ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢ ᠬᠥᠮᠦᠵᠢᠭᠦᠯᠦᠨ ᠴᠡᠭᠴᠡᠯᠡᠬᠦ ᠠᠵᠢᠯ ᠢ᠋ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠵᠤ ᠂ ᠨᠠᠮ ᠢ᠋ ᠴᠢᠩᠭ᠎ᠠ ᠬᠠᠮᠢᠶᠠᠷᠬᠤ ᠂ ᠴᠠᠭᠳᠠᠭ᠎ᠠ ᠶ᠋ᠢ ᠴᠢᠩᠭ᠎ᠠ ᠵᠠᠰᠠᠬᠤ ᠡᠯ᠎ᠡ ᠵᠦᠢᠯ ᠦ᠋ᠨ ᠠᠷᠭ᠎ᠠ ᠬᠡᠮᠵᠢᠶ᠎ᠡ ᠶ᠋ᠢᠨ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ ᠠᠷᠠᠳ ᠤ᠋ᠨ ᠱᠢᠭᠦᠬᠦ ᠬᠣᠷᠢᠶ᠎ᠠ ᠶ᠋ᠢᠨ ᠭᠦᠢᠴᠡᠳᠭᠡᠬᠦ ᠠᠵᠢᠯ ᠤ᠋ᠨ ᠰᠤᠷᠲᠠᠯ ᠪᠠ ᠰᠠᠬᠢᠯᠭ᠎ᠠ ᠪᠠᠲᠤ ᠶ᠋ᠢᠨ ᠪᠠᠢᠭᠤᠯᠤᠯᠲᠠ ᠶ᠋ᠢ ᠤᠯᠠᠮ ᠨᠢᠭᠡ ᠠᠯᠬᠤᠮ ᠴᠢᠩᠭᠠᠳᠭᠠᠵᠤ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠶ᠋ᠢᠨ 《 ᠴᠢᠩᠭ᠎ᠠ ᠴᠡᠭᠴᠡᠯᠡᠨ ᠵᠠᠰᠠᠵᠤ ᠂ ᠳᠡᠭᠡᠭᠰᠢᠯᠡᠭᠦᠯᠬᠦ ᠶ᠋ᠢ ᠠᠬᠢᠭᠤᠯᠵᠤ ᠂ ᠳᠦᠷᠢ ᠲᠥᠷᠬᠦ ᠶ᠋ᠢ ᠪᠣᠢ ᠪᠣᠯᠭᠠᠬᠤ 》 ᠰᠠᠬᠢᠯᠭ᠎ᠠ ᠪᠠᠲᠤ ᠠᠵᠢᠯ ᠤ᠋ᠨ ᠬᠡᠪ ᠰᠤᠷᠲᠠᠯ ᠢ᠋ ᠤᠯᠠᠮ ᠨᠢᠭᠡ ᠠᠯᠬᠤᠮ ᠪᠠᠲᠤᠯᠠᠪᠠ ᠃
ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠪᠠᠷ ᠳᠤᠭᠤᠢᠯᠠᠩ ᠤ᠋ᠨ ᠳᠠᠷᠤᠭ᠎ᠠ ᠪᠣᠯᠭᠠᠭᠰᠠᠨ ᠭᠦᠢᠴᠡᠳᠭᠡᠬᠦ ᠠᠵᠢᠯ ᠤ᠋ᠨ ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠤ᠋ᠨ ᠤᠳᠤᠷᠢᠳᠬᠤ ᠳᠤᠭᠤᠢᠯᠠᠩ ᠢ᠋ ᠪᠠᠢᠭᠤᠯᠵᠤ᠂ 《 ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠪᠦᠬᠦ ᠬᠣᠲᠠ ᠶ᠋ᠢᠨ ᠰᠢᠭᠦᠬᠦ ᠬᠣᠷᠢᠶᠠᠨ ᠳ᠋ᠤ᠌ ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠴᠡᠭᠴᠡᠯᠡᠯᠲᠡ ᠶ᠋ᠢᠨ ᠲᠤᠰᠭᠠᠢ ᠲᠥᠷᠥᠯ ᠦ᠋ᠨ ᠴᠡᠭᠴᠡᠯᠡᠨ ᠴᠡᠭᠴᠡᠯᠡᠬᠦ ᠲᠥᠰᠦᠯ 》 ᠢ ᠲᠣᠭᠲᠠᠭᠠᠵᠤ᠂ ᠲᠥᠰᠦᠯ ᠳ᠋ᠦ᠍ ᠨᠠᠢ᠍ᠮᠠᠨ ᠲᠠᠯ᠎ᠠ ᠶ᠋ᠢᠨ ᠲᠠᠨᠢᠯᠲᠠ ᠲᠠᠢ ᠪᠠᠢᠬᠤ ᠶ᠋ᠢ ᠱᠠᠭᠠᠷᠳᠠᠵᠠᠢ᠃ ᠬᠣᠶᠠᠷ ᠲᠤ᠌ ᠰᠠᠬᠢᠯᠭ᠎ᠠ ᠪᠠᠲᠤ ᠶ᠋ᠢᠨ ᠤᠬᠠᠮᠰᠠᠷ ᠴᠢᠩᠭ᠎ᠠ ᠪᠢᠱᠢ ᠂ ᠰᠠᠬᠢᠯᠭ᠎ᠠ ᠪᠠᠲᠤ ᠶᠣᠰᠣ ᠳᠦᠷᠢᠮ ᠡᠴᠡ ᠵᠥᠷᠢᠴᠡᠭᠰᠡᠨ ᠠᠰᠠᠭᠤᠳᠠᠯ ᠪᠣᠯᠤᠨ᠎ᠠ ᠂ᠭᠤᠷᠪᠠ ᠳ᠋ᠤ᠌ ᠂ ᠡᠭᠦᠷᠭᠡᠯᠡᠨ ᠬᠠᠷᠢᠭᠤᠴᠠᠬᠤ ᠤᠬᠠᠮᠰᠠᠷ ᠴᠢᠩᠭ᠎ᠠ ᠪᠤᠰᠤ ᠂ ᠪᠣᠯᠬᠢ ᠪᠦᠳᠦᠭᠦᠯᠢᠭ ᠵᠠᠰᠠᠭ ᠬᠣᠢᠷᠭᠣ ᠵᠠᠰᠠᠭ ᠪᠠᠷᠢᠬᠤ ᠠᠰᠠᠭᠤᠳᠠᠯ ᠃ ᠳᠥᠷᠪᠡ ᠳ᠋ᠦ᠍ ᠠᠷᠠᠳ ᠤ᠋ᠨ ᠲᠥᠯᠥᠭᠡ ᠬᠠᠤᠯᠢ ᠪᠠᠷᠢᠬᠤ ᠤᠬᠠᠮᠰᠠᠷ ᠢ᠋ᠶ᠋ᠠᠷ ᠴᠢᠩᠭ᠎ᠠ ᠪᠢᠰᠢ᠂ ᠣᠯᠠᠨ ᠲᠦᠮᠡᠨ ᠦ᠌ ᠠᠰᠢᠭ ᠲᠤᠰᠠ ᠶ᠋ᠢ ᠬᠣᠬᠢᠷᠠᠭᠤᠯᠤᠭᠰᠠᠨ ᠠᠰᠠᠭᠤᠳᠠᠯ ᠂ ᠲᠠᠪᠤ ᠳ᠋ᠤ᠌ ᠬᠠᠷᠢᠭᠤᠴᠠᠯᠭ᠎ᠠ ᠶ᠋ᠢᠨ ᠦᠵᠡᠯ ᠤᠬᠠᠮᠰᠠᠷ ᠴᠢᠩᠭ᠎ᠠ ᠪᠢᠰᠢ ᠂ ᠬᠣᠢᠰᠢᠯᠠᠭᠤᠯᠬᠤ ᠂ ᠨᠠᠵᠠᠭᠠᠢ ᠂ ᠰᠢᠯᠢᠵᠤ ᠭᠦᠢᠴᠡᠳᠭᠡᠬᠦ ᠵᠡᠷᠭᠡ ᠠᠰᠠᠭᠤᠳᠠᠯ ᠪᠣᠯᠤᠨ᠎ᠠ ᠂ ᠵᠢᠷᠭᠤᠭ᠎ᠠ ᠳ᠋ᠤ᠌ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠦᠵᠡᠯ ᠤᠬᠠᠮᠰᠠᠷ ᠴᠢᠩᠭ᠎ᠠ ᠪᠢᠰᠢ ᠂ ᠠᠵᠢᠯ ᠤ᠋ᠨ ᠣᠪᠣᠷ ᠲᠥᠪ ᠪᠤᠰᠤ ᠪᠠᠢᠬᠤ ᠠᠰᠠᠭᠤᠳᠠᠯ ᠪᠣᠯᠤᠨ᠎ᠠ ᠂ ᠳᠣᠯᠣᠭ᠎ᠠ ᠳ᠋ᠤ᠌ ᠦᠷ᠎ᠡ ᠪᠦᠲᠦᠮᠵᠢ ᠶ᠋ᠢᠨ ᠤᠬᠠᠮᠰᠠᠷ ᠴᠢᠩᠭ᠎ᠠ ᠪᠢᠰᠢ᠂ ᠬᠡᠷᠡᠭ ᠡᠣᠴᠢᠷ ᠢ᠋ ᠤᠳᠠᠭᠠᠱᠢᠷᠠᠭᠤᠯᠤᠨ ᠭᠦᠢᠴᠡᠳᠭᠡᠬᠦ ᠡᠣᠢᠬᠡᠢ ᠂ ᠭᠦᠢᠴᠡᠳᠭᠡᠭᠰᠡᠨ ᠨᠣᠷᠮ᠎ᠠ ᠳᠣᠣᠷ᠎ᠠ ᠪᠠᠢᠬᠤ ᠡᠠᠰᠠᠭᠣᠳᠠᠯ ᠂ ᠨᠠᠢ᠍ᠮᠠ ᠳ᠋ᠤ᠌ ᠲᠣᠭᠲᠠᠭᠠᠯ ᠠ᠋ᠴᠠ ᠵᠥᠷᠢᠴᠡᠨ ᠭᠦᠢᠴᠡᠳᠭᠡᠬᠦ ᠰᠦᠢᠳᠭᠡᠯ ᠬᠤᠷᠢᠶᠠᠬᠤ ᠂ ᠭᠦᠢᠴᠡᠳᠭᠡᠬᠦ ᠵᠣᠭᠣᠰᠤᠨ ᠤ᠋ ᠬᠠᠮᠢᠶᠠᠷᠤᠯᠲᠠ ᠪᠣᠯᠤᠨ ᠬᠤᠪᠢᠶᠠᠷᠢᠯᠠᠨ ᠥᠭᠬᠦ ᠭᠠᠷᠳᠠᠮ ᠴᠢᠩᠭ᠎ᠠ ᠥᠬᠡᠢ ᠪᠠᠢᠬᠤ ᠠᠰᠠᠭᠤᠳᠠᠯ ᠃
ᠣᠢᠷ᠎ᠠ ᠳ᠋ᠤ᠌ ᠂ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠤ᠋ᠨ ᠤᠳᠤᠷᠢᠳᠬᠤ ᠳᠤᠭᠤᠢᠯᠠᠩ ᠠᠵᠢᠯ ᠤ᠋ᠨ ᠰᠠᠬᠢᠯᠭ᠎ᠠ ᠪᠠᠲᠤ ᠣᠪᠣᠷ ᠰᠤᠷᠲᠠᠯ ᠢ᠋ ᠬᠡᠷᠡᠭᠵᠢᠭᠦᠯᠬᠦ ᠰᠤᠷᠭᠠᠨ ᠬᠥᠮᠦᠵᠢᠯ ᠢ᠋ ᠴᠡᠭᠴᠡᠯᠡᠬᠦ ᠲᠤᠰᠭᠠᠢ ᠠᠵᠢᠯ ᠢ᠋ ᠠᠬᠢᠭᠤᠯᠬᠤ ᠬᠤᠷᠠᠯ ᠬᠢᠵᠦ ᠂ ᠬᠤᠷᠠᠯ ᠠ᠋ᠴᠠ 《 ᠴᠡᠭᠴᠡᠯᠡᠨ ᠵᠠᠰᠠᠬᠤ ᠲᠥᠰᠦᠯ》 ᠢ᠋ ᠨᠠᠷᠢᠨ ᠨᠢᠮᠪᠠᠢ ᠲᠠᠢᠯᠪᠤᠷᠢᠯᠠᠭᠰᠠᠨ ᠪᠠᠢᠨ᠎ᠠ ᠃ ᠬᠤᠷᠠᠯ ᠠ᠋ᠴᠠ ᠴᠢᠬᠤᠯᠠᠴᠢᠯᠠᠭᠰᠠᠨ ᠨᠢ ᠂ ᠭᠦᠢᠴᠡᠳᠭᠡᠬᠦ ᠠᠵᠢᠯ ᠤ᠋ᠨ ᠰᠠᠬᠢᠯᠭ᠎ᠠ ᠪᠠᠲᠤ ᠬᠡᠪ ᠰᠤᠷᠲᠠᠯ ᠳ᠋ᠤ᠌ ᠲᠤᠰᠭᠠᠢ ᠴᠡᠭᠴᠡᠯᠡᠯᠲᠡ ᠬᠢᠬᠦ ᠪᠣᠯ ᠮᠠᠨ ᠤ᠋ ᠬᠣᠲᠠ ᠶ᠋ᠢᠨ ᠰᠢᠭᠦᠬᠦ ᠬᠣᠷᠢᠶᠠᠨ ᠤ᠋ 《 ᠴᠢᠩᠭ᠎ᠠ ᠴᠡᠭᠴᠡᠯᠡᠨ ᠰᠠᠢᠵᠢᠷᠠᠭᠤᠯᠬᠤ ᠂ ᠳᠡᠰ ᠳᠡᠪᠰᠢᠬᠦ ᠶ᠋ᠢ ᠠᠬᠢᠭᠤᠯᠬᠤ ᠂ ᠳᠦᠷᠢ ᠲᠥᠷᠬᠦ ᠶ᠋ᠢ ᠪᠣᠢ ᠪᠣᠯᠭᠠᠬᠤ 》 ᠰᠠᠬᠢᠯᠭ᠎ᠠ ᠪᠠᠲᠤ ᠣᠪᠣᠷ ᠰᠤᠷᠲᠠᠯ ᠤ᠋ᠨ ᠬᠥᠮᠦᠵᠢᠯ ᠴᠡᠭᠴᠡᠯᠡᠯᠲᠡ ᠶ᠋ᠢᠨ ᠠᠵᠢᠯ ᠤ᠋ᠨ ᠬᠦᠴᠦᠲᠡᠢ ᠠᠷᠭ᠎ᠠ ᠬᠡᠮᠵᠢᠶ᠎ᠡ ᠪᠠ ᠴᠢᠬᠤᠯᠠ ᠪᠠᠲᠤᠯᠠᠭ᠎ᠠ ᠪᠣᠯᠤᠨ᠎ᠠ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠲᠥᠰᠦᠯ ᠶᠣᠰᠣᠭᠠᠷ ᠴᠢᠩᠭ᠎ᠠ ᠬᠡᠷᠡᠭᠵᠢᠭᠦᠯᠵᠦ ᠂ ᠲᠤᠰᠭᠠᠢ ᠲᠥᠷᠥᠯ ᠦ᠋ᠨ ᠴᠡᠭᠴᠡᠯᠡᠨ ᠵᠠᠰᠠᠬᠤ ᠠᠵᠢᠯ ᠢ᠋ ᠪᠣᠳᠠᠲᠠᠢ ᠭᠠᠵᠠᠷ ᠲᠤᠨᠢ ᠨᠠᠢᠳᠠᠪᠤᠷᠢᠵᠢᠭᠤᠯᠬᠤ ᠶ᠋ᠢ ᠪᠠᠲᠤᠯᠠᠵᠤ ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶ᠋ᠢ ᠪᠠᠲᠤᠯᠠᠬᠤ ᠬᠡᠷᠡᠭᠲᠡᠢ ᠂ ᠲᠤᠰᠭᠠᠢ ᠵᠦᠢᠯ ᠢ᠋ᠶ᠋ᠡᠷ ᠴᠡᠭᠴᠡᠯᠡᠨ ᠵᠠᠰᠠᠬᠤ ᠠᠵᠢᠯ ᠳ᠋ᠤ᠌ ᠢᠮᠠᠭᠲᠠ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ 《 ᠨᠢᠭᠡ ᠲᠥᠰᠦᠯ ᠂ ᠭᠤᠷᠪᠠᠨ ᠨᠠᠷᠢᠨ ᠬᠠᠭᠤᠳᠠᠰᠤ ᠂ ᠵᠠᠭᠤᠨ ᠬᠡᠷᠡᠭ 》 ᠢ᠋ᠶ᠋ᠡᠷ ᠭᠠᠷᠳᠠᠴᠠ ᠪᠣᠯᠭᠠᠵᠤ ᠂ ᠡᠯ᠎ᠡ ᠵᠦᠢᠯ ᠦ᠋ᠨ ᠠᠵᠢᠯ ᠤ᠋ᠨ ᠠᠷᠭ᠎ᠠ ᠬᠡᠮᠵᠢᠶ᠎ᠡ ᠶ᠋ᠢ ᠬᠢᠨᠠᠮᠠᠭᠠᠢ ᠨᠠᠢᠳᠠᠪᠤᠷᠢᠵᠢᠭᠤᠯᠤᠨ᠎ᠠ ᠂ ᠪᠠᠢᠴᠠᠭᠠᠵᠤ ᠭᠠᠷᠭᠠᠭᠰᠠᠨ ᠠᠰᠠᠭᠤᠳᠠᠯ ᠳ᠋ᠤ᠌ ᠬᠠᠨᠳᠤᠬᠤ ᠳ᠋ᠠᠭᠠᠨ ᠲᠣᠭᠲᠠᠭᠠᠨ ᠵᠠᠯᠠᠷᠠᠭᠤᠯᠵᠤ ᠂ ᠲᠤᠰᠭᠠᠢ ᠵᠦᠢᠯ ᠦ᠋ᠨ ᠠᠵᠢᠯ ᠤ᠋ᠨ ᠳᠤᠭᠤᠢᠯᠠᠩ ᠨᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠢᠴᠠᠭᠠᠬᠤ ᠶ᠋ᠢ ᠥᠷᠨᠢᠭᠦᠯᠵᠦ ᠂ ᠲᠤᠰᠭᠠᠢ ᠵᠦᠢᠯ ᠦ᠋ᠨ ᠴᠡᠭᠴᠡᠯᠡᠨ ᠵᠠᠰᠠᠬᠤ ᠠᠵᠢᠯ ᠢ᠋ ᠬᠡᠯᠪᠡᠷᠢ ᠶ᠋ᠢ ᠨᠢ ᠶᠠᠪᠤᠭᠤᠯᠬᠤ ᠥᠬᠡᠢ ᠂ ᠬᠠᠰᠢ ᠶᠠᠰᠢ ᠥᠩᠭᠡᠷᠡᠭᠡᠬᠦ ᠥᠬᠡᠢ ᠂ ᠦᠨᠡᠨᠬᠦ ᠨᠠᠢᠳᠠᠪᠤᠷᠢᠵᠢᠭᠤᠯᠵᠤ ᠂ ᠬᠠᠷᠢᠭᠤᠴᠠᠯᠭ᠎ᠠ ᠪᠠᠢᠪᠠᠯ ᠵᠠᠪᠠᠯ ᠡᠭᠦᠷᠭᠡᠯᠡᠬᠦ ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ ᠂ ᠬᠠᠷᠢᠭᠤᠴᠠᠯᠭ᠎ᠠ ᠨᠡᠬᠡᠮᠵᠢᠯᠡᠪᠡᠯ ᠵᠠᠪᠠᠯ ᠴᠢᠩᠭ᠎ᠠ ᠪᠠᠢᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ