ᠬᠤᠪᠢᠰᠭᠠᠯᠲᠤ ᠵᠣᠷᠢᠭ ᠰᠠᠨᠠᠭ᠎ᠠ ᠶ᠋ᠢ ᠪᠠᠳᠠᠷᠠᠭᠤᠯᠵᠤ ᠂ ᠨᠠᠮᠴᠢ ᠴᠢᠨᠠᠷ ᠤ᠋ᠨ ᠪᠣᠯᠪᠠᠰᠤᠷᠠᠯ ᠢ᠋ᠶ᠋ᠠᠨ ᠳᠠᠪᠲᠠᠨ ᠪᠣᠯᠪᠠᠰᠤᠷᠠᠭᠤᠯᠤᠶ᠎ᠠ — ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠪᠣᠷᠣᠪᠠᠯᠭᠠᠰᠤ ᠶ᠋ᠢᠨ ᠦᠨᠳᠦᠰᠦᠲᠡᠨ ᠦ᠌ ᠺᠠᠲᠷᠴᠤᠳ ᠤ᠋ᠨ ᠳᠡᠭᠡᠳᠦ ᠰᠤᠷᠭᠠᠭᠤᠯᠢ ᠳ᠋ᠤ᠌ ᠨᠠᠮ ᠤ᠋ᠨ ᠭᠡᠰᠢᠭᠦᠨ ᠦ᠌ ᠪᠣᠯᠪᠠᠰᠤᠷᠠᠯ
2020.09.03 ᠲᠣᠰ ᠥᠷᠲᠡᠭᠡᠨ᠎ᠦ ᠨᠠᠢᠷᠠᠭᠤᠯᠤᠭᠴᠢ

7 ᠰᠠᠷ᠎ᠠ ᠶ᠋ᠢᠨ 19 ᠦ᠌ ᠡᠳᠦᠷ ᠂ ᠬᠠᠩᠭᠢᠨᠠᠮ᠎ᠠ ᠰᠠᠢᠬᠠᠨ ᠤᠯᠤᠰ ᠤ᠋ᠨ ᠳᠠᠭᠤᠤ ᠶ᠋ᠢᠨ ᠳᠠᠭᠤᠨ ᠤ᠋ ᠳᠤᠮᠳᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ  ᠰᠢᠭᠦᠬᠦ ᠬᠣᠷᠢᠶᠠᠨ ᠤ᠋ 《   ᠬᠤᠪᠢᠰᠭᠠᠯᠲᠤ ᠵᠣᠷᠢᠭ ᠰᠠᠨᠠᠭ᠎ᠠ ᠶ᠋ᠢ ᠪᠠᠳᠠᠷᠠᠭᠤᠯᠵᠤ ᠨᠠᠮᠴᠢ ᠴᠢᠨᠠᠷ ᠢ᠋ ᠳᠠᠪᠲᠠᠨ ᠪᠣᠯᠪᠠᠰᠤᠷᠠᠭᠤᠯᠬᠤ  》 ᠨᠠᠮ ᠤ᠋ᠨ ᠭᠡᠰᠢᠭᠦᠨ ᠦ᠌ ᠪᠣᠯᠪᠠᠰᠤᠷᠠᠯ ᠤ᠋ᠨ ᠠᠩᠭᠢ ᠬᠣᠲᠠ ᠶ᠋ᠢᠨ ᠴᠸᠩᠴᠤᠸᠠᠨ  ᠦᠨᠳᠦᠰᠦᠲᠡᠨ ᠤ᠋ ᠺᠠᠲ᠋ᠷ ᠤ᠋ᠨ ᠳᠡᠭᠡᠳᠦ ᠰᠤᠷᠭᠠᠭᠤᠯᠢ ᠳ᠋ᠤ᠌ ᠬᠢᠴᠢᠶᠡᠯ ᠡᠬᠢᠯᠡᠵᠦ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠪᠠᠢ ᠯᠠᠨ ᠵᠣ᠌ ᠂ ᠬᠣᠲᠠ ᠶ᠋ᠢᠨ ᠴᠸᠩᠴᠤᠸᠠᠨ ᠦᠨᠳᠦᠰᠦᠲᠡᠨ ᠦ᠌ ᠺᠠᠲ᠋ᠷ ᠤ᠋ᠨ ᠳᠡᠭᠡᠳᠦ ᠰᠤᠷᠭᠠᠭᠤᠯᠢ ᠶ᠋ᠢᠨ ᠳᠡᠳ᠋ ᠵᠠᠬᠢᠷᠤᠯ ᠪᠣᠯᠵᠠᠢ ᠃

 ᠯᠢᠦ ᠱᠤ᠌ ᠴᠢᠤᠸᠠᠨ ᠠᠩᠭᠢ ᠡᠬᠢᠯᠡᠬᠦ ᠶᠣᠰᠣᠯᠠᠯ ᠳᠡᠭᠡᠷ᠎ᠡ ᠡᠨᠡ ᠬᠦ᠌ ᠬᠤᠪᠢᠰᠭᠠᠯ ᠤ᠋ᠨ ᠬᠠᠯᠠᠭᠤᠨ ᠭᠠᠵᠠᠷ ᠤ᠋ᠨ ᠬᠥᠭᠵᠢᠯᠲᠡ ᠶ᠋ᠢᠨ ᠲᠡᠦᠬᠡ ᠵᠢᠴᠢ ᠲᠡᠭᠦᠨ ᠦ᠌ ᠴᠢᠬᠤᠯᠠ ᠲᠡᠦᠬᠡᠨ ᠬᠤᠪᠢ ᠨᠡᠮᠡᠷᠢ ᠶ᠋ᠢ ᠥᠭᠦᠯᠡᠵᠦ ᠂ ᠪᠣᠷᠣᠪᠠᠯᠭᠠᠰᠤ ᠶ᠋ᠢᠨ ᠦᠨᠳᠦᠰᠦᠲᠡᠨ ᠦ᠌ ᠺᠠᠲᠷᠴᠤᠳ ᠤ᠋ᠨ ᠳᠡᠭᠡᠳᠦ ᠰᠤᠷᠭᠠᠭᠤᠯᠢ ᠶ᠋ᠢᠨ ᠰᠤᠷᠭᠠᠭᠤᠯᠢ ᠡᠷᠬᠢᠯᠡᠭᠰᠡᠨ ᠭᠤᠷᠪᠠᠨ ᠵᠢᠯ ᠦ᠋ᠨ ᠲᠣᠷᠰᠢᠬᠢ ᠬᠢᠷᠢ ᠪᠦᠲᠦᠮᠵᠢ ᠶ᠋ᠢ ᠲᠠᠨᠢᠯᠴᠠᠭᠤᠯᠵᠤ ᠂ ᠰᠤᠷᠤᠭᠴᠢᠳ ᠤ᠋ᠨ ᠪᠣᠷᠣᠪᠠᠯᠭᠠᠰᠤ ᠶ᠋ᠢᠨ ᠦᠨᠳᠦᠰᠦᠲᠡᠨ ᠦ᠌ ᠺᠠᠲᠷᠴᠤᠳ ᠤ᠋ᠨ ᠳᠡᠭᠡᠳᠦ ᠰᠤᠷᠭᠠᠭᠤᠯᠢ ᠳ᠋ᠤ᠌ ᠬᠦᠷᠴᠦ ᠪᠣᠳᠠᠲᠠᠢ ᠶᠠᠭᠤ ᠰᠤᠷᠬᠤ ᠂ ᠶᠠᠭᠠᠬᠢᠵᠤ ᠰᠤᠷᠤᠯᠴᠠᠬᠤ ᠶ᠋ᠢ ᠨᠠᠷᠢᠨ ᠲᠣᠳᠣᠷᠬᠠᠢ ᠲᠠᠢᠯᠪᠤᠷᠢᠯᠠᠵᠠᠢ ᠃

 ᠪᠠᠢ ᠯᠠᠨ ᠵᠣ᠌ ᠠᠩᠭᠢ ᠡᠬᠢᠯᠡᠬᠦ ᠶᠣᠰᠣᠯᠠᠯ ᠳᠡᠭᠡᠷ᠎ᠡ ᠳᠠᠢᠴᠢᠯᠠᠯᠲᠠ ᠶ᠋ᠢᠨ ᠶᠠᠷᠢᠶ᠎ᠠ ᠲᠠᠯᠪᠢᠵᠠᠢ ᠂ ᠲᠡᠷᠡ ᠵᠢᠭᠠᠵᠤ ᠭᠠᠷᠭᠠᠭᠰᠠᠨ ᠨᠢ ᠂ ᠲᠤᠰ ᠤᠳᠠᠭᠠᠨ ᠤ᠋ ᠬᠥᠮᠦᠵᠢᠯ ᠪᠣᠯᠪᠠᠰᠤᠷᠠᠯ ᠨᠢ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳᠦᠪᠲᠦ ᠬᠥᠮᠦᠵᠢᠯ ᠂《   ᠬᠣᠶᠠᠷ ᠢ᠋ ᠪᠠᠷᠢᠮᠲᠠᠯᠠᠬᠤ  》 ᠲᠤᠰᠭᠠᠢ ᠰᠡᠳᠦᠪᠲᠦ ᠬᠥᠮᠦᠵᠢᠯ ᠵᠢᠴᠢ 《  ᠴᠢᠩᠭ᠎ᠠ ᠴᠡᠭᠴᠡᠯᠡᠨ ᠥᠭᠡᠷᠡᠴᠢᠯᠡᠬᠦ ᠂  ᠳᠡᠭᠡᠭᠰᠢᠯᠡᠭᠦᠯᠬᠦ ᠶ᠋ᠢ ᠠᠬᠢᠭᠤᠯᠬᠤ ᠂ ᠳᠦᠷᠢ ᠲᠥᠷᠬᠦ ᠶ᠋ᠢ ᠪᠣᠢ ᠪᠣᠯᠭᠠᠬᠤ 》 ᠰᠠᠬᠢᠯᠭ᠎ᠠ ᠪᠠᠲᠤ ᠣᠪᠣᠷ ᠰᠤᠷᠲᠠᠯ ᠤ᠋ᠨ ᠬᠥᠮᠦᠵᠢᠯ ᠴᠡᠭᠴᠡᠯᠡᠯᠲᠡ ᠶ᠋ᠢᠨ ᠠᠵᠢᠯ ᠢ᠋ ᠦᠷᠭᠦᠯᠵᠢᠯᠡᠨ ᠭᠦᠨᠵᠡᠭᠡᠢ ᠥᠷᠨᠢᠭᠦᠯᠬᠦ ᠶ᠋ᠢᠨ ᠲᠥᠯᠥᠭᠡ ᠂ ᠨᠠᠮ ᠤ᠋ᠨ ᠪᠠᠢᠭᠤᠯᠤᠯᠲᠠ ᠶ᠋ᠢᠨ ᠬᠥᠲᠥᠯᠦᠨ ᠳᠠᠭᠠᠭᠤᠯᠬᠤ ᠦᠢᠯᠡᠳᠦᠯ ᠢ᠋ ᠨᠡᠩ ᠰᠠᠢᠲᠤᠷ ᠪᠠᠳᠠᠷᠠᠭᠤᠯᠪᠠ ᠃ ᠪᠦᠬᠦ ᠰᠤᠷᠤᠭᠴᠢᠳ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠪᠣᠯᠪᠠᠰᠤᠷᠠᠭᠤᠯᠬᠤ ᠲᠣᠬᠢᠶᠠᠯ ᠢ᠋ ᠨᠠᠨᠳᠢᠩᠨᠠᠨ ᠂ ᠲᠤᠰ ᠤᠳᠠᠭᠠᠨ ᠤ᠋ ᠠᠵᠢᠯᠯᠠᠭ᠎ᠠ ᠪᠠᠷ ᠲᠣᠬᠢᠶᠠᠯ ᠪᠣᠯᠭᠠᠵᠤ ᠂ ᠨᠠᠮ ᠤ᠋ᠨ  ᠭᠡᠰᠢᠭᠦᠳ ᠦ᠋ᠨ ᠵᠢᠱ᠌ᠢᠶᠡᠴᠢ ᠳᠠᠭᠠᠭᠤᠯᠬᠤ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠲᠥᠪ ᠴᠢᠩᠭ᠎ᠠ ᠪᠣᠯᠭᠠᠬᠤ ᠶᠠᠪᠤᠳᠠᠯ ᠢ᠋ ᠥᠷᠭᠡᠨ ᠣᠯᠠᠨ ᠨᠠᠮ ᠤ᠋ᠨ  ᠭᠡᠰᠢᠭᠦᠨ ᠺᠠᠲ᠋ᠷ ᠴᠠᠭᠳᠠᠭ᠎ᠠ ᠶ᠋ᠢᠨ ᠨᠠᠮᠴᠢ ᠴᠢᠨᠠᠷ ᠢ᠋ ᠳᠠᠪᠲᠠᠨ ᠪᠣᠯᠪᠠᠰᠤᠷᠠᠭᠤᠯᠬᠤ ᠂ ᠣᠪᠣᠷ ᠰᠤᠷᠲᠠᠯ ᠢ᠋ ᠰᠠᠢᠵᠢᠷᠠᠭᠤᠯᠬᠤ ᠬᠦᠴᠦᠲᠡᠢ ᠠᠳᠭᠤᠴᠠ ᠪᠣᠯᠭᠠᠵᠤ ᠂ ᠢᠲᠡᠭᠡᠯ ᠵᠣᠷᠢᠭ ᠪᠠᠲᠤ ᠪᠡᠬᠢ ᠂ ᠤᠯᠤᠰ ᠲᠥᠷᠥ ᠬᠠᠲᠠᠭᠤ ᠂ ᠬᠠᠷᠢᠭᠤᠴᠠᠯᠭ᠎ᠠ ᠬᠠᠲᠠᠭᠤ ᠂ ᠴᠢᠳᠠᠪᠤᠷᠢ ᠴᠢᠩᠭ᠎ᠠ ᠂ ᠣᠪᠣᠷ ᠰᠤᠷᠲᠠᠯ ᠠᠷᠢᠭᠤᠨ ᠴᠢᠬᠡᠴᠢ ᠪᠠᠢᠬᠤ ᠬᠡᠷᠡᠭᠲᠡᠢ ᠃

 ᠠᠩᠭᠢ ᠡᠬᠢᠯᠡᠬᠦ ᠶᠣᠰᠣᠯᠠᠯ ᠤ᠋ᠨ ᠳᠠᠷᠠᠭ᠎ᠠ ᠂ ᠪᠦᠬᠦ ᠰᠤᠷᠤᠭᠴᠢᠳ ᠶᠠᠨ ᠠᠨ ᠤ᠋ ᠦᠨᠳᠦᠰᠦᠲᠡᠨ ᠦ᠌ ᠳᠡᠭᠡᠳᠦ ᠰᠤᠷᠭᠠᠭᠤᠯᠢ ᠶ᠋ᠢᠨ ᠪᠣᠷᠣᠪᠠᠯᠭᠠᠰᠤ ᠶ᠋ᠢᠨ ᠳᠤᠷᠠᠰᠭᠠᠯ ᠤ᠋ᠨ ᠣᠷᠳᠣᠨ ᠂ ᠦᠨᠳᠦᠰᠦᠲᠡᠨ ᠦ᠌ ᠳᠡᠭᠡᠳᠦ ᠰᠤᠷᠭᠠᠭᠤᠯᠢ ᠶ᠋ᠢᠨ ᠤᠭ ᠵᠣᠷᠢᠯᠭ᠎ᠠ ᠪᠠᠨ ᠰᠡᠷᠭᠦᠭᠡᠭᠰᠡᠨ ᠬᠢᠴᠢᠶᠡᠯ ᠦ᠋ᠨ ᠭᠡᠷ ᠂ ᠸᠠᠩ ᠵᠧᠨ ᠵᠢᠩ ᠦ᠋ᠨ ᠳᠤᠷᠠᠰᠭᠠᠯ ᠤ᠋ᠨ ᠬᠦᠷᠢᠶᠡᠯᠡᠩ ᠂ ᠶᠠᠩ ᠽᠣᠤ ᠴᠦᠨ ᠭᠤᠷᠪᠠᠨ ᠲᠠᠯ᠎ᠠ ᠶ᠋ᠢᠨ ᠮᠠᠯᠵᠢᠯ ᠤ᠋ᠨ ᠲᠠᠯᠠᠪᠠᠢ ᠶ᠋ᠢᠨ ᠳᠡᠯᠭᠡᠨ ᠦᠵᠡᠭᠦᠯᠬᠦ ᠣᠷᠳᠣᠨ ᠵᠡᠷᠭᠡ ᠭᠠᠵᠠᠷ ᠲᠤ᠌ ᠲᠤᠬᠠᠢ ᠶ᠋ᠢᠨ ᠲᠠᠯᠠᠪᠤᠷ ᠤ᠋ᠨ ᠵᠢᠭᠠᠨ ᠰᠤᠷᠭᠠᠯᠲᠠ ᠂ ᠪᠡᠶ᠎ᠡ ᠪᠡᠷ ᠢ᠋ᠶ᠋ᠡᠨ ᠣᠢᠯᠠᠭᠠᠬᠤ ᠬᠡᠯᠪᠡᠷᠢ ᠶ᠋ᠢᠨ ᠵᠢᠭᠠᠨ ᠰᠤᠷᠭᠠᠯᠲᠠ ᠵᠡᠷᠭᠡ ᠣᠯᠠᠨ ᠵᠦᠢᠯ ᠦ᠋ᠨ ᠵᠢᠭᠠᠨ ᠰᠤᠷᠭᠠᠯᠲᠠ ᠶ᠋ᠢᠨ ᠬᠡᠯᠪᠡᠷᠢ ᠪᠡᠷ ᠳᠠᠮᠵᠢᠭᠤᠯᠵᠤ ᠂ ᠠᠬᠠᠮᠠᠳ ᠨᠢᠭᠡ ᠦᠶ᠎ᠡ ᠶ᠋ᠢᠨ  ᠦᠭᠡᠢᠭᠦᠦ ᠠᠩᠭᠢ ᠶ᠋ᠢᠨ ᠬᠤᠪᠢᠰᠭᠠᠯᠴᠢᠳ ᠢ᠋ ᠪᠡᠶ᠎ᠡ ᠪᠡᠷ ᠢ᠋ᠶ᠋ᠡᠨ ᠤᠬᠠᠭᠠᠷᠠᠨ ᠤᠬᠠᠭᠠᠷᠠᠭᠤᠯᠵᠤ ᠂ ᠲᠤᠬᠠᠢ ᠶ᠋ᠢᠨ ᠵᠢᠯ ᠦ᠋ᠨ ᠬᠠᠲᠠᠭᠤᠵᠢᠯᠲᠠᠢ  ᠰᠢᠷᠭᠠᠭᠠᠭᠰᠠᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ ᠃
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )