ᠡᠭᠦᠷ ᠬᠠᠮᠲᠤ ᠪᠠᠷ ᠪᠠᠢᠭᠤᠯᠵᠤ ᠤᠭ ᠰᠠᠨᠠᠭ᠎ᠠ ᠪᠠᠨ ᠵᠢᠷᠤᠮᠯᠠᠨ ᠬᠠᠷᠢᠯᠴᠠᠨ ᠰᠤᠷᠤᠯᠴᠠᠵᠤ ᠬᠠᠮᠲᠤᠪᠠᠷ ᠳᠡᠭᠡᠭᠰᠢᠯᠡᠬᠦ ᠶ᠋ᠢ ᠠᠬᠢᠭᠤᠯᠤᠶ᠎ᠠ— ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠷᠪᠠᠳᠤᠭᠠᠷ ᠨᠠᠮ ᠤ᠋ᠨ ᠡᠭᠦᠷ ᠪᠣᠯᠤᠨ ᠳᠠᠯᠠᠳ ᠬᠣᠰᠢᠭᠤᠨ ᠤ᠋ ᠬᠣᠷᠢᠶᠠᠨ ᠤ᠋ ᠨᠢᠭᠡᠳᠦᠭᠡᠷ ᠨᠠᠮ ᠤ᠋ᠨ ᠡᠭᠦᠷ ᠨᠠᠮ ᠤ᠋ᠨ ᠡᠭᠦᠷ 
2020.09.04 ᠲᠣᠰ ᠥᠷᠲᠡᠭᠡᠨ ᠦ ᠨᠠᠢᠷᠠᠭᠤᠯᠤᠭᠴᠢ

ᠪᠦᠭᠦᠳᠡ ᠨᠠᠢᠷᠠᠮᠳᠠᠬᠤ ᠳᠤᠮᠳᠠᠳᠤ ᠡᠠᠷᠠᠣᠠ ᠡᠣᠯᠣᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ 99 ᠵᠢᠯ ᠦ᠋ᠨ ᠡᠣᠢ ᠶ᠋ᠢ ᠳᠤᠷᠠᠰᠭᠠᠬᠤ ᠶ᠋ᠢᠨ  ᠲᠥᠯᠦᠭᠡ᠎ᠨᠠᠮ ᠤ᠋ᠨ ᠵᠣᠬᠢᠶᠠᠨ ᠪᠠᠢᠭᠤᠯᠤᠯᠲᠠ ᠪᠣᠯᠤᠨ ᠨᠠᠮ ᠤ᠋ᠨ  ᠭᠡᠰᠢᠭᠦᠨ ᠺᠠᠲ᠋ᠷ ᠤ᠋ᠨ 《 ᠡᠠᠷᠠᠣᠠ ᠡᠣᠯᠣᠰ ᠲᠤ᠌ ᠡᠣᠢᠯᠠᠴᠢᠯᠠᠭᠦ 》ᠡᠣᠪᠠᠰᠢ ᠡᠭᠦᠷᠬᠡ᠎ ᠶ᠋ᠢ ᠡᠣᠯᠠᠮ   ᠴᠠᠭᠠᠰᠢᠲᠠ  ᠬᠦᠭᠵᠢᠭᠦᠯᠵᠦ ᠂ ᠡᠣᠷᠳᠣᠰ ᠬᠣᠲᠠ ᠶ᠋ᠢᠨ ᠳᠤᠮᠳᠠ  ᠰᠤᠷᠭᠠᠭᠤᠯᠢ ᠶ᠋ᠢᠨ ᠡᠠᠷᠪᠠᠳᠣᠭᠠᠷ ᠨᠠᠮ ᠤ᠋ᠨ ᠡᠭᠦᠷ (   ᠬᠡᠷᠡᠭ ᠪᠣᠯᠭᠠᠬᠤ ᠪᠠ᠎ ᠵᠠᠷᠭᠤ ᠬᠢᠬᠦ ᠡᠣᠢᠯᠠᠴᠢᠯᠠᠬᠡᠠ ᠬᠢᠬᠦ ᠪᠤᠢᠯᠭᠦᠮ )  ᠪᠦᠬᠦ ᠺᠠᠲ᠋ᠷ ᠴᠠᠭᠳᠠᠭᠠᠨ ᠤ᠋ ᠡᠠᠵᠢᠯᠯᠠᠬᠣ ᠂ ᠴᠢᠷᠮᠠᠢᠯᠲᠠ ᠲᠠᠢ ᠂ ᠡᠷᠳᠠᠢ ᠂  ᠬᠦᠴᠦᠲᠡᠢ  ᠳᠡᠭᠡᠭᠰᠢᠯᠡᠵᠦ ᠪᠠᠢᠵᠠᠢ ᠃

 

7 ᠰᠠᠷ᠎ᠠ ᠶ᠋ᠢᠨ 9 ᠦ᠌ ᠡᠳᠦᠷ ᠦ᠋ᠨ ᠦᠳᠡ ᠶ᠋ᠢᠨ ᠡᠮᠦᠨ᠎ᠡ ᠂ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠠᠷᠪᠠᠳᠤᠭᠠᠷ ᠨᠠᠮ ᠤ᠋ᠨ ᠡᠭᠦᠷ ᠦ᠋ᠨ ᠬᠢᠨ ᠳᠠᠯᠠᠳ  ᠬᠣᠰᠢᠭᠤᠨ ᠤ᠋  ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠢ᠋ ᠲᠣᠭᠣᠷᠢᠨ ᠦᠵᠡᠭᠰᠡᠨ ᠪᠥᠭᠡᠳ ᠳᠠᠯᠠᠳ  ᠬᠣᠰᠢᠭᠤᠨ ᠤ᠋  ᠰᠢᠭᠦᠬᠦ ᠬᠣᠷᠢᠶᠠᠨ ᠤ᠋ ᠬᠡᠷᠡᠭ ᠪᠣᠯᠭᠠᠬᠤ ᠲᠢᠩᠬᠢᠮ ᠲᠡᠢ ᠬᠣᠶᠠᠷ 《ᠨᠢᠭᠡ ᠥᠷᠲᠡᠭᠡᠴᠢᠯᠡᠭᠰᠡᠨ ᠬᠡᠯᠪᠡᠷᠢ》 ᠶ᠋ᠢᠨ ᠪᠠᠢᠭᠤᠯᠤᠯᠲᠠ ᠶ᠋ᠢᠨ ᠲᠣᠭᠣᠷᠢᠨ ᠳ᠋ᠤ᠌ ᠵᠠᠭᠠᠯᠳᠤᠬᠤ ᠠ᠋ᠴᠠ ᠡᠮᠦᠨ᠎ᠡ ᠡᠶᠡᠳᠡᠭᠦᠯᠬᠦ ᠠᠵᠢᠯ ᠢ᠋ ᠬᠡᠷᠬᠢᠨ ᠥᠷᠨᠢᠭᠦᠯᠬᠦ ᠲᠤᠬᠠᠢ  ᠲᠤᠷᠰᠢᠯᠭ᠎ᠠ ᠰᠣᠯᠢᠯᠴᠠᠬᠤ ᠰᠠᠭᠤᠳᠠᠯ ᠤ᠋ᠨ ᠬᠤᠷᠠᠯ ᠬᠢᠪᠡ ᠃
 ᠲᠤᠰ ᠡᠳᠦᠷ ᠦ᠋ᠨ ᠦᠳᠡ ᠶ᠋ᠢᠨ ᠬᠣᠢᠨ᠎ᠠ ᠂ ᠨᠠᠮ ᠤ᠋ᠨ ᠡᠭᠦᠷ ᠬᠠᠮᠲᠤ ᠪᠠᠷ ᠪᠠᠢᠭᠤᠯᠬᠤ ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠳᠠᠯᠠᠳ  ᠬᠣᠰᠢᠭᠤᠨ ᠤ᠋ ᠪᠠᠢ ᠨᠢ ᠵᠢᠩ ᠪᠠᠯᠭᠠᠰᠤᠨ ᠤ᠋ ᠴᠢ ᠹᠧᠨ ᠽᠢ ᠲᠣᠰᠭᠣᠨ ᠳ᠋ᠤ᠌ ᠶᠠᠪᠤᠭᠳᠠᠪᠠ ᠃ ᠠᠵᠢᠯᠯᠠᠭ᠎ᠠ ᠨᠢ ᠶᠠᠭᠤᠨ ᠤ᠋ ᠡᠮᠦᠨ᠎ᠡ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢ ᠤᠷᠢᠵᠤ ᠲᠣᠰᠭᠣᠨ ᠳ᠋ᠤ᠌ ᠰᠠᠭᠤᠭ᠎ᠠ ᠠᠵᠢᠯᠯᠠᠬᠤ ᠠᠩᠭᠢ ᠶ᠋ᠢᠨ ᠨᠢᠭᠡᠳᠦᠭᠡᠷ ᠱᠦᠵᠢ ᠴᠧᠨ ᠵᠧᠨ ᠢ᠋ ᠤᠷᠢᠵᠤ ᠶᠠᠳᠠᠭᠤ ᠠ᠋ᠴᠠ ᠠᠩᠭᠢᠵᠢᠷᠠᠭᠤᠯᠬᠤ ᠠᠵᠢᠯ ᠤ᠋ᠨ  ᠲᠤᠷᠰᠢᠯᠭ᠎ᠠ ᠵᠢᠴᠢ ᠲᠡᠷᠢᠭᠦᠨ ᠦ᠌ ᠦᠢᠯᠡ ᠠᠵᠢᠯᠯᠠᠭ᠎ᠠ ᠶ᠋ᠢ ᠲᠠᠨᠢᠯᠴᠠᠭᠤᠯᠵᠤ ᠂ ᠰᠣᠨᠣᠰᠭᠠᠬᠤ ᠪᠠᠷ ᠳᠠᠮᠵᠢᠨ ᠂ ᠣᠯᠠᠨ ᠢ᠋ᠶ᠋ᠠᠷ ᠢ᠋ᠶ᠋ᠠᠨ ᠠᠵᠢᠯᠯᠠᠬᠤ ᠠᠩᠭᠢ ᠡᠯ᠎ᠡ ᠵᠦᠢᠯ ᠦ᠋ᠨ ᠬᠦᠴᠢᠷ ᠪᠡᠷᠬᠡᠱᠢᠶᠡᠯ ᠢ᠋ ᠢᠯᠠᠨ ᠳᠠᠪᠠᠵᠤ ᠂ ᠠᠵᠢᠯ ᠤ᠋ᠨ ᠪᠠᠢᠷᠢ ᠶ᠋ᠢᠨ ᠲᠤᠰᠢᠶᠠᠯ ᠬᠠᠷᠢᠭᠤᠴᠠᠯᠭ᠎ᠠ ᠶ᠋ᠢ ᠪᠠᠲᠤ ᠰᠠᠬᠢᠬᠤ ᠬᠢᠯᠪᠠᠷ ᠪᠤᠰᠤ ᠪᠠ ᠦᠷᠡᠭᠳᠡᠯ ᠭᠠᠷᠭᠠᠵᠤ ᠂ ᠶᠠᠳᠠᠭᠤ ᠠ᠋ᠴᠠ ᠠᠩᠭᠢᠵᠢᠷᠠᠭᠤᠯᠬᠤ ᠠᠵᠢᠯ ᠤ᠋ᠨ ᠢᠯᠡᠳᠲᠡ ᠦᠷ᠎ᠡ ᠪᠦᠲᠦᠮᠵᠢ ᠳ᠋ᠦ᠍ ᠴᠢᠩ ᠰᠡᠳᠭᠢᠯ ᠦ᠋ᠨ ᠪᠠᠶᠠᠷ ᠪᠠ ᠣᠮᠣᠭ ᠪᠠᠬᠠᠳᠤᠯ ᠢ᠋ ᠣᠯᠪᠠ ᠂ ᠵᠠᠯᠭᠠᠭᠠᠳ 《ᠬᠠᠢᠷ᠎ᠠ · ᠪᠡᠶ᠎ᠡ ᠶ᠋ᠢᠨ  ᠬᠠᠯᠠᠮᠰᠢᠯ· ᠠᠮᠢᠵᠢᠷᠠᠯ ᠤ᠋ᠨ ᠬᠦᠴᠦᠨ》 ᠪᠠᠢᠭᠤᠯᠤᠮᠵᠢ ᠶ᠋ᠢᠨ ᠰᠡᠳᠭᠢᠴᠡ ᠶ᠋ᠢᠨ ᠠᠰᠠᠭᠤᠨ ᠯᠠᠪᠯᠠᠬᠤ ᠪᠠᠭᠰᠢ ᠶ᠋ᠢ ᠤᠷᠢᠵᠤ ᠣᠯᠠᠨ ᠳ᠋ᠤ᠌ 《 ᠰᠡᠳᠭᠢᠯᠭᠡ ᠲᠦᠷᠭᠡᠨ ᠠᠪᠤᠷᠠᠬᠤ ᠬᠠᠢᠷᠴᠠᠭ》 ᠤ᠋ᠨ ᠬᠢᠴᠢᠶᠡᠯ ᠵᠢᠭᠠᠵᠤ᠂  ᠰᠢᠷᠢᠰ ᠰᠣᠨᠢᠷᠬᠠᠯᠲᠠᠢ ᠬᠠᠷᠢᠯᠴᠠᠨ ᠬᠥᠳᠡᠯᠦᠯᠴᠡᠬᠦ ᠲᠣᠭᠯᠠᠭᠠᠮ ᠢ᠋ᠶ᠋ᠠᠷ ᠳᠠᠮᠵᠢᠨ ᠣᠯᠠᠨ ᠢ᠋ ᠤᠷᠮ᠎ᠠ ᠰᠡᠳᠭᠢᠯᠭᠡ ᠶ᠋ᠢ ᠨᠢ ᠬᠥᠩᠭᠡᠷᠡᠭᠦᠯᠵᠦ᠂ ᠳᠠᠷᠤᠯᠲᠠ ᠶ᠋ᠢ ᠨᠢ ᠬᠥᠩᠭᠡᠷᠡᠭᠦᠯᠵᠡᠢ᠃ ᠬᠠᠮᠤᠭ ᠰᠡᠭᠦᠯ ᠳ᠋ᠦ᠍ ᠨᠢ ᠂ ᠺᠠᠲ᠋ᠷ ᠴᠠᠭᠳᠠᠭ᠎ᠠ ᠨᠠᠷ ᠳᠣᠯᠣᠭᠠᠨ ᠬᠤᠪᠢ ᠲᠣᠰᠭᠣᠨ ᠤ᠋ ᠦᠵᠡᠰᠭᠦᠯᠡᠩ ᠦ᠋ᠨ ᠣᠷᠳᠣᠨ ᠂ ᠨᠠᠮ ᠤ᠋ᠨ ᠪᠠᠢᠭᠤᠯᠤᠯᠲᠠ ᠶ᠋ᠢᠨ ᠰᠣᠶᠣᠯ ᠤ᠋ᠨ ᠬᠣᠩᠭᠢᠯ ᠂ ᠱᠠᠨ ᠬᠠᠢ ᠠᠷᠠᠳ ᠤ᠋ᠨ ᠵᠠᠩ ᠦᠢᠯᠡ ᠶ᠋ᠢᠨ ᠣᠷᠳᠣᠨ ᠵᠡᠷᠭᠡ ᠶ᠋ᠢ ᠲᠣᠭᠣᠷᠢᠨ ᠦᠵᠡᠵᠦ ᠂ ᠬᠦᠷᠦᠭᠰᠡᠨ ᠭᠠᠵᠠᠷ ᠪᠣᠯᠭᠠᠨ ᠳ᠋ᠤ᠌ ᠬᠠᠷᠠᠭᠳᠠᠳᠠᠭ ᠵᠢᠷᠤᠭ ᠳᠦᠷᠰᠦ ᠂ ᠳᠡᠯᠭᠡᠨ ᠦᠵᠡᠭᠦᠯᠬᠦ ᠬᠣᠷᠭᠣ ᠳᠣᠲᠣᠷᠠᠬᠢ ᠨᠢᠭᠡᠨ ᠬᠠᠭᠤᠴᠢᠨ ᠡᠳ᠋ ᠪᠣᠳᠠᠰ ᠢ᠋ ᠲᠣᠭᠣᠷᠢᠨ ᠦᠵᠡᠵᠦ ᠂ ᠲᠣᠭᠣᠷᠢᠨ ᠦᠵᠡᠭᠴᠢᠳ ᠲᠦ᠍ ᠥᠨᠢ ᠤᠳᠠᠭᠠᠨ ᠲᠡᠦᠬᠡ ᠪᠣᠯᠤᠨ ᠰᠣᠶᠣᠯ ᠢ᠋ ᠳᠡᠯᠭᠡᠨ ᠦᠵᠡᠭᠦᠯᠵᠦ ᠪᠠᠢᠳᠠᠭ ᠃
 ᠳᠠᠷᠠᠭ᠎ᠠ ᠡᠳᠦᠷ ᠨᠢ ᠂ ᠬᠤᠷᠴᠠ  ᠰᠢᠷᠦᠭᠦᠨ ᠭᠡᠷ ᠦ᠋ᠨ ᠭᠠᠳᠠᠨᠠᠬᠢ ᠥᠷᠭᠡᠳᠭᠡᠬᠦ ᠠᠵᠢᠯᠯᠠᠭ᠎ᠠ ᠪᠠᠷ ᠳᠠᠮᠵᠢᠨ ᠂ ᠣᠯᠠᠨ ᠢ᠋ᠶ᠋ᠠᠷ ᠢ᠋ᠶ᠋ᠠᠨ ᠪᠦᠯᠬᠦᠮ ᠦ᠋ᠨ  ᠭᠡᠰᠢᠭᠦᠳ ᠦ᠋ᠨ ᠬᠣᠭᠣᠷᠣᠨᠳᠣᠬᠢ ᠬᠠᠮᠵᠢᠯᠴᠠᠭ᠎ᠠ ᠪᠣᠯᠤᠨ ᠢᠲᠡᠭᠡᠯᠴᠡᠭᠡ ᠪᠣᠯ ᠪᠢᠳᠡᠨ ᠦ᠌ ᠠᠩᠬᠠᠨ ᠤ᠋ ᠵᠣᠷᠢᠯᠲᠠ ᠪᠠᠨ ᠪᠠᠲᠤ ᠰᠠᠬᠢᠵᠤ ᠂ ᠬᠦᠴᠦ ᠪᠡᠨ ᠬᠠᠮᠲᠤᠳᠭᠠᠨ ᠂ ᠡᠷᠡᠯᠬᠡᠭᠯᠡᠨ  ᠤᠷᠤᠭᠰᠢᠯᠠᠵᠤ᠂ ᠠᠮᠵᠢᠯᠲᠠ ᠪᠦᠲᠦᠮᠵᠢ ᠣᠯᠬᠤ ᠶ᠋ᠢᠨ ᠴᠢᠬᠤᠯᠠ ᠬᠦᠴᠦᠨ ᠵᠦᠢᠯ ᠪᠣᠯᠬᠤ ᠶ᠋ᠢ ᠭᠦᠨᠵᠡᠭᠡᠢ ᠣᠢᠯᠠᠭᠠᠵᠤ ᠮᠡᠳᠡᠵᠡᠢ ᠃ ᠡᠨᠡ ᠤᠳᠠᠭᠠᠨ ᠤ᠋ ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠨᠢ ᠣᠷᠣᠯᠴᠠᠭᠴᠢ ᠨᠢᠭᠡᠪᠦᠷᠢ ᠶ᠋ᠢᠨ  ᠬᠤᠢᠰᠢᠲᠠ ᠶ᠋ᠢᠨ ᠠᠵᠢᠯ ᠤ᠋ᠨ ᠳᠤᠮᠳᠠ ᠪᠠᠨ ᠬᠦᠰᠡᠯᠡᠩ ᠢᠲᠡᠭᠡᠯ ᠵᠣᠷᠢᠭ ᠢ᠋ᠶ᠋ᠠᠨ ᠦᠷᠭᠦᠯᠵᠢᠯᠡᠨ ᠪᠠᠲᠤᠳᠭᠠᠵᠤ ᠂ ᠠᠵᠢᠯ ᠤ᠋ᠨ ᠪᠠᠢᠷᠢ ᠶ᠋ᠢᠨ ᠡᠭᠦᠷᠭᠡ ᠬᠠᠷᠢᠭᠤᠴᠠᠯᠭ᠎ᠠ ᠳ᠋ᠠᠭᠠᠨ  ᠰᠢᠳᠤᠷᠭᠤ ᠪᠠᠢᠵᠤ ᠂ ᠯᠠᠪᠳᠠᠭᠤᠨ ᠪᠠᠲᠤᠲᠠᠢ ᠠᠵᠢᠯᠯᠠᠨ ᠂ ᠨᠡᠩ ᠪᠢᠯᠬᠠᠮ᠎ᠠ ᠬᠠᠯᠠᠭᠤᠨ ᠰᠡᠳᠭᠢᠯᠭᠡ ᠂ ᠨᠡᠩ ᠪᠣᠳᠠᠲᠠᠢ ᠠᠵᠢᠯ ᠬᠢᠬᠦ ᠠᠵᠢᠯ ᠤ᠋ᠨ ᠰᠤᠷᠲᠠᠯ ᠢ᠋ᠶ᠋ᠠᠷ ᠠᠵᠢᠯ ᠪᠣᠯᠭᠠᠨ ᠢ᠋ ᠰᠠᠢᠲᠤᠷ ᠬᠢᠬᠦ ᠶ᠋ᠢ ᠵᠣᠷᠢᠭᠵᠢᠭᠤᠯᠪᠠ ᠃
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )