠋ᠨ ᠬᠦᠷᠢᠶᠡᠯᠡᠩ ᠵᠡᠷᠭᠡ ᠭᠠᠵᠠᠷ ᠲᠤ᠌ ᠂ ᠰᠤᠷᠭᠠᠭᠤᠯᠢ ᠳ᠋ᠤ᠌ ᠣᠷᠣᠬᠤ ᠰᠤᠷᠭᠠᠨ ᠬᠥᠮᠦᠵᠢᠯ ᠂ ᠲᠤᠬᠠᠢ ᠶ᠋ᠢᠨ ᠲᠠᠯᠠᠪᠤᠷ ᠤ᠋ᠨ ᠲᠠᠢᠯᠤᠮᠵᠢ ᠂ ᠲᠤᠬᠠᠢ ᠶ᠋ᠢᠨ ᠲᠠᠯᠠᠪᠤᠷ ᠤ᠋ᠨ ᠵᠢᠭᠠᠨ ᠰᠤᠷᠭᠠᠯᠲᠠ ᠵᠡᠷᠭᠡ ᠣᠯᠠᠨ ᠵᠦᠢᠯ ᠦ᠋ᠨ ᠬᠡᠯᠪᠡᠷᠢ ᠪᠡᠷ ᠳᠠᠮᠵᠢᠭᠤᠯᠵᠤ ᠂ ᠠᠬᠠᠮᠠᠳ ᠨᠢᠭᠡ ᠦᠶ᠎ᠡ ᠶ᠋ᠢᠨ ᠦᠭᠡᠢᠭᠦᠦ ᠠᠩᠭᠢ ᠶ᠋ᠢᠨ ᠬᠤᠪᠢᠰᠭᠠᠯᠴᠢᠳ ᠤ᠋ᠨ ᠬᠠᠲᠠᠭᠤ ᠪᠡᠷᠬᠡ ᠭᠡᠷᠡᠯ ᠰᠠᠴᠤᠷᠠᠩᠭᠤᠢ ᠥᠩᠭᠡᠷᠡᠯᠲᠡ ᠶ᠋ᠢ ᠪᠡᠶ᠎ᠡ ᠪᠡᠷ ᠢ᠋ᠶ᠋ᠡᠨ ᠣᠢᠯᠠᠭᠠᠵᠤ ᠮᠡᠳᠡᠵᠡᠢ ᠃
ᠬᠢᠴᠢᠶᠡᠯ ᠦ᠋ᠨ ᠭᠡᠷ ᠳᠣᠲᠣᠷᠠᠬᠢ ᠵᠢᠭᠠᠨ ᠰᠤᠷᠭᠠᠯᠲᠠ ᠶ᠋ᠢᠨ ᠬᠡᠰᠡᠭ ᠲᠦ᠍ ᠪᠠᠭᠰᠢ ᠣᠯᠠᠨ ᠢ᠋ ᠵᠣᠬᠢᠶᠠᠨ ᠪᠠᠢᠭᠤᠯᠤᠨ 《 ᠠᠷᠠᠳ ᠲᠦᠮᠡᠨ ᠦ᠌ ᠰᠠᠢᠨ ᠰᠠᠢᠬᠠᠨ ᠠᠮᠢᠳᠤᠷᠠᠯ ᠤ᠋ᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ᠋ ᠲᠡᠮᠡᠴᠡᠯ ᠦ᠋ᠨ ᠬᠠᠷᠠᠯᠲᠠ ᠮᠥᠨ 》 ᠭᠡᠬᠦ ᠡᠨᠡ ᠬᠦ᠌ ᠰᠣᠩᠭᠣᠳᠠᠭ ᠪᠦᠲᠦᠭᠡᠯ ᠢ᠋ ᠴᠤᠭᠭᠠᠷ ᠤᠩᠰᠢᠪᠠ ᠃ ᠣᠯᠠᠨ ᠢ᠋ᠶ᠋ᠠᠷ ᠢ᠋ᠶ᠋ᠠᠨ ᠡᠷᠳᠡᠮ ᠮᠡᠳᠡᠯᠭᠡ ᠰᠤᠷᠬᠤ ᠣᠪᠣᠷ ᠪᠣᠯᠤᠨ ᠣᠷᠭᠢᠯᠤᠮ᠎ᠠ ᠬᠠᠯᠠᠭᠤᠨ ᠰᠡᠳᠭᠢᠯᠭᠡ ᠪᠡᠷ ᠭᠦᠨᠵᠡᠭᠡᠢ ᠰᠤᠷᠤᠯᠴᠠᠨ ᠪᠣᠳᠣᠯᠬᠢᠯᠠᠵᠠᠢ ᠃ ᠳᠠᠷᠠᠭ᠎ᠠ ᠨᠢ ᠂ ᠪᠣᠷᠣᠪᠠᠯᠭᠠᠰᠤ ᠶ᠋ᠢᠨ ᠦᠨᠳᠦᠰᠦᠲᠡᠨ ᠤ᠋ ᠺᠠᠲ᠋ᠷ ᠤ᠋ᠨ ᠳᠡᠭᠡᠳᠦ ᠰᠤᠷᠭᠠᠭᠤᠯᠢ ᠨᠢ 《 ᠳᠤᠮᠳᠠᠳᠤ ᠡᠣᠯᠣᠰ ᠤ᠋ᠨ ᠡᠪ ᠬᠠᠮᠲᠤ ᠨᠠᠮ ᠬᠢᠭᠡᠳ ᠳᠤᠮᠳᠠᠳᠤ ᠶ᠋ᠢᠨ ᠡᠣᠢᠠᠳᠣᠰᠣᠳᠠᠠ ᠶ᠋ᠢᠨ ᠠᠭᠤᠤ ᠶᠠᠬᠡᠰᠡᠷᠭᠦᠨ ᠮᠠᠨᠳᠤᠯᠲᠠ — ᠨᠠᠮ ᠤ᠋ᠨ ᠰᠢᠯᠢᠳᠡᠭ ᠤᠯᠠᠮᠵᠢᠯᠠᠯ ᠵᠢᠴᠢ ᠡᠣᠯᠣᠰ ᠢ᠋ ᠵᠠᠰᠠᠵᠤ ᠵᠠᠰᠠᠭ ᠤ᠋ᠨ ᠶᠠᠪᠤᠳᠠᠯ ᠢ᠋ ᠡᠷᠬᠢᠯᠡᠬᠦ ᠲᠤᠷᠱᠢᠯᠭ᠎ᠠ ᠬᠢᠭᠡᠳ ᠰᠡᠩᠬᠡᠷᠡᠭᠦᠯᠦᠯ》 ᠦ᠋ᠨ ᠲᠤᠰᠭᠠᠢ ᠰᠡᠳᠦᠪ ᠦ᠋ᠨ ᠲᠠᠢᠯᠤᠮᠵᠢ ᠶ᠋ᠢ ᠨᠠᠷᠢᠨ ᠨᠢᠮᠪᠠᠢ ᠲᠣᠬᠢᠷᠠᠭᠤᠯᠵᠤ ᠂ ᠲᠠᠢᠯᠤᠮᠵᠢ ᠶ᠋ᠢᠨ ᠭᠣᠣᠯ ᠰᠡᠳᠦᠪ ᠨᠢ ᠢᠯᠡ ᠲᠣᠳᠣᠷᠬᠠᠢ ᠂ ᠠᠭᠤᠯᠭ᠎ᠠ ᠨᠢ ᠭᠦᠨᠵᠡᠭᠡᠢ ᠂ ᠣᠯᠠᠨ ᠢ᠋ᠶ᠋ᠠᠷ ᠢ᠋ᠶ᠋ᠠᠨ ᠰᠤᠷᠤᠯᠴᠠᠬᠤ ᠣᠪᠣᠷ ᠨᠢ ᠨᠠᠷᠢᠨ ᠬᠢᠨᠠᠮᠠᠭᠠᠢ ᠪᠠᠢᠵᠤ ᠂ ᠣᠯᠤᠯᠲᠠ ᠨᠢ ᠮᠠᠰᠢ ᠡᠯᠪᠡᠭ ᠪᠣᠯᠵᠠᠢ ᠃
ᠣᠢᠯᠠᠭᠠᠯᠲᠠ ᠶ᠋ᠢᠨ ᠬᠡᠯᠪᠡᠷᠢ ᠶ᠋ᠢᠨ ᠵᠢᠭᠠᠨ ᠰᠤᠷᠭᠠᠯᠲᠠ ᠶ᠋ᠢᠨ ᠬᠡᠰᠡᠭ ᠲᠦ᠍ ᠂ ᠣᠯᠠᠨ ᠢ᠋ᠶ᠋ᠠᠷ ᠢ᠋ᠶ᠋ᠠᠨ ᠦᠨᠳᠦᠰᠦᠲᠡᠨ ᠤ᠋ ᠳᠡᠭᠡᠳᠦ ᠰᠤᠷᠭᠠᠭᠤᠯᠢ ᠶ᠋ᠢᠨ ᠡᠣᠣᠭᠣᠬᠣ ᠬᠢᠴᠢᠶᠡᠯ ᠦ᠋ᠨ ᠭᠡᠷ ᠦ᠋ᠨ ᠨᠡᠭᠦᠷᠡᠰᠦᠨ ᠲᠣᠰᠣᠨ ᠳ᠋ᠸᠠᠩ ᠶ᠋ᠢᠨ ᠳᠣᠣᠷ᠎ᠠ ᠮᠠᠤ ᠲᠠᠷᠢᠭᠦᠯᠠᠭᠴᠢ 《ᠬᠠᠭᠤᠴᠢᠨ ᠭᠤᠷᠪᠠᠨ ᠵᠣᠬᠢᠶᠠᠯ》 ᠢ᠋ ᠤᠩᠰᠢᠵᠤ ᠂ ᠪᠦᠬᠦ ᠵᠣᠬᠢᠶᠠᠯ ᠢ᠋ ᠪᠢᠴᠢᠵᠡᠢ ᠃ ᠣᠯᠠᠨ ᠢ᠋ᠶ᠋ᠠᠷ ᠢ᠋ᠶ᠋ᠠᠨ ᠪᠠᠰᠠ 《 ᠵᠣᠪᠠᠯᠠᠩ ᠢ᠋ᠶ᠋ᠠᠨ ᠡᠷᠭᠢᠴᠡᠭᠦᠯᠵᠦ ᠵᠢᠷᠭᠠᠯ ᠢ᠋ᠶ᠋ᠠᠨ ᠰᠡᠳᠭᠢᠭᠦᠯᠬᠦ 》 — ᠥᠪᠡᠷ ᠢ᠋ᠶ᠋ᠡᠨ ᠤᠯᠠᠭᠠᠨ ᠴᠡᠷᠢᠭ ᠦ᠋ᠨ ᠬᠣᠭᠣᠯᠠ ᠬᠢᠬᠦ ᠶ᠋ᠢ ᠪᠡᠶᠡᠴᠢᠯᠡᠨ ᠣᠢᠯᠭᠠᠵᠤ ᠂ ᠰᠤᠷᠤᠭᠴᠢᠳ ᠳᠥᠷᠪᠡᠨ ᠳᠤᠭᠤᠢᠯᠠᠩ ᠬᠤᠪᠢᠶᠠᠵᠤ ᠂ ᠠᠳᠠᠯᠢ ᠪᠤᠰᠤ ᠢᠳᠡᠭᠡᠨ ᠦ᠌ ᠮᠠᠲ᠋ᠧᠷᠢᠶᠠᠯ ᠢ᠋ ᠦᠨᠳᠦᠰᠦᠯᠡᠨ ᠲᠤᠰ ᠲᠤᠰ ᠥᠪᠡᠷ ᠦ᠋ᠨ ᠳᠤᠭᠤᠢᠯᠠᠩ ᠤ᠋ᠨ ᠣᠨᠴᠠᠯᠢᠭᠲᠤ ᠢᠳᠡᠭᠡᠨ ᠬᠢᠵᠦ ᠂ ᠪᠠᠰᠠ ᠪᠤᠰᠤᠳ ᠳᠤᠭᠤᠢᠯᠠᠩ ᠲᠠᠢ ᠬᠠᠮᠲᠤ ᠪᠠᠷ ᠡᠳ᠋ᠯᠡᠵᠦ ᠪᠠᠢᠨ᠎ᠠ ᠃ ᠡᠨᠡ ᠬᠣᠭᠣᠷᠣᠨᠳᠣ ᠂ ᠡᠯ᠎ᠡ ᠳᠤᠭᠤᠢᠯᠠᠩ ᠲᠥᠯᠥᠭᠡᠯᠡᠭᠴᠢ ᠲᠣᠮᠢᠯᠠᠨ ᠨᠣᠭᠣᠭᠠᠨ ᠬᠥᠷᠥᠰᠥ ᠶ᠋ᠢ ᠠᠷᠴᠢᠵᠤ ᠂ ᠪᠦᠭᠦᠳᠡᠭᠡᠷ ᠢ᠋ᠶ᠋ᠡᠨ《 ᠥᠪᠡᠷ ᠢ᠋ᠶ᠋ᠡᠨ ᠭᠠᠷ ᠬᠥᠳᠡᠯᠵᠦ ᠂ ᠡᠯᠪᠡᠭ ᠳᠡᠯᠪᠡᠭ ᠬᠤᠪᠴᠠᠰᠤ ᠬᠦᠨᠦᠰᠦ》 ᠪᠠᠷ ᠡᠨᠡ ᠨᠠᠢ᠍ᠮᠠᠨ ᠦᠰᠦᠭ ᠦ᠋ᠨ ᠭᠦᠨᠵᠡᠭᠡᠢ ᠠᠭᠤᠯᠤᠭᠳᠠᠬᠤᠨ ᠲᠠᠢ ᠨᠢ ᠪᠦᠬᠦ ᠲᠠᠯ᠎ᠠ ᠶ᠋ᠢ ᠭᠦᠢᠴᠡᠳ ᠢᠯᠡᠷᠡᠭᠦᠯᠵᠡᠢ ᠃ ᠡᠨᠡ ᠬᠦ᠌ ᠠᠵᠢᠯᠯᠠᠭ᠎ᠠ ᠨᠢ ᠰᠤᠷᠤᠭᠴᠢᠳ ᠤ᠋ᠨ ᠦᠢᠯᠡᠳᠦᠯᠭᠡ ᠶ᠋ᠢᠨ ᠴᠢᠳᠠᠪᠤᠷᠢ ᠶ᠋ᠢ ᠳᠡᠭᠡᠭᠰᠢᠯᠡᠭᠦᠯᠦᠭᠰᠡᠨ ᠢ᠋ᠶ᠋ᠡᠷ ᠪᠠᠷᠠᠬᠤ ᠦᠭᠡᠢ ᠂ ᠪᠠᠰᠠ ᠪᠦᠯᠬᠦᠮ ᠨᠡᠢᠲᠡ ᠶ᠋ᠢᠨ ᠨᠢᠭᠲᠠᠷᠠᠯ ᠤ᠋ᠨ ᠬᠦᠴᠦᠨ ᠪᠠ ᠲᠥᠪᠯᠡᠩᠭᠦᠢ ᠬᠦᠴᠦᠨ ᠢ᠋ ᠴᠢᠩᠭᠠᠳᠭᠠᠪᠠ ᠃
ᠰᠤᠷᠤᠯᠭ᠎ᠠ ᠵᠣᠭᠰᠣᠭᠰᠠᠨ ᠪᠠᠢᠬᠤ ᠳ᠋ᠤ᠌ ᠺᠠᠲ᠋ᠷ ᠴᠠᠭᠳᠠᠭ᠎ᠠ ᠨᠠᠷ ᠡᠨᠡ ᠤᠳᠠᠭᠠᠨ ᠤ᠋ ᠬᠤᠪᠢᠰᠭᠠᠯ ᠤ᠋ᠨ ᠠᠶᠠᠨ ᠳ᠋ᠤ᠌ ᠪᠦᠬᠦ ᠲᠠᠯ᠎ᠠ ᠪᠠᠷ ᠂ ᠣᠯᠠᠨ ᠲᠠᠯ᠎ᠠ ᠠ᠋ᠴᠠ ᠬᠤᠪᠢᠰᠭᠠᠯᠲᠤ ᠲᠡᠦᠬᠡ ᠶ᠋ᠢᠨ ᠰᠤᠷᠭᠠᠨ ᠬᠥᠮᠦᠵᠢᠯ ᠪᠠ ᠦᠵᠡᠯ ᠰᠠᠨᠠᠭ᠎ᠠ ᠤᠯᠤᠰ ᠲᠥᠷᠥ ᠶ᠋ᠢᠨ ᠶᠣᠰᠣᠯᠠᠯ ᠢ᠋ ᠬᠦᠯᠢᠶᠡᠵᠡᠢ ᠃ ᠡᠨᠡ ᠬᠦ᠌ ᠣᠨᠴᠠᠯᠢᠭᠲᠤ ᠵᠢᠭᠠᠨ ᠰᠤᠷᠭᠠᠯᠲᠠ ᠶ᠋ᠢᠨ ᠪᠣᠯᠪᠠᠰᠣᠷᠠᠭᠤᠯᠤᠯ ᠤ᠋ᠨ ᠬᠡᠯᠪᠡᠷᠢ ᠪᠡᠷ ᠳᠠᠮᠵᠢᠭᠤᠯᠤᠨ ᠂ ᠰᠤᠷᠤᠭᠴᠢᠳ ᠨᠠᠮ ᠤ᠋ᠨ ᠲᠡᠰᠪᠦᠷᠢ ᠬᠠᠲᠠᠭᠤᠵᠢᠯᠲᠠᠢ ᠲᠡᠮᠡᠴᠡᠬᠦ ᠂ ᠥᠪᠡᠷ ᠦ᠋ᠨ ᠬᠦᠴᠦ ᠪᠡᠷ ᠢ᠋ᠶ᠋ᠡᠨ ᠳᠡᠭᠵᠢᠷᠡᠬᠦ ᠰᠢᠯᠢᠳᠡᠭ ᠤᠯᠠᠮᠵᠢᠯᠠᠯ ᠢ᠋ ᠤᠯᠠᠮ ᠨᠢᠭᠡ ᠠᠯᠬᠤᠮ ᠭᠦᠨᠵᠡᠭᠡᠢ ᠣᠢᠯᠠᠭᠠᠵᠤ ᠂ ᠨᠠᠮᠴᠢ ᠴᠢᠨᠠᠷ ᠤ᠋ᠨ ᠪᠣᠯᠪᠠᠰᠤᠷᠠᠯ ᠢ᠋ᠶ᠋ᠠᠨ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠶ᠋ᠢ ᠴᠢᠩᠭᠠᠳᠭᠠᠵᠤ ᠂ ᠬᠦᠰᠡᠯᠡᠩ ᠢᠲᠡᠭᠡᠯ ᠪᠢᠰᠢᠷᠡᠯ ᠢ᠋ ᠤᠯᠠᠮ ᠨᠢᠭᠡ ᠠᠯᠬᠤᠮ ᠪᠠᠲᠤᠳᠭᠠᠨ ᠂ ᠬᠠᠮᠲᠤ ᠶ᠋ᠢᠨ ᠦᠵᠡᠯ ᠂ ᠨᠢᠭᠡ ᠰᠡᠳᠭᠢᠯ ᠨᠢᠭᠡ ᠴᠢᠭᠯᠡᠯ ᠦ᠋ᠨ ᠴᠠᠭ ᠦᠶ᠎ᠡ ᠶ᠋ᠢᠨ ᠦᠨ᠎ᠡ ᠥᠷᠲᠡᠭ ᠢ᠋ ᠤᠬᠠᠵᠤ ᠮᠡᠳᠡᠵᠡᠢ᠃
ᠦᠨᠡᠯᠡᠬᠦ 0ᠦᠨᠡᠯᠡᠯᠲᠡ᠎ᠲᠠᠢ