ᠨᠠᠮ ᠤ᠋ᠨ ᠬᠣᠷᠢᠶ᠎ᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠶ᠋ᠢᠨ 《 ᠴᠢᠩᠭ᠎ᠠ ᠴᠡᠭᠴᠡᠯᠡᠨ ᠵᠠᠰᠠᠬᠤ ᠂  ᠳᠡᠭᠡᠭᠰᠢᠯᠡᠭᠦᠯᠬᠦ  ᠶ᠋ᠢ ᠠᠬᠢᠭᠤᠯᠬᠤ ᠂ ᠳᠦᠷᠢ ᠲᠥᠷᠬᠦ ᠶ᠋ᠢ ᠪᠣᠢ ᠪᠣᠯᠭᠠᠬᠤ 》 ᠰᠠᠬᠢᠯᠭ᠎ᠠ ᠬᠡᠪ ᠰᠤᠷᠲᠠᠯ ᠤ᠋ᠨ ᠳᠤᠭᠤᠢᠯᠠᠩ ᠬᠣᠲᠠ ᠶ᠋ᠢᠨ ᠳᠤᠮᠳᠠ ᠬᠣᠷᠢᠶ᠎ᠠ ᠳ᠋ᠤ᠌ ᠰᠤᠳᠤᠯᠤᠯᠲᠠ ᠬᠢᠵᠦ ᠵᠢᠯᠣᠭᠣᠳᠬᠤ ᠠᠵᠢᠯ
2020.09.07 ᠲᠣᠰ ᠥᠷᠲᠡᠭᠡᠨ᠎ᠦ ᠨᠠᠢᠷᠠᠭᠤᠯᠤᠭᠴᠢ

6 ᠰᠠᠷ᠎ᠠ ᠶ᠋ᠢᠨ 11  ᠦ᠌ ᠡᠳᠦᠷ ᠂ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠪᠠᠢᠩᠭᠤ ᠶ᠋ᠢᠨ ᠳᠡᠳ᠋ ᠱᠦᠵᠢ ᠸᠠᠨ ᠱᠢ ᠪᠢᠨ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ 《 ᠴᠢᠩᠭ᠎ᠠ ᠴᠡᠭᠴᠡᠯᠡᠨ ᠵᠠᠰᠠᠬᠤ ᠂  ᠳᠡᠭᠡᠭᠰᠢᠯᠡᠭᠦᠯᠬᠦ  ᠶ᠋ᠢ ᠠᠬᠢᠭᠤᠯᠬᠤ ᠂ ᠳᠦᠷᠢ ᠲᠥᠷᠬᠦ ᠶ᠋ᠢ ᠪᠣᠢ ᠪᠣᠯᠭᠠᠬᠤ 》 ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠪᠠᠢᠴᠠᠭᠠᠨ ᠰᠤᠳᠤᠯᠵᠤ ᠬᠢᠨᠠᠨ ᠵᠢᠯᠣᠭᠣᠳᠬᠤ ᠶ᠋ᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ ᠃ ᠣᠷᠳᠣᠰ ᠬᠣᠲᠠ ᠶ᠋ᠢᠨ ᠳᠤᠮᠳᠠᠳᠤ ᠰᠤᠷᠭᠠᠭᠤᠯᠢ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦ᠍ ᠯᠢ ᠵᠢᠶᠦ᠋ᠨ᠂ ᠨᠠᠮ ᠤ᠋ᠨ ᠤᠳᠤᠷᠢᠳᠬᠤ ᠳᠤᠭᠤᠢᠯᠠᠩ ᠤ᠋ᠨ  ᠭᠡᠰᠢᠭᠦᠨ᠂ ᠳᠡᠳ᠋ ᠳᠠᠷᠤᠭ᠎ᠠ ᠯᠢ ᠵᠢᠩ ᠭᠦᠸᠧ᠂ ᠨᠠᠮ ᠤ᠋ᠨ ᠤᠳᠤᠷᠢᠳᠬᠤ ᠳᠤᠭᠤᠢᠯᠠᠩ ᠤ᠋ᠨ  ᠭᠡᠰᠢᠭᠦᠨ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠪᠠᠢ ᠯᠠᠨ ᠵᠣ᠌ ᠵᠢᠴᠢ ᠬᠣᠲᠠ ᠶ᠋ᠢᠨ ᠳᠤᠮᠳᠠ ᠰᠤᠷᠭᠠᠭᠤᠯᠢ ᠶ᠋ᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠦ᠋ᠨ ᠺᠠᠲ᠋ᠷ ᠴᠠᠭᠳᠠᠭ᠎ᠠ ᠬᠤᠷᠠᠯ ᠳ᠋ᠤ᠌ ᠣᠷᠣᠯᠴᠠᠵᠠᠢ᠃

 ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠶ᠋ᠢᠨ ᠪᠠᠢᠩᠭᠤ ᠶ᠋ᠢᠨ ᠳᠡᠳ᠋ ᠱᠦᠵᠢ ᠸᠠᠨ ᠱᠢ ᠪᠢᠨ

 ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ
 ᠬᠤᠷᠠᠯ ᠳᠡᠭᠡᠷ᠎ᠡ ᠂ ᠯᠢ ᠵᠢᠩ ᠭᠦᠸᠧ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ 《 ᠴᠢᠩᠭ᠎ᠠ ᠴᠡᠭᠴᠡᠯᠡᠨ ᠵᠠᠰᠠᠬᠤ ᠂  ᠳᠡᠭᠡᠭᠰᠢᠯᠡᠭᠦᠯᠬᠦ ᠶ᠋ᠢ ᠠᠬᠢᠭᠤᠯᠬᠤ ᠂ ᠳᠦᠷᠢ ᠲᠥᠷᠬᠦ ᠶ᠋ᠢ ᠪᠣᠢ ᠪᠣᠯᠭᠠᠬᠤ 》 ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠥᠷᠨᠢᠭᠦᠯᠦᠭᠰᠡᠨ ᠪᠠᠢᠳᠠᠯ ᠤ᠋ᠨ ᠲᠤᠬᠠᠢ ᠳᠥᠭᠥᠮ ᠬᠠᠷᠢᠭᠤ ᠮᠡᠳᠡᠭᠦᠯᠦᠯᠲᠡ ᠬᠢᠵᠦ ᠂ ᠬᠤᠷᠠᠯ ᠳ᠋ᠤ᠌ ᠣᠷᠣᠯᠴᠠᠭᠰᠠᠳ ᠤ᠋ᠨ ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠵᠢᠴᠢ ᠡᠩᠨᠡᠭᠡ ᠶ᠋ᠢᠨ ᠪᠠᠢᠭᠤᠯᠤᠯᠲᠠ ᠶ᠋ᠢᠨ ᠳᠤᠮᠳᠠ  ᠣᠷᠤᠰᠢᠵᠤ ᠪᠠᠢᠭ᠎ᠠ ᠠᠰᠠᠭᠤᠳᠠᠯ ᠂ ᠠᠰᠠᠭᠤᠳᠠᠯ ᠤ᠋ᠨ ᠭᠣᠣᠯ  ᠰᠢᠯᠲᠠᠭᠠᠨ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠬᠡᠷᠬᠢᠨ ᠭᠦᠨᠵᠡᠭᠡᠢᠷᠡᠭᠦᠯᠬᠦ ᠂ ᠳᠣᠪᠣᠢᠮ᠎ᠠ ᠠᠰᠠᠭᠤᠳᠠᠯ ᠢ᠋  ᠰᠢᠢᠳᠪᠦᠷᠢᠯᠡᠬᠦ ᠂ ᠨᠠᠢᠳᠠᠪᠤᠷᠢᠵᠢᠭᠤᠯᠤᠯᠲᠠ ᠶ᠋ᠢ ᠪᠣᠢ ᠪᠣᠯᠭᠠᠭᠰᠠᠨ ᠪᠠᠢᠨ᠎ᠠ ᠃

 ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠯᠢ ᠵᠢᠩ ᠭᠦᠸᠧ
 ᠪᠠᠢᠴᠠᠭᠠᠨ ᠰᠤᠳᠤᠯᠵᠤ ᠬᠢᠨᠠᠨ ᠵᠢᠯᠣᠭᠣᠳᠬᠤ ᠳᠤᠭᠤᠢᠯᠠᠩ ᠠ᠋ᠴᠠ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠰᠠᠬᠢᠯᠭ᠎ᠠ ᠪᠠᠲᠤ ᠣᠪᠣᠷ ᠰᠤᠷᠲᠠᠯ ᠤ᠋ᠨ ᠬᠥᠮᠦᠵᠢᠯ ᠴᠡᠭᠴᠡᠯᠡᠯᠲᠡ ᠶ᠋ᠢᠨ ᠠᠵᠢᠯ ᠢ᠋ ᠭᠦᠢᠴᠡᠳ ᠨᠤᠲᠠᠯᠠᠵᠤ ᠂ ᠠᠵᠢᠯ ᠤ᠋ᠨ ᠰᠤᠷᠲᠠᠯ ᠢ᠋ ᠤᠯᠠᠮ ᠨᠢᠭᠡ ᠠᠯᠬᠤᠮ ᠴᠡᠭᠴᠡᠯᠡᠨ ᠵᠠᠰᠠᠬᠤ ᠶ᠋ᠢ ᠱᠠᠭᠠᠷᠳᠠᠵᠤ ᠂ ᠬᠡᠷᠡᠭ ᠢ᠋  ᠰᠢᠭᠦᠨ ᠲᠠᠰᠤᠯᠬᠤ ᠶᠠᠪᠤᠴᠠ ᠶ᠋ᠢ  ᠰᠢᠯᠢᠳᠡᠭᠵᠢᠭᠦᠯᠦᠨ ᠳᠠᠬᠢᠨ ᠪᠠᠢᠭᠤᠯᠬᠤ ᠶ᠋ᠢ ᠲᠡᠭᠦᠯᠳᠡᠷᠵᠢᠭᠦᠯᠵᠦ ᠂ ᠣᠶᠤᠨᠴᠢ  ᠰᠢᠭᠦᠬᠦ ᠬᠣᠷᠢᠶ᠎ᠠ ᠶ᠋ᠢ ᠶᠡᠬᠡᠪᠡᠷ ᠪᠦᠲᠦᠭᠡᠨ ᠪᠠᠢᠭᠤᠯᠵᠤ ᠂ ᠮᠡᠳᠡᠭᠡ ᠵᠠᠩᠭᠢᠴᠢᠯᠠᠯᠲᠠ ᠶ᠋ᠢᠨ ᠬᠢᠷᠢ  ᠲᠦᠪᠰᠢᠨ ᠢ᠋ᠶ᠋ᠡᠨ  ᠳᠡᠭᠡᠭᠰᠢᠯᠡᠭᠦᠯᠵᠦ ᠂ ᠺᠠᠲ᠋ᠷ ᠴᠠᠭᠳᠠᠭ᠎ᠠ ᠶ᠋ᠢᠨ ᠠᠵᠢᠯ ᠤ᠋ᠨ ᠳᠠᠷᠤᠯᠲᠠ ᠶ᠋ᠢ ᠡᠬᠢ ᠡᠭᠦᠰᠦᠯ ᠡᠴᠡ ᠨᠢ ᠬᠥᠩᠭᠡᠷᠡᠭᠦᠯᠵᠦ ᠂ ᠬᠡᠷᠡᠭ ᠢ᠋  ᠰᠢᠭᠦᠨ ᠲᠠᠰᠤᠯᠬᠤ ᠠᠵᠢᠯ ᠤ᠋ᠨ ᠴᠢᠨᠠᠷ ᠦᠷ᠎ᠡ  ᠠᠰᠢᠭ ᠢ᠋  ᠳᠡᠭᠡᠭᠰᠢᠯᠡᠭᠦᠯᠪᠡ ᠃

 ᠪᠠᠢᠴᠠᠭᠠᠨ ᠰᠤᠳᠤᠯᠵᠤ ᠬᠢᠨᠠᠨ ᠵᠢᠯᠣᠭᠣᠳᠬᠤ ᠳᠤᠭᠤᠢᠯᠠᠩ ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠦ᠋ᠨ ᠴᠡᠭᠴᠡᠯᠡᠬᠦ ᠠᠵᠢᠯ ᠤ᠋ᠨ ᠮᠠᠲ᠋ᠸᠷᠢᠶᠠᠯ
 ᠬᠤᠷᠠᠯ ᠤ᠋ᠨ ᠳᠠᠷᠠᠭ᠎ᠠ ᠂ ᠪᠠᠢᠴᠠᠭᠠᠨ ᠰᠤᠳᠤᠯᠵᠤ ᠬᠢᠨᠠᠨ ᠵᠢᠯᠣᠭᠣᠳᠬᠤ ᠳᠤᠭᠤᠢᠯᠠᠩ ᠨᠢ ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠲᠠᠢ ᠲᠤᠰ ᠲᠤᠰ ᠶᠠᠷᠢᠯᠴᠠᠭᠰᠠᠨ ᠤ᠋ ᠬᠠᠮᠲᠤ ᠬᠠᠮᠢᠶ᠎ᠠ ᠪᠦᠬᠦᠢ ᠠᠵᠢᠯ ᠤ᠋ᠨ ᠮᠠᠲ᠋ᠧᠷᠢᠶᠠᠯ ᠢ᠋ ᠪᠠᠢᠴᠠᠭᠠᠨ ᠦᠵᠡᠬᠦ ᠬᠡᠷᠡᠭᠲᠡᠢ ᠃
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )