ᠣᠷᠳᠤᠰ ᠬᠣᠲᠠ ᠢ᠋ᠢᠨ ᠠᠷᠠᠳ ᠤ᠋ᠨ ᠳᠤᠮᠳᠠ ᠵᠡᠷᠭᠡ ᠢ᠋ᠢᠨ ᠰᠢᠭᠦᠬᠦ ᠬᠣᠷᠢᠶ᠎ᠠ ᠠᠵᠢᠯ ᠤ᠋ᠨ ᠰᠠᠬᠢᠯᠭ᠎ᠠ ᠪᠠᠲᠤ ᠣᠪᠤᠷ ᠰᠤᠷᠲᠠᠯ ᠤ᠋ᠨ ᠰᠤᠷᠭᠠᠨ ᠬᠥᠮᠦᠵᠢᠯ ᠢ᠋ ᠴᠡᠭᠴᠡᠯᠡᠬᠦ ᠲᠤᠰᠭᠠᠢ ᠲᠥᠷᠦᠯ ᠤ᠋ᠨ ᠴᠡᠭᠴᠡᠯᠡᠨ ᠵᠠᠰᠠᠬᠤ ᠠᠵᠢᠯᠯᠠᠭ᠎ᠠ ᠢ᠋ᠢᠨ ᠳᠠᠢᠴᠢᠯᠠᠯᠲᠠ ᠢ᠋ᠢᠨ ᠶᠡᠬᠡ ᠬᠤᠷᠠᠯ ᠵᠢᠴᠢ ᠭᠦᠢᠴᠡᠳᠭᠡᠬᠦ ᠠᠵᠢᠯ ᠤ᠋ᠨ ᠬᠠᠭᠠᠰ ᠵᠢᠯ ᠤ᠋ᠨ ᠳ᠋ᠦᠩᠨᠡᠯᠲᠡ ᠢ᠋ᠢᠨ
2020.09.04 ᠲᠣᠰ ᠥᠷᠲᠡᠭᠡᠨ ᠦ ᠨᠠᠢᠷᠠᠭᠤᠯᠤᠭᠴᠢ

ᠶᠡᠷᠦᠩᠬᠡᠢ ᠱᠦᠵᠢ  ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠭᠦᠨᠵᠡᠭᠡᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ   ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ ᠂ 7 ᠰᠠᠷ᠎ᠠ ᠶ᠋ᠢᠨ 6  ᠤ᠋ ᠡᠳᠦᠷ ᠦ᠋ᠨ ᠦᠳᠡ ᠶ᠋ᠢᠨ ᠡᠮᠦᠨ᠎ᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠪᠦᠯᠬᠦᠮ ᠠᠩᠭᠢ ᠶ᠋ᠢᠨ ᠪᠦᠬᠦ ᠺᠠᠲ᠋ᠷ ᠴᠠᠭᠳᠠᠭ᠎ᠠ ᠶ᠋ᠢᠨ ᠶᠡᠬᠡ ᠬᠤᠷᠠᠯ ᠢ᠋ ᠬᠤᠷᠠᠯᠳᠤᠭᠤᠯᠵᠤ ᠂ ᠠᠵᠢᠯ ᠤ᠋ᠨ ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠢ᠋ ᠬᠡᠷᠡᠭᠵᠢᠭᠦᠯᠬᠦ ᠠᠵᠢᠯ ᠢ᠋ ᠳᠠᠢᠴᠢᠯᠠᠨ ᠪᠠᠢᠷᠢᠯᠠᠭᠤᠯᠪᠠ ᠃ ᠬᠤᠷᠠᠯ ᠢ᠋ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠵᠠᠬᠢᠷᠤᠯ  ᠵᠦᠩ  ᠫᠢᠩ  ᠡᠷᠬᠢᠯᠡᠵᠡᠢ ᠃

 ᠬᠤᠷᠠᠯ ᠳᠡᠭᠡᠷ᠎ᠡ ᠂ ᠵᠢᠩᠬᠢᠨᠢ ᠭᠠᠵᠠᠷ ᠤ᠋ᠨ ᠳᠡᠰ ᠦ᠋ᠨ  ᠰᠢᠭᠦᠭᠴᠢ ᠸᠠᠩ ᡁᠢ ᠴᠧᠩ 《 ᠪᠥᠬᠥ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠭᠦᠢᠴᠡᠳᠭᠡᠬᠦ ᠠᠵᠢᠯ ᠤ᠋ᠨ ᠰᠠᠬᠢᠯᠭ᠎ᠠ ᠪᠠᠲᠤ ᠣᠪᠣᠷ ᠰᠤᠷᠲᠠᠯ ᠤ᠋ᠨ ᠬᠥᠮᠦᠵᠢᠯ ᠢ᠋ ᠴᠡᠭᠴᠡᠯᠡᠬᠦ ᠲᠤᠰᠭᠠᠢ ᠲᠥᠷᠥᠯ ᠦ᠋ᠨ ᠴᠡᠭᠴᠡᠯᠡᠨ ᠵᠠᠰᠠᠬᠤ ᠲᠥᠰᠦᠯ》 ᠢ᠋  ᠤᠩᠰᠢᠨ ᠨᠡᠢᠲᠡᠯᠡᠪᠡ ᠃
 ᠬᠤᠷᠠᠯ ᠠ᠋ᠴᠠ ᠴᠢᠬᠤᠯᠠᠴᠢᠯᠠᠭᠰᠠᠨ ᠨᠢ ᠂ ᠰᠠᠬᠢᠯᠭ᠎ᠠ ᠪᠠᠲᠤ ᠣᠪᠣᠷ ᠰᠤᠷᠲᠠᠯ ᠤ᠋ᠨ ᠲᠠᠯ᠎ᠠ ᠪᠠᠷ ᠪᠠᠭ᠎ᠠ ᠶᠠᠪᠤᠳᠠᠯ ᠪᠠᠢᠬᠤ ᠦᠭᠡᠢ ᠂ ᠪᠦᠬᠦ ᠺᠠᠲ᠋ᠷ ᠴᠠᠭᠳᠠᠭ᠎ᠠ ᠬᠠᠷᠢᠭᠤᠴᠠᠯᠭ᠎ᠠ ᠶ᠋ᠢᠨ ᠤᠬᠠᠮᠰᠠᠷ ᠪᠠ ᠶᠡᠬᠡ ᠲᠠᠯ᠎ᠠ ᠶ᠋ᠢᠨ ᠤᠬᠠᠮᠰᠠᠷ ᠢ᠋ ᠪᠣᠢ ᠪᠣᠯᠭᠠᠵᠤ ᠂ ᠦᠨᠡᠨ ᠬᠦ᠌ ᠠᠳᠭᠤᠵᠤ ᠪᠣᠳᠠᠲᠠᠢ ᠠᠵᠢᠯᠯᠠᠨ ᠂ ᠵᠠᠩᠭᠢᠯᠠᠭ᠎ᠠ ᠶ᠋ᠢᠨ ᠭᠣᠭᠴᠣᠭ᠎ᠠ ᠶ᠋ᠢ ᠠᠳᠭᠤᠨ ᠰᠠᠬᠢᠯᠭ᠎ᠠ ᠪᠠᠲᠤ ᠣᠪᠣᠷ ᠰᠤᠷᠲᠠᠯ ᠢ᠋ ᠴᠡᠭᠴᠡᠯᠡᠬᠦ ᠠᠵᠢᠯ ᠢ᠋ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠰᠤᠷᠤᠯᠴᠠᠯᠭ᠎ᠠ ᠶ᠋ᠢ ᠰᠠᠬᠢᠯᠭ᠎ᠠ ᠪᠠᠲᠤ ᠣᠪᠣᠷ ᠰᠤᠷᠲᠠᠯ ᠤ᠋ᠨ ᠴᠡᠭᠴᠡᠯᠡᠯᠲᠡ ᠶ᠋ᠢᠨ ᠪᠦᠬᠦ ᠶᠠᠪᠤᠴᠠ ᠳ᠋ᠤ᠌ ᠲᠤᠤᠱᠯᠠᠭᠤᠯᠵᠤ ᠂ ᠦᠵᠡᠯ ᠰᠠᠨᠠᠭᠠᠨ ᠤ᠋ ᠣᠪᠣᠷ ᠢ᠋ᠶ᠋ᠠᠨ ᠤᠯᠠᠮ ᠨᠢᠭᠡ ᠠᠯᠬᠤᠮ ᠲᠥᠪ ᠪᠣᠯᠭᠠᠵᠤ ᠂ ᠠᠰᠠᠭᠤᠳᠠᠯ ᠢ᠋ ᠴᠠᠭ ᠲᠤᠬᠠᠢ ᠳ᠋ᠤᠨᠢ ᠪᠠᠢᠴᠠᠭᠠᠨ ᠳᠡᠯᠭᠡᠵᠦ ᠂ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠶ᠋ᠢ ᠴᠢᠩᠭ᠎ᠠ ᠠᠳᠭᠤᠨ ᠂ ᠠᠵᠢᠯ ᠤ᠋ᠨ ᠰᠤᠷᠲᠠᠯ ᠤ᠋ᠨ ᠬᠤᠪᠢᠷᠠᠭᠤᠯᠤᠯᠲᠠ ᠶ᠋ᠢ ᠠᠬᠢᠭᠤᠯᠬᠤ ᠶ᠋ᠢᠨ ᠬᠠᠮᠲᠤ ᠂ ᠳ᠋ᠦᠩᠨᠡᠨ ᠳᠡᠭᠡᠭᠰᠢᠯᠡᠭᠦᠯᠬᠦ ᠠᠵᠢᠯ ᠢ᠋ ᠰᠠᠢᠲᠤᠷ ᠬᠢᠵᠦ ᠂ ᠰᠠᠬᠢᠯᠭ᠎ᠠ ᠪᠠᠲᠤ ᠣᠪᠣᠷ ᠰᠤᠷᠲᠠᠯ ᠤ᠋ᠨ ᠲᠠᠯ᠎ᠠ ᠪᠠᠷ  ᠣᠷᠤᠰᠢᠵᠤ ᠪᠠᠢᠭ᠎ᠠ ᠳᠣᠪᠣᠢᠮ᠎ᠠ ᠠᠰᠠᠭᠤᠳᠠᠯ ᠢ᠋ ᠣᠨᠢᠯᠠᠵᠤ ᠂ ᠤᠷᠲᠤ ᠬᠤᠭᠤᠴᠠᠭᠠᠨ ᠤ᠋ ᠪᠦᠲᠦᠮᠵᠢᠲᠦ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠵᠦ ᠂ ᠡᠩᠨᠡᠭᠡ ᠶ᠋ᠢᠨ ᠪᠠᠢᠭᠤᠯᠤᠯᠲᠠ ᠶ᠋ᠢ  ᠰᠢᠨᠵᠢᠯᠡᠬᠦ ᠤᠬᠠᠭᠠᠨᠴᠢᠯᠠᠬᠤ ᠂ ᠵᠢᠷᠤᠮᠵᠢᠭᠤᠯᠬᠤ ᠶ᠋ᠢ ᠠᠬᠢᠭᠤᠯᠬᠤ ᠬᠡᠷᠡᠭᠲᠡᠢ ᠃
 ᠬᠤᠷᠠᠯ ᠳᠡᠭᠡᠷ᠎ᠡ ᠂ ᠵᠦᠩ ᠫᠢᠩ 2020 ᠣᠨ ᠤ᠋ ᠳᠡᠭᠡᠷ᠎ᠡ ᠬᠠᠭᠠᠰ ᠵᠢᠯ ᠦ᠋ᠨ ᠭᠦᠢᠴᠡᠳᠭᠡᠬᠦ ᠠᠵᠢᠯ ᠳ᠋ᠤ᠌ ᠳ᠋ᠦᠩᠨᠡᠯᠲᠡ ᠬᠢᠪᠡ ᠃ ᠳᠡᠭᠡᠷ᠎ᠡ ᠬᠠᠭᠠᠰ ᠵᠢᠯ ᠡᠴᠡ  ᠨᠠᠰᠢ᠂ ᠭᠦᠢᠴᠡᠳᠭᠡᠬᠦ ᠪᠦᠯᠬᠦᠮ ᠦ᠋ᠨ ᠪᠦᠬᠦ ᠺᠠᠲ᠋ᠷ ᠴᠠᠭᠳᠠᠭ᠎ᠠ ᠶ᠋ᠢᠨ ᠴᠢᠷᠮᠠᠢᠯᠭ᠎ᠠ ᠪᠠᠷ ᠳᠠᠮᠵᠢᠨ ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠰᠤᠷᠭᠠᠭᠤᠯᠢ ᠶ᠋ᠢᠨ ᠲᠣᠭᠲᠠᠭᠠᠭᠰᠠᠨ 2020 ᠣᠨ ᠤ᠋ ᠳᠡᠭᠡᠷ᠎ᠡ ᠬᠠᠭᠠᠰ ᠵᠢᠯ ᠦ᠋ᠨ ᠭᠦᠢᠴᠡᠳᠭᠡᠬᠦ ᠬᠡᠷᠡᠭ ᠦ᠋ᠨ ᠠᠮᠵᠢᠯᠲᠠ ᠪᠦᠲᠦᠮᠵᠢ ᠶ᠋ᠢᠨ ᠭᠦᠢᠴᠡᠳᠭᠡᠬᠦ ᠲᠣᠭ᠎ᠠ ᠶ᠋ᠢᠨ ᠡᠭᠦᠷᠭᠡ ᠶ᠋ᠢ   ᠤᠷᠤᠭᠰᠢᠲᠠᠢ ᠪᠡᠶᠡᠯᠡᠭᠦᠯᠦᠭᠰᠡᠨ ᠪᠥᠭᠡᠳ ᠪᠦᠬᠦ ᠣᠷᠣᠨ ᠤ᠋  ᠰᠢᠭᠦᠬᠦ ᠬᠣᠷᠢᠶᠠᠨ ᠤ᠋ ᠳᠡᠭᠡᠷ᠎ᠡ ᠬᠠᠭᠠᠰ ᠵᠢᠯ ᠦ᠋ᠨ ᠭᠦᠢᠴᠡᠳᠭᠡᠬᠦ ᠠᠵᠢᠯ ᠤ᠋ᠨ ᠠᠮᠵᠢᠯᠲᠠ ᠪᠦᠲᠦᠮᠵᠢ ᠶ᠋ᠢᠨ ᠮᠡᠳᠡᠭᠳᠡᠬᠦ ᠬᠤᠷᠠᠯ ᠳᠡᠭᠡᠷ᠎ᠡ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠢ᠋ᠢᠨ  ᠰᠢᠭᠦᠬᠦ ᠬᠣᠷᠢᠶᠠᠨ ᠤ᠋ ᠵᠠᠷᠯᠠᠨ  ᠰᠠᠢᠰᠢᠶᠠᠭᠳᠠᠪᠠ᠃ ᠡᠭᠦᠨ ᠦ᠌ ᠬᠠᠮᠲᠤ ᠂ ᠵᠦᠩ ᠫᠢᠩ ᠳᠣᠣᠷ᠎ᠠ ᠬᠠᠭᠠᠰ ᠵᠢᠯ ᠦ᠋ᠨ ᠭᠦᠢᠴᠡᠳᠭᠡᠬᠦ ᠠᠵᠢᠯ ᠳ᠋ᠤ᠌ ᠶᠡᠷᠦᠩᠬᠡᠢ ᠪᠠᠢᠷᠢᠯᠠᠭᠤᠯᠤᠯᠲᠠ ᠬᠢᠭᠰᠡᠨ ᠪᠥᠭᠡᠳ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠢᠨ᠎ᠠ ᠃
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )