ᠣᠷᠳᠣᠰ ᠬᠣᠲᠠ ᠶ᠋ᠢᠨ 《 ᠰᠢᠭᠦᠬᠦ ᠬᠣᠷᠢᠶ᠎ᠠ + ᠠᠵᠢᠯᠴᠢᠨ ᠤ᠋ ᠡᠪᠯᠡᠯ 》 ᠬᠥᠳᠡᠯᠮᠦᠷᠢ ᠶ᠋ᠢᠨ ᠮᠠᠷᠭᠤᠯᠳᠤᠭᠠᠨ ᠤ᠋ ᠵᠠᠷᠭᠤ ᠶ᠋ᠢ ᠡᠶᠡᠳᠡᠭᠦᠯᠬᠦ ᠠᠵᠢᠯ ᠪᠦᠬᠦ ᠲᠠᠯ᠎ᠠ ᠪᠠᠷ ᠡᠬᠢᠯᠡᠪᠡ
2020.09.04 ᠲᠣᠰ ᠥᠷᠲᠡᠭᠡᠨ ᠦ ᠨᠠᠢᠷᠠᠭᠤᠯᠤᠭᠴᠢ

 ᠶᠡᠷᠦᠩᠬᠡᠢ ᠱᠦᠵᠢ  ᠰᠢ ᠵᠢᠨ ᠫᠢᠩ ᠦ᠋ᠨ 《ᠵᠠᠷᠭᠤ ᠶ᠋ᠢᠨ ᠪᠤᠰᠤ ᠵᠢᠭᠤᠷᠠᠯᠳᠤᠭᠠᠨ ᠢ᠋ ᠰᠢᠢᠳᠪᠦᠷᠢᠯᠡᠬᠦ ᠲᠣᠭᠲᠠᠴᠠ ᠶ᠋ᠢ ᠲᠡᠷᠢᠭᠦᠨ ᠳ᠋ᠦ᠍ ᠲᠠᠯᠪᠢᠬᠤ ᠶ᠋ᠢ ᠪᠠᠷᠢᠮᠲᠠᠯᠠᠬᠤ》 ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠭᠤᠰᠢᠯᠠᠭᠤᠯᠵᠤ ᠂ ᠪᠥᠬᠥ ᠬᠣᠲᠠ ᠶ᠋ᠢᠨ ᠬᠥᠳᠡᠯᠮᠦᠷᠢ ᠶ᠋ᠢᠨ ᠵᠢᠭᠤᠷᠠᠯᠳᠤᠭᠠᠨ ᠢ᠋ ᠣᠯᠠᠨ ᠡᠰᠢᠵᠢᠭᠦᠯᠦ ᠰᠢᠢᠳᠪᠦᠷᠢᠯᠡᠬᠦ ᠲᠣᠭᠲᠠᠴᠠ ᠶ᠋ᠢᠨ ᠪᠠᠢᠭᠤᠯᠤᠯᠲᠠ ᠶ᠋ᠢ ᠢᠳᠡᠪᠬᠢᠲᠡᠢ ᠠᠬᠢᠭᠤᠯᠬᠤ ᠶ᠋ᠢᠨ ᠲᠥᠯᠥᠭᠡ ᠃《 ᠵᠠᠷᠭᠤ》  ᠶ᠋ᠢᠨ ᠡᠷᠬᠡ᠎ ᠰᠦᠷᠲᠦ ᠴᠢᠨᠠᠷ ᠂ ᠵᠢᠷᠣᠮᠵᠢᠭᠣᠯᠬᠣ ᠴᠢᠨᠠᠷ ᠪᠣᠯᠤᠨ《  ᠡᠶᠡᠳᠡᠭᠦᠯᠦᠯᠲᠡ》 ᠶ᠋ᠢᠨ ᠳᠥᠭᠥᠮ ᠴᠢᠨᠠᠷ ᠂ ᠡᠰᠡᠷᠭᠦᠴᠡᠯᠲᠦ ᠪᠤᠰᠤ ᠴᠢᠨᠠᠷ ᠢ᠋ ᠬᠠᠷᠢᠯᠴᠠᠨ ᠤᠶᠠᠯᠳᠤᠭᠤᠯᠵᠤ ᠂ ᠡᠣᠯᠠᠠ ᠳᠡᠰ ᠳᠠᠪᠬᠤᠷᠭ᠎ᠠ ᠂  ᠪᠦᠬᠦ ᠲᠠᠯ᠎ᠠ ᠂ ᠪᠡᠶᠡᠲᠦ ᠬᠡᠯᠪᠡᠷᠢ  ᠪᠦᠬᠦᠢ  ᠵᠥᠷᠢᠴᠡᠯ ᠵᠢᠭᠤᠷᠠᠯᠳᠤᠭᠠᠨ ᠢ᠋  ᠰᠢᠢᠳᠪᠦᠷᠢᠯᠡᠬᠦ ᠲᠣᠭᠲᠠᠴᠠ ᠶ᠋ᠢ ᠪᠣᠢ ᠪᠣᠯᠭᠠᠵᠠᠢ ᠃《 ᠠᠷᠠᠳ ᠤ᠋ᠨ ᠳᠡᠭᠡᠳᠦ  ᠰᠢᠭᠦᠬᠦ ᠬᠣᠷᠢᠶ᠎ᠠ ᠂ ᠪᠦᠬᠦ ᠳᠤᠮᠳᠠᠳᠤ ᠶ᠋ᠢᠨ ᠠᠵᠢᠯᠴᠢᠨ ᠤ᠋ ᠶᠡᠷᠦᠩᠬᠡᠢ ᠡᠪᠯᠡᠯ ᠦ᠋ᠨ ᠬᠡᠰᠡᠭ ᠭᠠᠵᠠᠷ ᠣᠷᠣᠨ ᠳ᠋ᠤ᠌ ᠬᠥᠳᠡᠯᠮᠦᠷᠢ ᠶ᠋ᠢᠨ ᠮᠠᠷᠭᠤᠯᠳᠤᠭᠠᠨ ᠢ᠋ ᠣᠯᠠᠨ ᠡᠰᠢᠵᠢᠭᠦᠯᠦᠨ  ᠰᠢᠢᠳᠪᠦᠷᠢᠯᠡᠬᠦ  ᠲᠤᠷᠰᠢᠯᠲᠠ ᠶ᠋ᠢᠨ ᠠᠵᠢᠯ ᠢ᠋ ᠥᠷᠨᠢᠭᠦᠯᠬᠦ ᠲᠤᠬᠠᠢ ᠰᠠᠨᠠᠯ 》 ᠵᠢᠴᠢ 《 ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠥᠨᠳᠥᠷ ᠵᠡᠷᠭᠡ ᠶ᠋ᠢᠨ  ᠰᠢᠭᠦᠬᠦ ᠬᠣᠷᠢᠶ᠎ᠠ ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠢ ᠡᠪᠯᠡᠯ ᠦ᠋ᠨ ᠬᠥᠳᠡᠯᠮᠦᠷᠢ ᠶ᠋ᠢᠨ ᠮᠠᠷᠭᠤᠯᠳᠤᠭᠠᠨ ᠢ᠋ ᠵᠣᠬᠢᠴᠠᠭᠤᠯᠤᠨ ᠵᠣᠯᠭᠠᠭᠤᠯᠬᠤ ᠠᠵᠢᠯ ᠤ᠋ᠨ ᠲᠣᠭᠲᠠᠭᠠᠯ (  ᠲᠤᠷᠰᠢᠨ ᠬᠡᠷᠡᠭᠵᠢᠭᠦᠯᠬᠦ) 》  ᠶ᠋ᠢᠨ ᠪᠢᠴᠢᠭ ᠮᠠᠲ᠋ᠧᠷᠢᠶᠠᠯ ᠤ᠋ᠨ ᠵᠣᠷᠢᠭ ᠰᠠᠨᠠᠭ᠎ᠠ ᠶ᠋ᠢ ᠦᠨᠳᠦᠰᠦᠯᠡᠨ ᠂7 ᠰᠠᠷ᠎ᠠ ᠶ᠋ᠢᠨ 17 ᠤ᠋ ᠡᠳᠦᠷ ᠂ ᠣᠷᠳᠣᠰ ᠬᠣᠲᠠ ᠶ᠋ᠢᠨ 《  ᠰᠢᠭᠦᠬᠦ ᠬᠣᠷᠢᠶ᠎ᠠ + ᠠᠵᠢᠯᠴᠢᠨ ᠤ᠋ ᠡᠪᠯᠡᠯ 》  ᠦ᠋ᠨ ᠬᠥᠳᠡᠯᠮᠦᠷᠢ ᠶ᠋ᠢᠨ ᠮᠠᠷᠭᠤᠯᠳᠤᠭᠠᠨ ᠢ᠋ ᠡᠶᠡᠳᠡᠭᠦᠯᠬᠦ ᠠᠵᠢᠯ ᠤ᠋ᠨ  ᠲᠤᠷᠰᠢᠯᠲᠠ ᠶ᠋ᠢᠨ ᠭᠠᠵᠠᠷ ᠣᠷᠣᠨ ᠤ᠋ ᠶᠠᠷᠢᠯᠴᠠᠬᠤ ᠬᠤᠷᠠᠯ ᠬᠢᠶ᠎ᠡ  ᠪᠠᠭᠰᠢ ᠳ᠋ᠤ᠌ ᠬᠤᠷᠠᠯᠳᠤᠪᠠ ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠳᠡᠳ᠋ ᠳᠠᠷᠤᠭ᠎ᠠ ᠯᠢ ᠮᠧᠢ ᠷᠦᠩ ᠂ ᠬᠣᠲᠠ ᠶ᠋ᠢᠨ ᠠᠵᠢᠯᠴᠢᠨ ᠤ᠋ ᠶᠡᠷᠦᠩᠬᠡᠢ ᠡᠪᠯᠡᠯ ᠦ᠋ᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠲᠡᠷᠢᠭᠦᠯᠡᠭᠴᠢ ᠦ᠋ ᠮᠢᠩ ᠬᠠᠢ ᠬᠤᠷᠠᠯ ᠳ᠋ᠤ᠌ ᠣᠷᠣᠯᠴᠠᠵᠤ ᠶᠠᠷᠢᠶ᠎ᠠ ᠲᠠᠯᠪᠢᠵᠠᠢ ᠃ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠂ ᠬᠣᠲᠠ ᠶ᠋ᠢᠨ ᠠᠵᠢᠯᠴᠢᠨ ᠤ᠋ ᠶᠡᠷᠦᠩᠬᠡᠢ ᠡᠪᠯᠡᠯ ᠦ᠋ᠨ ᠬᠠᠮᠢᠶ᠎ᠠ ᠪᠥᠬᠥᠢ ᠬᠠᠷᠢᠭᠤᠴᠠᠯᠭᠠᠲᠠᠨ ᠂ ᠡᠯ᠎ᠡ  ᠲᠤᠷᠰᠢᠯᠲᠠ ᠶ᠋ᠢᠨ  ᠬᠣᠰᠢᠭᠤ ᠲᠣᠭᠣᠷᠢᠭ ᠤ᠋ᠨ ᠠᠷᠠᠳ ᠤ᠋ᠨ  ᠰᠢᠭᠦᠬᠦ ᠬᠣᠷᠢᠶ᠎ᠠ ᠂ ᠠᠵᠢᠯᠴᠢᠨ ᠤ᠋ ᠶᠡᠷᠦᠩᠬᠡᠢ ᠡᠪᠯᠡᠯ ᠦ᠋ᠨ ᠬᠤᠪᠢᠳᠠᠨ ᠬᠠᠮᠢᠶᠠᠷᠴᠤ ᠪᠠᠢᠭ᠎ᠠ ᠤᠳᠤᠷᠢᠳᠤᠯᠭ᠎ᠠ ᠂ ᠡᠶᠡᠳᠡᠭᠦᠯᠦᠭᠴᠢ 40 ᠭᠠᠷᠤᠢ ᠬᠥᠮᠦᠨ ᠬᠤᠷᠠᠯ ᠳ᠋ᠤ᠌ ᠣᠷᠣᠯᠴᠠᠪᠠ ᠃

  ᠯᠢ ᠮᠧᠢ ᠷᠦᠩ ᠵᠢᠭᠠᠵᠤ ᠭᠠᠷᠭᠠᠭᠰᠠᠨ ᠨᠢ ᠂ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠨᠢ ᠬᠥᠳᠡᠯᠮᠦᠷᠢᠴᠢᠨ ᠦ᠌ ᠬᠠᠮᠤᠭ ᠤ᠋ᠨ ᠠᠮᠢ ᠪᠡᠶ᠎ᠡ ᠶ᠋ᠢᠨ  ᠠᠰᠢᠭ ᠲᠤᠰᠠ ᠲᠠᠢ ᠬᠣᠯᠪᠣᠭᠳᠠᠵᠤ ᠂ ᠬᠥᠳᠡᠯᠮᠦᠷᠢ ᠪᠠ ᠴᠠᠯᠢᠩ ᠤ᠋ᠨ ᠬᠣᠶᠠᠷ ᠲᠠᠯ᠎ᠠ ᠶ᠋ᠢᠨ ᠵᠥᠷᠢᠴᠡᠯ ᠮᠥᠷᠭᠥᠯᠳᠦᠭᠡᠨ ᠶᠡᠬᠡ ᠪᠠᠢᠵᠤ ᠂ ᠶᠡᠷᠦ ᠡᠴᠡ  ᠰᠢᠭᠦᠨ ᠲᠠᠰᠤᠯᠬᠤ ᠦᠢᠯᠡᠳᠦᠯᠭᠡ ᠶ᠋ᠢᠨ ᠳᠤᠮᠳᠠ ᠬᠡᠯᠡᠯᠴᠡᠭᠡᠨ ᠶᠡᠬᠡᠲᠡᠢ ᠪᠡᠷᠬᠡ  ᠲᠦᠪᠡᠭᠰᠢᠶᠡᠯ ᠢ᠋  ᠰᠢᠢᠳᠪᠦᠷᠢᠯᠡᠵᠦ ᠂ 《 ᠬᠣᠶᠠᠷ ᠳᠣᠣᠷ᠎ᠠ ᠨᠢᠭᠡ ᠥᠨᠳᠥᠷ 》  ᠤ᠋ᠨ ᠢᠯᠡᠳᠲᠡ ᠣᠨᠴᠠᠯᠢᠭ ᠢᠯᠡᠷᠡᠵᠦ ᠂ 《  ᠰᠢᠭᠦᠬᠦ ᠬᠣᠷᠢᠶ᠎ᠠ + ᠠᠵᠢᠯᠴᠢᠨ ᠤ᠋ ᠡᠪᠯᠡᠯ 》  ᠦ᠋ᠨ ᠬᠥᠳᠡᠯᠮᠦᠷᠢ ᠶ᠋ᠢᠨ ᠮᠠᠷᠭᠤᠯᠳᠤᠭᠠᠨ ᠢ᠋ ᠵᠣᠬᠢᠴᠠᠭᠤᠯᠤᠨ ᠵᠣᠯᠭᠠᠯᠳᠣᠭᠤᠯᠬᠤ ᠠᠵᠢᠯ ᠤ᠋ᠨ ᠲᠠᠰᠤᠭ ᠪᠠᠢᠭᠤᠯᠵᠤ ᠂ ᠠᠵᠢᠯᠴᠢᠨ ᠤ᠋ ᠡᠪᠯᠡᠯ ᠪᠣᠯᠤᠨ  ᠰᠢᠭᠦᠬᠦ ᠬᠣᠷᠢᠶᠠᠨ ᠤ᠋ ᠨᠡᠪᠲᠡᠷᠡᠯᠴᠡᠭᠡ ᠬᠠᠷᠢᠯᠴᠠᠭ᠎ᠠ ᠶ᠋ᠢ ᠴᠢᠩᠭᠠᠳᠭᠠᠬᠤ ᠳ᠋ᠤ᠌  ᠠᠰᠢᠭᠲᠠᠢ ᠶᠤᠮ ᠃ ᠡᠯ᠎ᠡ ᠲᠤᠷᠱᠢᠯᠲᠠ ᠶ᠋ᠢᠨ  ᠬᠣᠰᠢᠭᠤ ᠲᠣᠭᠣᠷᠢᠭ ᠤ᠋ᠨ  ᠰᠢᠭᠦᠬᠦ ᠬᠣᠷᠢᠶ᠎ᠠ ᠪᠣᠯᠤᠨ ᠠᠵᠢᠯᠴᠢᠨ ᠤ᠋ ᠶᠡᠷᠦᠩᠬᠡᠢ ᠡᠪᠯᠡᠯ ᠨᠢ ᠦᠵᠡᠯ ᠰᠠᠨᠠᠭ᠎ᠠ ᠪᠠᠨ ᠨᠢᠭᠡᠳᠭᠡᠨ ᠂ ᠰᠠᠨᠠᠭᠠᠴᠢᠯᠠᠭ᠎ᠠ ᠠ᠋ᠴᠠ ᠪᠠᠨ ᠵᠥᠪᠳᠡᠯᠴᠡᠨ ᠂ ᠵᠣᠯᠭᠠᠭᠤᠯᠬᠤ ᠶ᠋ᠢ ᠴᠢᠩᠭᠠᠳᠭᠠᠵᠤ ᠂ ᠨᠡᠢᠯᠡᠮᠡᠯ ᠬᠦᠴᠦᠨ ᠢ᠋ ᠪᠦᠷᠢᠯᠳᠦᠭᠦᠯᠦᠨ ᠂ ᠬᠠᠮᠲᠤᠷᠠᠭᠰᠠᠨ ᠬᠤᠷᠠᠯ ᠂ ᠮᠡᠳᠡᠭᠡ ᠵᠠᠩᠭᠢ ᠶ᠋ᠢᠨ ᠨᠡᠪᠲᠡᠷᠡᠯᠴᠡᠭᠡ ᠵᠡᠷᠭᠡ ᠳᠦᠷᠢᠮ ᠲᠣᠭᠲᠠᠴᠠ ᠶ᠋ᠢ ᠲᠦᠷᠭᠡᠬᠡᠨ ᠪᠠᠢᠭᠤᠯᠵᠤ ᠂ ᠡᠨᠡᠬᠦ ᠠᠵᠢᠯ ᠢ᠋ ᠡᠮᠬᠢ ᠵᠢᠷᠤᠮ ᠲᠠᠢ ᠠᠬᠢᠭᠤᠯᠬᠤ ᠶ᠋ᠢᠨ ᠬᠠᠮᠲᠤ ᠰᠠᠢᠨ ᠰᠠᠢᠬᠠᠨ ᠦᠷ᠎ᠡ ᠪᠦᠲᠦᠮᠵᠢ ᠣᠯᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃

 ᠡᠦ ᠮᠢᠩ ᠬᠠᠢ ᠵᠢᠭᠠᠵᠤ ᠭᠠᠷᠭᠠᠭᠰᠠᠨ ᠨᠢ ᠂ 《 ᠰᠢᠭᠦᠬᠦ ᠬᠣᠷᠢᠶ᠎ᠠ + ᠠᠵᠢᠯᠴᠢᠨ ᠤ᠋ ᠡᠪᠯᠡᠯ 》  ᠦ᠋ᠨ ᠬᠥᠳᠡᠯᠮᠦᠷᠢ ᠶ᠋ᠢᠨ ᠮᠠᠷᠭᠤᠯᠳᠤᠭᠠᠨ ᠢ᠋ ᠵᠣᠬᠢᠴᠠᠭᠤᠯᠤᠨ ᠲᠣᠬᠢᠷᠠᠭᠤᠯᠬᠤ ᠠᠵᠢᠯ ᠤ᠋ᠨ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠬᠦ ᠨᠢ ᠂ ᠶᠡᠷᠦᠩᠬᠡᠢ ᠱᠦᠵᠢ  ᠰᠢ ᠵᠢᠨ ᠫᠢᠩ ᠦ᠋ᠨ 《 ᠵᠠᠷᠭᠤ ᠶ᠋ᠢᠨ ᠪᠤᠰᠤ ᠵᠢᠭᠤᠷᠠᠯᠳᠤᠭᠠᠨ ᠢ᠋  ᠰᠢᠢᠳᠪᠦᠷᠢᠯᠡᠬᠦ ᠲᠣᠭᠲᠠᠴᠠ ᠶ᠋ᠢ ᠡᠮᠦᠨ᠎ᠡ ᠲᠠᠯ᠎ᠠ ᠳ᠋ᠤ᠌ ᠲᠠᠯᠪᠢᠬᠤ 》 ᠴᠢᠬᠤᠯᠠ ᠥᠭᠦᠯᠡᠯᠲᠡ ᠶ᠋ᠢ ᠭᠦᠨᠵᠡᠭᠡᠢ  ᠲᠤᠭᠤᠰᠢᠯᠠᠭᠤᠯᠬᠤ ᠶ᠋ᠢᠨ ᠪᠣᠳᠠᠲᠠᠢ ᠠᠷᠭ᠎ᠠ ᠬᠡᠮᠵᠢᠶ᠎ᠡ ᠮᠥᠨ ᠂  ᠰᠢᠨ᠎ᠡ ᠴᠠᠭ ᠦᠶ᠎ᠡ ᠶ᠋ᠢᠨ ᠠᠵᠢᠯᠴᠢᠨ ᠤ᠋ ᠡᠪᠯᠡᠯ ᠠᠵᠢᠯᠲᠠᠨ ᠠᠵᠢᠯᠴᠢᠨ ᠤ᠋ ᠬᠠᠤᠯᠢ ᠶᠣᠰᠣᠨ ᠤ᠋ ᠡᠷᠬᠡ  ᠠᠰᠢᠭ ᠢ᠋ ᠬᠠᠮᠠᠭᠠᠯᠠᠬᠤ ᠂ ᠠᠵᠢᠯᠲᠠᠨ ᠠᠵᠢᠯᠴᠢᠨ ᠲᠦᠮᠡᠨ ᠳ᠋ᠦ᠍ ᠦᠨᠡᠨᠴᠢ ᠪᠡᠷ ᠦᠢᠯᠡᠴᠢᠯᠡᠬᠦ ᠮᠠᠶᠢᠭ ᠤ᠋ᠨ ᠭᠠᠷᠳᠠᠨ ᠬᠢᠬᠦ ᠴᠡᠭ ᠪᠠ ᠬᠦᠴᠦᠯᠡᠬᠦ ᠴᠡᠭ ᠮᠥᠨ ᠃ ᠲᠡᠷᠡ ᠱᠠᠭᠠᠷᠳᠠᠭᠰᠠᠨ ᠨᠢ ᠂ ᠪᠥᠬᠥ ᠬᠣᠲᠠ ᠶ᠋ᠢᠨ ᠡᠯ᠎ᠡ ᠱᠠᠲᠤᠨ ᠤ᠋ ᠠᠵᠢᠯᠴᠢᠨ ᠤ᠋ ᠡᠪᠯᠡᠯ ᠨᠢ ᠤᠯᠤᠰ ᠲᠥᠷᠥ ᠶ᠋ᠢᠨ ᠵᠣᠭᠰᠣᠴᠠ ᠪᠠᠨ  ᠳᠡᠭᠡᠭᠰᠢᠯᠡᠭᠦᠯᠵᠦ ᠂ ᠬᠥᠳᠡᠯᠮᠦᠷᠢ ᠶ᠋ᠢᠨ ᠮᠠᠷᠭᠤᠯᠳᠤᠭᠠᠨ ᠢ᠋ ᠵᠣᠬᠢᠴᠠᠭᠤᠯᠤᠨ ᠲᠣᠬᠢᠷᠠᠭᠤᠯᠬᠤ ᠠᠵᠢᠯ ᠢ᠋ ᠲᠦᠯᠬᠢᠨ ᠠᠬᠢᠭᠤᠯᠬᠤ ᠬᠠᠷᠢᠭᠤᠴᠠᠯᠭ᠎ᠠ ᠡᠭᠦᠷᠭᠡ ᠪᠡᠨ ᠴᠢᠩᠭᠠᠳᠭᠠᠵᠤ ᠂ ᠠᠵᠢᠯᠴᠢᠨ ᠤ᠋ ᠡᠪᠯᠡᠯ ᠦ᠋ᠨ ᠡᠷᠬᠡ ᠪᠡᠨ ᠬᠠᠮᠠᠭᠠᠯᠠᠬᠤ ᠪᠣᠳᠠᠲᠤ ᠦᠷ᠎ᠡ ᠪᠦᠲᠦᠮᠵᠢ ᠶ᠋ᠢ ᠦᠨᠡᠨᠬᠦ  ᠳᠡᠭᠡᠭᠰᠢᠯᠡᠭᠦᠯᠬᠦ ᠬᠡᠷᠡᠭᠲᠡᠢ ᠃ ᠠᠰᠠᠭᠤᠳᠠᠯ ᠤ᠋ᠨ ᠤᠳᠤᠷᠢᠳᠤᠮᠵᠢ ᠶ᠋ᠢ ᠪᠣᠢ ᠪᠣᠯᠭᠠᠵᠤ ᠂ ᠬᠥᠳᠡᠯᠮᠦᠷᠢ ᠶ᠋ᠢᠨ ᠮᠠᠷᠭᠤᠯᠳᠤᠭᠠᠨ ᠤ᠋ ᠵᠠᠷᠭᠤ ᠶ᠋ᠢ ᠲᠣᠬᠢᠷᠠᠭᠤᠯᠤᠨ ᠰᠢᠯᠵᠢᠭᠦᠯᠬᠦ ᠠᠵᠢᠯ ᠢ᠋ ᠲᠦᠯᠬᠢᠨ ᠠᠬᠢᠭᠤᠯᠬᠤ  ᠬᠠᠨᠳᠤᠰᠢ ᠶ᠋ᠢᠨ ᠵᠢᠮ᠎ᠡ ᠶᠣᠰᠣ ᠶ᠋ᠢ ᠣᠨᠣᠪᠴᠢᠲᠠᠢ ᠡᠷᠢᠨ ᠣᠯᠵᠤ ᠂ ᠬᠥᠳᠡᠯᠮᠦᠷᠢ ᠶ᠋ᠢᠨ ᠬᠦᠷᠢᠶᠡᠨ ᠦ᠌ ᠤᠯᠤᠰ ᠲᠥᠷᠥ ᠶ᠋ᠢᠨ ᠠᠮᠤᠷ  ᠲᠦᠪᠰᠢᠨ ᠢ᠋ ᠪᠦᠬᠦ ᠬᠦᠴᠦᠨ ᠢ᠋ᠶ᠋ᠡᠷ ᠢ᠋ᠶ᠋ᠡᠨ ᠬᠠᠮᠠᠭᠠᠯᠠᠬᠤ ᠬᠡᠷᠡᠭᠲᠡᠢ ᠃ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠴᠢᠩᠭᠠᠳᠭᠠᠵᠤ ᠂ ᠬᠥᠳᠡᠯᠮᠦᠷᠢ ᠶ᠋ᠢᠨ ᠮᠠᠷᠭᠤᠯᠳᠤᠭᠠᠨ ᠤ᠋ ᠵᠠᠷᠭᠤ ᠶ᠋ᠢ ᠡᠶᠡᠳᠡᠭᠦᠯᠬᠦ ᠠᠵᠢᠯ ᠢ᠋ ᠲᠦᠯᠬᠢᠨ ᠠᠬᠢᠭᠤᠯᠬᠤ ᠬᠦᠴᠦᠷᠬᠡᠭ ᠶᠡᠬᠡ ᠨᠡᠢᠯᠡᠮᠡᠯ ᠬᠦᠴᠦᠨ ᠢ᠋ ᠨᠢᠭᠲᠠᠷᠠᠭᠤᠯᠵᠤ ᠂ ᠨᠡᠩ ᠣᠯᠠᠨ ᠬᠥᠳᠡᠯᠮᠦᠷᠢ ᠶ᠋ᠢᠨ ᠮᠠᠷᠭᠤᠯᠳᠤᠭᠠᠨ ᠤ᠋ ᠵᠠᠷᠭᠤ ᠶ᠋ᠢ ᠡᠶᠡᠳᠡᠭᠦᠯᠬᠦ ᠠᠵᠢᠯ ᠤ᠋ᠨ ᠲᠣᠭᠲᠠᠴᠠ ᠶ᠋ᠢ ᠳᠠᠭᠠᠭᠤᠯᠵᠤ ᠂ ᠬᠥᠳᠡᠯᠮᠦᠷᠢ ᠶ᠋ᠢᠨ ᠮᠠᠷᠭᠤᠯᠳᠤᠭᠠᠨ ᠤ᠋ ᠵᠠᠷᠭᠤ ᠶ᠋ᠢ ᠡᠶᠡᠳᠡᠭᠦᠯᠬᠦ ᠠᠵᠢᠯ ᠤ᠋ᠨ ᠯᠠᠪᠳᠠᠭᠤᠨ ᠪᠠᠲᠤᠲᠠᠢ ᠦᠷ᠎ᠡ ᠪᠦᠲᠦᠮᠵᠢ ᠪᠡᠷ ᠠᠵᠢᠯᠲᠠᠨ ᠠᠵᠢᠯᠴᠢᠨ ᠤ᠋ ᠡᠩᠨᠡᠭᠡ ᠶ᠋ᠢᠨ ᠲᠣᠭᠲᠠᠭᠤᠨ ᠪᠠᠢᠬᠤ ᠶ᠋ᠢ ᠬᠠᠮᠠᠭᠠᠯᠠᠬᠤ ᠬᠡᠷᠡᠭᠲᠡᠢ ᠃

ᠶᠠᠷᠢᠯᠴᠠᠬᠤ ᠬᠤᠷᠠᠯ ᠳᠡᠭᠡᠷ᠎ᠡ ᠂ ᠬᠣᠲᠠ ᠶ᠋ᠢᠨ ᠠᠵᠢᠯᠴᠢᠨ ᠤ᠋ ᠶᠡᠷᠦᠩᠬᠡᠢ ᠡᠪᠯᠡᠯ ᠂  ᠲᠤᠷᠰᠢᠯᠲᠠ ᠶ᠋ᠢᠨ  ᠬᠣᠰᠢᠭᠤ ᠲᠣᠭᠣᠷᠢᠭ ᠤ᠋ᠨ ᠠᠵᠢᠯᠴᠢᠨ ᠤ᠋ ᠶᠡᠷᠦᠩᠬᠡᠢ ᠡᠪᠯᠡᠯ ᠨᠢ ᠡᠯ᠎ᠡ ᠱᠠᠲᠤᠨ ᠤ᠋  ᠰᠢᠭᠦᠬᠦ ᠬᠣᠷᠢᠶᠠᠨ ᠤ᠋ ᠲᠤᠰᠭᠠᠢ ᠲᠤᠱᠢᠶᠠᠯᠲᠤ ᠡᠶᠡᠳᠡᠭᠦᠯᠦᠭᠴᠢ ᠂ ᠠᠵᠢᠯ ᠠ᠋ᠴᠠ ᠪᠠᠨ ᠠᠮᠠᠷᠠᠭᠰᠠᠨ  ᠰᠢᠭᠦᠭᠴᠢ ᠂ ᠣᠯᠠᠨ ᠨᠡᠢᠲᠡ ᠶ᠋ᠢᠨ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠲᠥᠪ ᠦ᠋ᠨ ᠡᠶᠡᠳᠡᠭᠦᠯᠦᠭᠴᠢ ᠂ ᠬᠠᠤᠯᠢᠴᠢ ᠶ᠋ᠢᠨ ᠬᠡᠷᠡᠭ ᠡᠷᠬᠢᠯᠡᠬᠦ ᠭᠠᠵᠠᠷ ᠤ᠋ᠨ ᠠᠵᠢᠯ ᠡᠷᠬᠢᠯᠡᠬᠦ ᠬᠠᠤᠯᠢᠴᠢ ᠂ ᠬᠥᠨᠳᠡᠯᠡᠨ ᠡᠴᠡ ᠲᠠᠰᠤᠯᠬᠤ ᠬᠦᠷᠢᠶᠡᠯᠡᠩ ᠦ᠋ᠨ ᠬᠥᠨᠳᠡᠯᠡᠨ ᠡᠴᠡ ᠲᠠᠰᠤᠯᠤᠭᠴᠢ ᠂ ᠠᠵᠢᠯᠴᠢᠨ ᠤ᠋ ᠡᠪᠯᠡᠯ ᠦ᠋ᠨ ᠬᠠᠤᠯᠢ ᠴᠠᠭᠠᠵᠠ ᠶ᠋ᠢᠨ ᠠᠵᠢᠯᠲᠠᠨ ᠵᠡᠷᠭᠡ ᠡᠯ᠎ᠡ ᠹᠷᠣᠨᠲ ᠤ᠋ᠨ 20 ᠲᠤᠰᠭᠠᠢ ᠬᠥᠮᠦᠰ ᠲᠦ᠍ ᠬᠥᠳᠡᠯᠮᠦᠷᠢ ᠶ᠋ᠢᠨ ᠮᠠᠷᠭᠤᠯᠳᠤᠭᠠᠨ ᠢ᠋ ᠡᠶᠡᠳᠡᠭᠦᠯᠦᠭᠴᠢ ᠶ᠋ᠢᠨ ᠤᠷᠢᠯᠭ᠎ᠠ ᠶ᠋ᠢᠨ ᠪᠢᠴᠢᠭ ᠣᠯᠭᠣᠪᠠ ᠃

 ᠬᠤᠷᠠᠯ ᠳ᠋ᠤ᠌ ᠣᠷᠣᠯᠴᠠᠭᠰᠠᠳ ᠭᠣᠣᠯᠳᠠᠭᠤ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠦ᠋ᠨ ᠡᠶᠡᠳᠡᠭᠦᠯᠭᠡ ᠶ᠋ᠢ ᠲᠣᠬᠢᠷᠠᠭᠤᠯᠤᠨ ᠬᠡᠷᠡᠭᠯᠡᠵᠦ ᠂ ᠲᠣᠮᠢᠯᠠᠵᠤ ᠂ ᠨᠠᠢᠳᠠᠵᠤ ᠡᠶᠡᠳᠡᠭᠦᠯᠬᠦ ᠠᠵᠢᠯ ᠤ᠋ᠨ ᠶᠠᠪᠤᠴᠠ ᠂ ᠬᠡᠷᠡᠭ ᠦ᠋ᠨ ᠮᠠᠲ᠋ᠸᠷᠢᠶᠠᠯ ᠢ᠋ ᠳᠠᠩᠰᠠ ᠡᠪᠬᠡᠮᠡᠯ ᠳ᠋ᠦ᠍ ᠣᠷᠣᠭᠤᠯᠤᠨ ᠬᠠᠮᠢᠶᠠᠷᠴᠤ ᠂ ᠮᠡᠳᠡᠭᠡ ᠵᠠᠩᠭᠢ ᠶ᠋ᠢ ᠬᠠᠮᠲᠤᠪᠠᠷ ᠡᠳ᠋ᠯᠡᠬᠦ ᠂ ᠵᠥᠪᠳᠡᠯᠴᠡᠨ ᠨᠡᠪᠲᠡᠷᠡᠯᠴᠡᠬᠦ ᠂ ᠬᠢᠨᠠᠨ ᠱᠢᠯᠭᠠᠵᠤ ᠵᠣᠷᠢᠭᠵᠢᠭᠤᠯᠬᠤ ᠂ ᠵᠠᠷᠤᠳᠠᠯ ᠢ᠋ ᠪᠠᠲᠤᠯᠠᠬᠤ ᠲᠣᠭᠲᠠᠴᠠ ᠵᠡᠷᠭᠡ ᠠᠭᠤᠯᠭ᠎ᠠ ᠶ᠋ᠢᠨ ᠲᠤᠬᠠᠢ ᠭᠦᠨᠵᠡᠭᠡᠢ ᠶᠠᠷᠢᠯᠴᠠᠭ᠎ᠠ ᠰᠣᠯᠢᠯᠴᠠᠭ᠎ᠠ ᠬᠢᠵᠦ ᠂ ᠬᠠᠲᠠᠭᠤ ᠲᠣᠨᠣᠭ ᠤ᠋ᠨ ᠲᠥᠬᠥᠭᠡᠷᠦᠮᠵᠢ ᠂ ᠮᠡᠳᠡᠭᠡ ᠵᠠᠩᠭᠢ ᠶ᠋ᠢ ᠬᠠᠮᠲᠤᠪᠠᠷ ᠡᠳ᠋ᠯᠡᠬᠦ ᠂ ᠬᠠᠮᠲᠤᠷᠠᠭᠰᠠᠨ ᠬᠤᠷᠠᠯ ᠂ ᠤᠷᠮᠠᠰᠢᠭᠤᠯᠤᠨ ᠵᠣᠷᠢᠭᠵᠢᠭᠤᠯᠬᠤ ᠪᠠᠲᠤᠯᠠᠭ᠎ᠠ ᠬᠢᠬᠦ ᠵᠡᠷᠭᠡ ᠲᠠᠯ᠎ᠠ ᠪᠠᠷ ᠰᠠᠨᠠᠯ ᠨᠢᠭᠡᠳᠪᠡ ᠃
 《  ᠰᠢᠭᠦᠬᠦ ᠬᠣᠷᠢᠶ᠎ᠠ + ᠠᠵᠢᠯᠴᠢᠨ ᠤ᠋ ᠡᠪᠯᠡᠯ 》 ᠦ᠋ᠨ ᠬᠥᠳᠡᠯᠮᠦᠷᠢ ᠶ᠋ᠢᠨ ᠮᠠᠷᠭᠤᠯᠳᠤᠭᠠᠨ ᠢ᠋ ᠵᠣᠬᠢᠴᠠᠭᠤᠯᠤᠨ ᠵᠣᠯᠭᠠᠭᠤᠯᠬᠤ ᠠᠵᠢᠯ ᠤ᠋ᠨ ᠲᠣᠭᠲᠠᠴᠠ ᠨᠢ ᠠᠷᠠᠳ ᠤ᠋ᠨ ᠡᠶᠡᠳᠡᠭᠦᠯᠭᠡ ᠬᠢᠭᠡᠳ  ᠰᠢᠭᠦᠨ ᠲᠠᠰᠤᠯᠬᠤ ᠤᠶᠠᠨ ᠬᠠᠳᠠᠨ ᠴᠢᠨᠠᠷ ᠢ᠋ ᠠᠭᠤᠰᠤᠯᠴᠠᠭᠤᠯᠵᠤ ᠂ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠲᠦᠷᠭᠡᠨ  ᠰᠢᠢᠳᠪᠦᠷᠢᠯᠡᠬᠦ ᠶ᠋ᠢ ᠠᠬᠢᠭᠤᠯᠵᠤ ᠴᠢᠳᠠᠬᠤ ᠪᠠᠷ ᠪᠠᠷᠠᠬᠤ ᠦᠭᠡᠢ ᠂ ᠲᠤᠬᠠᠢ ᠶ᠋ᠢᠨ ᠬᠥᠮᠦᠨ ᠦ᠌ ᠵᠠᠷᠭᠤ ᠶ᠋ᠢᠨ ᠬᠤᠷᠠᠮᠳᠤᠭᠤᠯᠤᠯ ᠢ᠋ ᠶᠡᠬᠡ ᠬᠡᠮᠵᠢᠶ᠎ᠡ ᠪᠡᠷ ᠪᠠᠭᠠᠰᠬᠠᠬᠤ ᠶ᠋ᠢᠨ ᠬᠠᠮᠲᠤ ᠶᠡᠬᠡ ᠬᠡᠮᠵᠢᠶᠡᠨ ᠦ᠌ ᠵᠢᠭᠤᠷᠠᠯᠳᠤᠭᠠᠨ ᠢ᠋ ᠴᠤᠬᠤᠢᠵᠤ ᠪᠠᠢᠬᠤ ᠪᠠᠢᠳᠠᠯ ᠳ᠋ᠤ᠌ ᠨᠢ ᠠᠷᠢᠯᠭᠠᠵᠤ ᠂ ᠵᠠᠷᠭᠤᠯᠳᠤᠬᠤ ᠠ᠋ᠴᠠ ᠡᠮᠦᠨ᠎ᠡ  ᠰᠢᠢᠳᠪᠦᠷᠢᠯᠡᠵᠦ ᠂ ᠬᠥᠳᠡᠯᠮᠦᠷᠢ ᠶ᠋ᠢᠨ ᠬᠠᠷᠢᠴᠠᠭᠠᠨ ᠤ᠋ ᠬᠦᠷᠢᠶᠡᠨ ᠦ᠌ ᠴᠢᠬᠤᠯᠠ ᠶᠡᠬᠡ ᠠᠶᠤᠯ  ᠲᠦᠭᠰᠢᠭᠦᠷᠢ ᠶ᠋ᠢ ᠰᠡᠷᠭᠡᠢᠯᠡᠨ ᠠᠷᠢᠯᠭᠠᠬᠤ ᠂ ᠣᠯᠠᠨ ᠡᠰᠢᠵᠢᠭᠦᠯᠬᠦ ᠶ᠋ᠢ ᠠᠬᠢᠭᠤᠯᠬᠤ ᠪᠣᠯᠤᠨ᠎ᠠ ᠃ 《  ᠰᠢᠭᠦᠬᠦ ᠬᠣᠷᠢᠶ᠎ᠠ + ᠠᠵᠢᠯᠴᠢᠨ ᠤ᠋ ᠡᠪᠯᠡᠯ 》 ᠦ᠋ᠨ ᠬᠥᠳᠡᠯᠮᠦᠷᠢ ᠶ᠋ᠢᠨ ᠮᠠᠷᠭᠤᠯᠳᠤᠭᠠᠨ ᠢ᠋ ᠵᠣᠬᠢᠴᠠᠭᠤᠯᠤᠨ ᠵᠣᠯᠭᠠᠯᠳᠣᠭᠤᠯᠬᠤ ᠲᠣᠭᠲᠠᠴᠠ ᠨᠢ ᠵᠠᠭᠠᠯᠳᠤᠯᠭ᠎ᠠ ᠶ᠋ᠢᠨ ᠡᠬᠢ ᠶ᠋ᠢ ᠵᠠᠰᠠᠬᠤ ᠴᠢᠬᠤᠯᠠ ᠠᠷᠭ᠎ᠠ ᠬᠡᠯᠪᠡᠷᠢ ᠪᠣᠯᠵᠤ ᠂ ᠪᠠᠰᠠ ᠦᠨᠳᠦᠰᠦᠨ ᠱᠠᠲᠤᠨ ᠤ᠋ ᠨᠡᠢᠭᠡᠮ ᠦ᠋ᠨ ᠵᠠᠰᠠᠯᠲᠠ ᠶ᠋ᠢᠨ ᠴᠢᠬᠤᠯᠠ ᠬᠦᠴᠦᠨ ᠪᠣᠯᠬᠤ ᠪᠣᠯᠤᠨ᠎ᠠ ᠃
 ᠳᠠᠷᠠᠭ᠎ᠠ ᠠᠯᠬᠤᠮ ᠳ᠋ᠤ᠌ ᠂ ᠣᠷᠳᠣᠰ ᠬᠣᠲᠠ ᠶ᠋ᠢᠨ ᠬᠣᠶᠠᠷ ᠱᠠᠲᠤᠨ ᠤ᠋ ᠱᠢᠭᠦᠬᠦ ᠬᠣᠷᠢᠶ᠎ᠠ ᠨᠢ ᠣᠯᠠᠨ ᠡᠰᠢᠴᠢᠯᠡᠭᠰᠡᠨ ᠵᠢᠭᠤᠷᠠᠯᠳᠤᠭᠠᠨ ᠢ᠋  ᠰᠢᠢᠳᠪᠦᠷᠢᠯᠡᠬᠦ ᠲᠣᠭᠲᠠᠴᠠ ᠶ᠋ᠢᠨ ᠪᠠᠢᠭᠤᠯᠤᠯᠲᠠ ᠶ᠋ᠢ ᠢᠳᠡᠪᠬᠢᠲᠡᠢ ᠠᠬᠢᠭᠤᠯᠵᠤ ᠂ ᠠᠷᠠᠳ ᠤ᠋ᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ ᠶ᠋ᠢ ᠪᠠᠷᠢᠮᠲᠠᠯᠠᠵᠤ ᠂ ᠡᠯ᠎ᠡ ᠲᠥᠷᠥᠯ ᠦ᠋ᠨ ᠵᠢᠭᠤᠷᠠᠯᠳᠤᠭᠠᠨ ᠢ᠋ ᠴᠠᠭ ᠲᠤᠬᠠᠢ ᠳ᠋ᠤᠨᠢ ᠪᠦᠲᠦᠮᠵᠢᠲᠡᠢ ᠪᠡᠷ  ᠰᠢᠢᠳᠪᠦᠷᠢᠯᠡᠨ᠎ᠡ᠃
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )