ᠳᠣᠣᠷᠠᠲᠤ ᠱᠠᠲᠤᠨ ᠤ᠋ ᠬᠢᠨᠠᠯᠲᠠ ᠶ᠋ᠢᠨ ᠵᠢᠯᠣᠭᠣᠳᠬᠤ ᠠᠵᠢᠯ ᠢ᠋ ᠦᠨᠡᠨᠬᠦ ᠴᠢᠩᠭᠠᠳᠭᠠᠵᠤ ᠂ ᠰᠢᠭᠦᠨ ᠲᠠᠰᠤᠯᠤᠯᠲᠠ ᠶ᠋ᠢᠨ ᠰᠡᠳᠭᠢᠴᠡ ᠪᠠ ᠪᠠᠷᠢᠮᠵᠢᠶ᠎ᠠ ᠶ᠋ᠢ ᠤᠯᠠᠮ ᠨᠢᠭᠡ ᠠᠯᠬᠤᠮ ᠨᠢᠭᠡᠳᠭᠡᠵᠦ ᠂ ᠬᠡᠷᠡᠭ ᠦ᠋ᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠶ᠋ᠢ ᠠᠬᠢᠭᠤᠯᠤᠨ ᠂ 2020 ᠣᠨ ᠤ᠋ ᠪᠦᠬᠦ ᠣᠷᠣᠨ ᠤ᠋ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠪᠠᠢᠴᠠᠭᠠᠨ ᠰᠤᠳᠤᠯᠤᠯᠲᠠ ᠶ᠋ᠢᠨ ᠭᠣᠣᠯᠳᠠᠯᠭ᠎ᠠ ᠲᠠᠢ ᠰᠡᠳᠦᠪ 《 ᠠᠷᠠᠳ ᠤ᠋ᠨ ᠵᠢᠭᠡᠯᠡᠯᠭᠡ ᠶ᠋ᠢᠨ ᠵᠢᠭᠤᠷᠠᠯᠳᠤᠭᠠᠨ ᠤ᠋ ᠲᠥᠷᠥᠯ ᠦ᠋ᠨ ᠬᠡᠷᠡᠭ ᠦ᠋ᠨ ᠵᠢᠭᠡᠯᠡᠯᠭᠡ ᠶ᠋ᠢᠨ ᠪᠣᠳᠠᠲᠤ ᠶᠠᠪᠤᠳᠠᠯ ᠢ᠋ ᠨᠤᠲᠠᠯᠠᠬᠤ ᠠᠰᠠᠭᠤᠳᠠᠯ》 ᠤ᠋ᠨ ᠠᠵᠢᠯ ᠢ᠋ ᠰᠠᠢᠲᠤᠷ ᠬᠢᠵᠦ ᠂ 6 ᠰᠠᠷ᠎ᠠ ᠶ᠋ᠢᠨ 8 ᠤ᠋ ᠡᠳᠦᠷ ᠡᠴᠡ 12 ᠤ᠋ ᠡᠳᠦᠷ ᠪᠣᠯᠲᠠᠯ᠎ᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠷᠠᠳ ᠤ᠋ᠨ ᠵᠢᠭᠡᠯᠡᠯᠭᠡ ᠶ᠋ᠢᠨ ᠮᠥᠩᠭᠥ ᠶ᠋ᠢ ᠵᠢᠭᠡᠯᠡᠵᠦ ᠪᠠᠢᠨ᠎ᠠ ᠃
ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠳ᠋ᠦᠩᠱᠧᠩ ᠲᠣᠭᠣᠷᠢᠭ ᠤ᠋ᠨ ᠰᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ
ᠪᠠᠢᠴᠠᠭᠠᠨ ᠰᠤᠳᠤᠯᠬᠤ ᠳᠤᠭᠤᠢᠯᠠᠩ ᠤ᠋ᠨ ᠳᠠᠯᠠᠳ ᠬᠣᠰᠢᠭᠤᠨ ᠤ᠋ ᠰᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ
ᠪᠠᠢᠴᠠᠭᠠᠨ ᠰᠤᠳᠤᠯᠬᠤ ᠳᠤᠭᠤᠢᠯᠠᠩ ᠵᠡᠭᠦᠨᠭᠠᠷ ᠬᠣᠰᠢᠭᠤᠨ ᠤ᠋ ᠰᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ
ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠶ᠋ᠢᠨ ᠳᠤᠮᠳᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠷᠠᠳ ᠤ᠋ᠨ ᠵᠢᠭᠡᠯᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠨᠢ ᠰᠢᠭᠦᠨ ᠲᠠᠰᠤᠯᠬᠤ ᠦᠢᠯᠡᠳᠦᠯᠭᠡ ᠶ᠋ᠢᠨ ᠬᠦᠴᠢᠷ ᠂ ᠰᠡᠵᠢᠭ ᠲᠡᠢ ᠠᠰᠠᠭᠤᠳᠠᠯ ᠤ᠋ᠨ ᠲᠣᠭᠣᠷᠢᠨ ᠳ᠋ᠤ᠌ ᠡᠯ᠎ᠡ ᠬᠣᠷᠢᠶ᠎ᠠ ᠲᠠᠢ ᠨᠡᠪᠲᠡᠷᠡᠯᠴᠡᠭᠡ ᠪᠠ ᠰᠣᠯᠢᠯᠴᠠᠭ᠎ᠠ ᠬᠢᠵᠡᠢ ᠄ ᠨᠢᠭᠡ ᠳ᠋ᠦ᠍ ᠬᠤᠳᠠᠯ ᠬᠠᠭᠤᠷᠮᠠᠭ ᠪᠤᠶᠤ ᠠᠷᠠᠳ ᠤ᠋ᠨ ᠳᠤᠮᠳᠠᠬᠢ ᠬᠤᠳᠠᠯ ᠬᠠᠭᠤᠷᠮᠠᠭ ᠵᠢᠭᠡᠯᠡᠯᠭᠡ ᠶ᠋ᠢᠨ ᠵᠠᠭᠠᠯᠳᠤᠯᠭ᠎ᠠ ᠶ᠋ᠢᠨ ᠬᠡᠷᠡᠭ ᠲᠦ᠍ ᠂ ᠬᠤᠳᠠᠯ ᠬᠠᠭᠤᠷᠮᠠᠭ ᠵᠠᠷᠭᠤ ᠶ᠋ᠢᠨ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠮᠠᠭᠤ ᠰᠠᠨᠠᠭ᠎ᠠ ᠪᠠᠷ ᠭᠤᠷᠪᠠᠳᠤᠭᠠᠷ ᠬᠥᠮᠦᠨ ᠦ᠌ ᠡᠷᠬᠡ ᠠᠰᠢᠭ ᠢ᠋ ᠬᠣᠬᠢᠷᠠᠭᠤᠯᠤᠭᠰᠠᠨ ᠂ ᠵᠠᠭᠠᠯᠳᠤᠭᠴᠢ ᠪᠠ ᠨᠢᠭᠡ ᠡᠲᠡᠭᠡᠳ ᠨᠢ ᠮᠠᠭᠤ ᠰᠠᠨᠠᠭ᠎ᠠ ᠪᠠᠷ ᠰᠦᠯᠪᠡᠭᠡᠯᠡᠨ ᠬᠣᠬᠢᠷᠠᠭᠳᠠᠭᠰᠠᠨ ᠵᠡᠷᠭᠡ ᠨᠢᠭᠡ ᠡᠲᠡᠭᠡᠳ ᠪᠣᠯᠤᠨ᠎ᠠ ᠃ ᠬᠣᠶᠠᠷ ᠲᠤ᠌ ᠠᠷᠠᠳ ᠤ᠋ᠨ ᠵᠢᠭᠡᠯᠡᠯᠭᠡ ᠶ᠋ᠢᠨ ᠬᠡᠷᠡᠭ ᠦ᠋ᠨ ᠭᠣᠣᠯ ᠥᠭᠴᠡᠭᠡᠲᠡᠨ ᠨᠢ ᠶᠠᠯ᠎ᠠ ᠬᠢᠭᠰᠡᠨ ᠰᠡᠵᠢᠭᠯᠡᠯᠲᠡᠢ ᠪᠠᠢᠵᠤ ᠂ ᠠᠪᠴᠠᠭᠠᠲᠠᠨ ᠨᠢ ᠵᠥᠪᠬᠡᠨ ᠪᠠᠲᠤᠯᠠᠭᠴᠢ ᠶ᠋ᠢ ᠵᠠᠭᠠᠯᠳᠤᠵᠤ ᠂ ᠵᠢᠭᠡᠯᠡᠯᠭᠡ ᠶ᠋ᠢᠨ ᠭᠡᠷ᠎ᠡ ᠶ᠋ᠢ ᠭᠦᠢᠴᠡᠳᠭᠡᠬᠦ ᠬᠤᠭᠤᠴᠠᠭᠠᠨ ᠤ᠋ ᠪᠣᠯᠵᠣᠭ᠎ᠠ ᠶ᠋ᠢ ᠦᠨᠳᠦᠰᠦᠯᠡᠨ ᠪᠠᠲᠤᠯᠠᠭ᠎ᠠ ᠶ᠋ᠢᠨ ᠬᠤᠭᠤᠴᠠᠭ᠎ᠠ ᠶ᠋ᠢ ᠡᠬᠢᠯᠡᠵᠦ ᠪᠣᠳᠣᠬᠤ ᠴᠠᠭ ᠂ ᠪᠠᠲᠤᠯᠠᠭᠴᠢ ᠪᠠᠲᠤᠯᠠᠬᠤ ᠬᠠᠷᠢᠭᠤᠴᠠᠯᠭ᠎ᠠ ᠡᠭᠦᠷᠭᠡᠯᠡᠬᠦ ᠡᠰᠡᠬᠦ ᠶ᠋ᠢ ᠮᠠᠭᠠᠳᠯᠠᠬᠤ ᠠᠰᠠᠭᠤᠳᠠᠯ ᠪᠣᠯᠤᠨ᠎ᠠ ᠂ᠭᠤᠷᠪᠠ ᠳ᠋ᠤ᠌ ᠵᠠᠭᠠᠯᠳᠤᠭᠴᠢ ᠨᠢ ᠵᠥᠪᠬᠡᠨ ᠳᠠᠩᠰᠠ ᠰᠢᠯᠵᠢᠭᠦᠯᠬᠦ ᠭᠡᠷᠡᠴᠢ ᠪᠠᠷᠢᠮᠲᠠ ᠬᠠᠩᠭᠠᠵᠤ᠂ ᠵᠠᠭᠠᠯᠳᠤᠭᠳᠠᠭᠴᠢ ᠡᠰᠡᠷᠭᠦᠴᠡᠨ ᠮᠠᠷᠭᠤᠬᠤ ᠨᠢ ᠪᠤᠰᠤᠳ ᠬᠠᠤᠯᠢ ᠴᠠᠭᠠᠵᠠ ᠶ᠋ᠢᠨ ᠬᠠᠷᠢᠴᠠᠭᠠᠨ ᠤ᠋ ᠠᠷᠠᠳ ᠤ᠋ᠨ ᠵᠢᠭᠡᠯᠡᠯᠭᠡ ᠶ᠋ᠢᠨ ᠬᠡᠷᠡᠭ ᠦ᠋ᠨ ᠳᠣᠲᠣᠷ᠎ᠠ᠂ ᠠᠷᠠᠳ ᠤ᠋ᠨ ᠵᠢᠭᠡᠯᠡᠯᠭᠡ ᠶ᠋ᠢᠨ ᠬᠠᠤᠯᠢ ᠴᠠᠭᠠᠵᠠ ᠶ᠋ᠢᠨ ᠬᠠᠷᠢᠴᠠᠭ᠎ᠠ ᠪᠤᠶᠤ ᠪᠤᠰᠤᠳ ᠬᠠᠤᠯᠢ ᠴᠠᠭᠠᠵᠠ ᠶ᠋ᠢᠨ ᠬᠠᠷᠢᠴᠠᠭᠠᠨ ᠤ᠋ ᠪᠣᠳᠠᠲᠠᠢ ᠭᠡᠷᠡᠴᠢ ᠪᠠᠷᠢᠮᠲᠠ ᠴᠤᠭᠯᠠᠭᠤᠯᠬᠤ ᠵᠢᠴᠢ ᠮᠠᠭᠠᠳᠯᠠᠨ ᠲᠣᠭᠲᠠᠭᠠᠬᠤ ᠠᠰᠠᠭᠤᠳᠠᠯ ᠪᠣᠯᠤᠨ᠎ᠠ᠃ ᠳᠥᠷᠪᠡ ᠳ᠋ᠦ᠍ ᠠᠷᠠᠳ ᠤ᠋ᠨ ᠳᠤᠮᠳᠠᠬᠢ ᠵᠢᠭᠡᠯᠡᠯᠭᠡ ᠶ᠋ᠢᠨ ᠬᠡᠷᠡᠭ ᠦ᠋ᠨ ᠵᠠᠭᠠᠯᠳᠤᠭᠴᠢ ᠨᠢ ᠵᠥᠪᠬᠡᠨ ᠵᠣᠭᠣᠰ ᠵᠢᠭᠡᠯᠡᠭᠰᠡᠨ ᠭᠡᠷᠡᠴᠢ ᠪᠠᠷᠢᠮᠲᠠ ᠶ᠋ᠢ ᠬᠠᠩᠭᠠᠵᠤ᠂ ᠵᠠᠭᠠᠯᠳᠤᠭᠳᠠᠭᠴᠢ ᠡᠰᠡᠷᠭᠦᠴᠡᠨ ᠮᠠᠷᠭᠤᠯᠳᠤᠬᠤ ᠵᠠᠭᠠᠯᠳᠤᠭᠴᠢ ᠨᠢ ᠵᠣᠭᠣᠰ ᠵᠢᠭᠡᠯᠡᠭᠰᠡᠨ ᠡᠭᠦᠷᠭᠡ ᠪᠡᠨ ᠭᠦᠢᠴᠡᠳᠭᠡᠭᠰᠡᠨ ᠦᠭᠡᠢ ᠂ ᠵᠥᠪᠬᠡᠨ ᠵᠣᠭᠣᠰ ᠵᠢᠭᠡᠯᠡᠭᠰᠡᠨ ᠭᠡᠷᠡᠴᠢ ᠪᠠᠷᠢᠮᠲᠠ ᠪᠠᠷ ᠵᠣᠭᠣᠰ ᠵᠢᠭᠡᠯᠡᠭᠰᠡᠨ ᠪᠣᠳᠠᠲᠤ ᠶᠠᠪᠤᠳᠠᠯ ᠢ᠋ ᠮᠠᠭᠠᠳᠯᠠᠵᠤ ᠴᠢᠳᠠᠬᠤ ᠡᠰᠡᠬᠦ ᠲᠤᠬᠠᠢ ᠠᠰᠠᠭᠤᠳᠠᠯ ᠪᠣᠯᠤᠨ᠎ᠠ ᠂ ᠲᠠᠪᠤ ᠳ᠋ᠤ᠌ ᠠᠷᠠᠳ ᠤ᠋ᠨ ᠵᠢᠭᠡᠯᠡᠯᠭᠡ ᠶ᠋ᠢᠨ ᠬᠡᠷᠡᠭ ᠲᠦ᠍ ᠡᠷ᠎ᠡ ᠡᠮ᠎ᠡ ᠬᠣᠶᠠᠭᠤᠯᠠ ᠶ᠋ᠢᠨ ᠬᠠᠮᠲᠤ ᠶ᠋ᠢᠨ ᠥᠷᠢ ᠥᠭᠴᠡᠭᠡ ᠶ᠋ᠢ ᠮᠠᠭᠠᠳᠯᠠᠨ ᠲᠣᠭᠲᠠᠭᠠᠬᠤ ᠵᠢᠴᠢ ᠥᠷᠢ ᠥᠭᠴᠡᠭᠡ ᠶ᠋ᠢ ᠭᠡᠷ ᠪᠦᠯᠢ ᠶ᠋ᠢᠨ ᠡᠳᠦᠷ ᠳᠣᠳᠣᠮ ᠤ᠋ᠨ ᠠᠮᠢᠳᠤᠷᠠᠯ ᠳ᠋ᠤ᠌ ᠬᠡᠷᠡᠭᠰᠡᠬᠦ ᠡᠰᠡᠬᠦ ᠪᠤᠶᠤ ᠡᠳᠦᠷ ᠳᠣᠳᠣᠮ ᠤ᠋ᠨ ᠠᠮᠢᠳᠤᠷᠠᠯ ᠤ᠋ᠨ ᠬᠡᠷᠡᠭᠴᠡᠭᠡ ᠲᠡᠢ ᠬᠡᠲᠦᠷᠡᠭᠰᠡᠨ ᠡᠰᠡᠬᠦ ᠶ᠋ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶ᠋ᠢᠨ ᠠᠰᠠᠭᠤᠳᠠᠯ ᠪᠣᠯᠤᠨ᠎ᠠ ᠂ᠵᠢᠷᠭᠤᠭ᠎ᠠ ᠳ᠋ᠤ᠌ ᠠᠷᠠᠳ ᠤ᠋ᠨ ᠵᠢᠭᠡᠯᠡᠯᠭᠡ ᠶ᠋ᠢᠨ ᠬᠡᠷᠡᠭ ᠦ᠋ᠨ ᠳᠣᠲᠣᠷᠠᠬᠢ ᠵᠢᠭᠡᠯᠡᠯᠭᠡ ᠵᠢᠭᠡᠯᠡᠭᠰᠡᠨ ᠬᠣᠶᠠᠷ ᠡᠲᠡᠭᠡᠳ ᠦ᠋ᠨ ᠵᠣᠭᠣᠰ ᠵᠢᠭᠡᠯᠡᠭᠰᠡᠨ ᠪᠠ ᠵᠣᠭᠣᠰ ᠪᠤᠴᠠᠭᠠᠭᠰᠠᠨ ᠲᠣᠭ᠎ᠠ ᠨᠢ ᠨᠡᠯᠢᠶᠡᠳ ᠠᠷᠪᠢᠨ ᠪᠠᠢᠬᠤ ᠬᠡᠷᠡᠭ ᠨᠢ ᠵᠣᠭᠣᠰ ᠪᠤᠴᠠᠭᠠᠭᠰᠠᠨ ᠪᠣᠳᠠᠲᠤ ᠶᠠᠪᠤᠳᠠᠯ ᠢ᠋ ᠮᠠᠭᠠᠳᠯᠠᠨ ᠲᠣᠭᠲᠠᠭᠠᠭᠰᠠᠨ ᠨᠢ ᠨᠡᠯᠢᠶᠡᠳ ᠪᠤᠳᠤᠯᠢᠶᠠᠨᠲᠠᠢ ᠪᠤᠶᠤ ᠲᠥᠯᠥᠭᠰᠡᠨ ᠲᠣᠭ᠎ᠠ ᠬᠡᠮᠵᠢᠶ᠎ᠡ ᠨᠢ ᠨᠡᠯᠢᠶᠡᠳ ᠠᠷᠪᠢᠨ ᠪᠠᠢᠬᠤ ᠨᠢ ᠵᠣᠭᠣᠰ ᠪᠤᠴᠠᠭᠠᠬᠤ ᠳᠡᠰ ᠳᠠᠷᠠᠭᠠᠯᠠᠯ ᠪᠣᠯᠤᠨ ᠬᠦᠦ ᠮᠥᠩᠭᠥ ᠶ᠋ᠢ ᠬᠠᠷᠭᠤᠭᠤᠯᠤᠨ ᠬᠠᠰᠤᠬᠤ ᠵᠡᠷᠭᠡ ᠠᠰᠠᠭᠤᠳᠠᠯ ᠳ᠋ᠤ᠌ ᠬᠣᠯᠪᠣᠭᠳᠠᠵᠤ ᠪᠠᠢᠨ᠎ᠠ ᠃
ᠪᠠᠢᠴᠠᠭᠠᠨ ᠰᠤᠳᠤᠯᠬᠤ ᠳᠤᠭᠤᠢᠯᠠᠩ ᠡᠵᠡᠨ ᠬᠣᠷᠣᠭ᠎ᠠ ᠬᠣᠰᠢᠭᠤᠨ ᠤ᠋ ᠰᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ
ᠪᠠᠢᠴᠠᠭᠠᠨ ᠰᠤᠳᠤᠯᠬᠤ ᠳᠤᠭᠤᠢᠯᠠᠩ ᠣᠷᠤᠰᠢᠨ ᠬᠣᠰᠢᠭᠤᠨ ᠤ᠋ ᠰᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ
ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠬᠠᠩᠭᠢᠨ ᠬᠣᠰᠢᠭᠤᠨ ᠤ᠋ ᠰᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠭᠰᠡᠨ
ᠡᠭᠦᠨ ᠦ᠌ ᠬᠠᠮᠲᠤ 《 ᠪᠦᠬᠦ ᠡᠣᠯᠣᠰ ᠤ᠋ᠨ ᠱᠢᠭᠦᠬᠦ ᠬᠣᠷᠢᠢ᠎ᠠ ᠶ᠋ᠢᠨ ᠡᠢᠷᠬᠡᠠ ᠶ᠋ᠢᠨ ᠬᠡᠷᠡᠶᠡ ᠬᠤᠳᠠᠯᠳᠤᠭᠠᠨ ᠤ᠋ ᠬᠡᠷᠡᠭ ᠢ᠋ ᠰᠢᠭᠦᠨ ᠲᠠᠰᠤᠯᠬᠤ ᠡᠠᠵᠢᠯ ᠤ᠋ᠨ ᠬᠤᠷᠠᠯ ᠤ᠋ᠨ ᠲᠣᠪᠴᠢ 》 ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠡᠠᠵᠢᠯ ᠮᠡᠷᠭᠡᠵᠢᠯ ᠦ᠋ᠨ ᠵᠢᠭᠡᠯᠡᠯᠭᠡ ᠵᠢᠭᠡᠯᠡᠭᠦᠯᠦᠭᠴᠢ ᠳ᠋ᠦ᠍ ᠬᠣᠯᠪᠣᠭᠳᠠᠭᠰᠠᠨ ᠵᠢᠬᠡᠯᠠᠯᠬᠡᠶ᠋ᠢᠨ ᠬᠡᠷᠡᠶᠡ ᠶ᠋ᠢ ᠰᠢᠭᠦᠨ ᠰᠢᠢᠳᠪᠦᠷᠢᠯᠡᠬᠦ᠂ ᠪᠠᠢᠴᠠᠭᠠᠨ ᠰᠤᠳᠤᠯᠬᠤ ᠲᠣᠭᠣᠢᠯᠠᠠᠢᠠ ᠳ᠋ᠤ᠌ ᠬᠣᠯᠪᠣᠭᠳᠠᠭᠰᠠᠨ ᠵᠢᠬᠡᠯᠠᠯᠬᠡᠶ᠋ᠢᠨ ᠬᠡᠷᠡᠭ ᠶ᠋ᠢ ᠰᠢᠭᠦᠨ ᠲᠠᠰᠤᠯᠤᠭᠰᠠᠨ ᠪᠠᠢᠳᠠᠯ ᠂ ᠡᠠᠵᠢᠯ ᠮᠡᠷᠭᠡᠵᠢᠯ ᠦ᠋ᠨ ᠵᠢᠬᠡᠯᠠᠯᠬᠡᠲᠠᠯᠪᠢᠭᠴᠢ ᠶ᠋ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠵᠠᠷᠬᠡ ᠪᠠᠢᠳᠠᠯ ᠤ᠋ᠨ ᠲᠤᠬᠠᠢ ᠪᠠᠢᠴᠠᠭᠠᠨ ᠰᠤᠳᠤᠯᠤᠯᠲᠠ ᠬᠢᠪᠡ ᠃
ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠣᠲᠣᠭ ᠬᠣᠰᠢᠭᠤᠨ ᠤ᠋ ᠰᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ
ᠪᠠᠢᠴᠠᠭᠠᠨ ᠰᠤᠳᠤᠯᠬᠤ ᠳᠤᠭᠤᠢᠯᠠᠩ ᠤ᠋ᠨ ᠣᠲᠣᠭ ᠤ᠋ᠨ ᠡᠮᠦᠨᠡᠲᠦ ᠬᠣᠰᠢᠭᠤᠨ ᠤ᠋ ᠰᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ
ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠬᠢᠶ᠎ᠡ ᠪᠠᠭᠰᠢ ᠲᠣᠭᠣᠷᠢᠭ ᠤ᠋ᠨ ᠱᠢᠭᠦᠬᠦ ᠬᠣᠷᠢᠶᠠᠨ ᠳ᠋ᠤ᠌ ᠪᠠᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ
ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠳᠤᠮᠳᠠᠬᠢ ᠵᠢᠭᠡᠯᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠨᠢ ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ ᠂ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠠᠢᠷᠢᠯᠠᠭᠤᠯᠤᠯᠲᠠ ᠳ᠋ᠤ᠌ ᠬᠠᠨᠳᠤᠭᠤᠯᠤᠭᠰᠠᠨ ᠲᠤᠬᠠᠢᠯᠠᠭᠰᠠᠨ ᠠᠵᠢᠯ ᠢ᠋ ᠵᠢᠯᠣᠭᠣᠳᠬᠤ ᠠᠵᠢᠯ ᠢ᠋ ᠴᠢᠩᠭ᠎ᠠ ᠲᠤᠤᠱᠯᠠᠭᠤᠯᠤᠨ ᠨᠠᠢᠳᠠᠪᠤᠷᠢᠵᠢᠭᠤᠯᠵᠤ ᠂ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠨᠡᠪᠲᠡᠷᠡᠯᠴᠡᠭᠡ ᠰᠣᠯᠢᠯᠴᠠᠭ᠎ᠠ ᠶ᠋ᠢ ᠤᠯᠠᠮ ᠨᠢᠭᠡ ᠠᠯᠬᠤᠮ ᠴᠢᠩᠭᠠᠳᠭᠠᠵᠤ ᠂ ᠰᠢᠭᠦᠨ ᠲᠠᠰᠤᠯᠤᠯᠲᠠ ᠶ᠋ᠢᠨ ᠰᠡᠳᠭᠢᠮᠵᠢ ᠶ᠋ᠢ ᠨᠢᠭᠡᠳᠦᠯᠲᠡᠢ ᠪᠣᠯᠭᠠᠵᠤ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠳᠤᠮᠳᠠᠬᠢ ᠵᠢᠭᠡᠯᠡᠯᠭᠡ ᠶ᠋ᠢᠨ ᠬᠡᠷᠡᠭ ᠢ᠋ ᠱᠢᠭᠦᠨ ᠲᠠᠰᠤᠯᠤᠭᠰᠠᠨ ᠴᠢᠨᠠᠷ ᠦᠷ᠎ᠡ ᠪᠦᠲᠦᠮᠵᠢ ᠶ᠋ᠢ ᠦᠨᠡᠨᠬᠦ ᠳᠡᠭᠡᠭᠰᠢᠯᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ