ᠥᠪᠥᠷ ᠮᠣᠩᠭᠣᠯ ᠤ᠋ᠨ ᠳᠡᠭᠡᠳᠦ ᠰᠤᠷᠭᠠᠭᠤᠯᠢ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠳᠠᠷᠤᠭ᠎ᠠ ᠶᠠᠩ ᠽᠦᠩ ᠷᠧᠨ ᠪᠤᠭᠤᠲᠤ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠪᠠᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠣᠳᠬᠤ ᠠᠵᠢᠯ
2020.09.07 ᠲᠣᠰ ᠥᠷᠲᠡᠭᠡᠨ᠎ᠦ ᠨᠠᠢᠷᠠᠭᠤᠯᠤᠭᠴᠢ

6   ᠰᠠᠷ᠎ᠠ ᠶ᠋ᠢᠨ 5  ᠤ᠋ ᠡᠳᠦᠷ ᠡᠴᠡ 6  ᠤ᠋ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠵᠠᠬᠢᠷᠤᠯ ᠶᠠᠩ ᠽᠦᠩ ᠷᠧᠨ ᠪᠤᠭᠤᠲᠤ ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶ᠎ᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠪᠦᠬᠦ ᠤᠯᠤᠰ ᠤ᠋ᠨ《 ᠬᠣᠶᠠᠷ ᠬᠤᠷᠠᠯ 》 ᠤ᠋ᠨ ᠵᠣᠷᠢᠭ ᠰᠠᠨᠠᠭ᠎ᠠ ᠶ᠋ᠢ ᠪᠠᠢᠴᠠᠭᠠᠨ ᠰᠤᠳᠤᠯᠵᠤ ᠵᠢᠭᠠᠨ ᠵᠢᠯᠣᠭᠣᠳᠴᠤ ᠲᠤᠤᠱᠯᠠᠭᠤᠯᠬᠤ ᠂ 《 ᠵᠢᠷᠭᠤᠭᠠᠨ ᠲᠣᠭᠲᠠᠭᠤᠨ  ᠢ᠋ ᠪᠠᠲᠤᠯᠠᠬᠤ》  ᠂《 ᠵᠢᠷᠭᠤᠭᠠᠨ ᠲᠠᠭᠠᠳᠬᠠᠯ ᠢ᠋ ᠪᠠᠲᠤᠯᠠᠬᠤ》 ᠂ 《  ᠬᠣᠶᠠᠷ ᠨᠢᠭᠡ ᠥᠷᠲᠡᠭᠡᠨ ᠦ᠌ ᠬᠡᠯᠪᠡᠷᠢ  》 ᠶ᠋ᠢᠨ ᠪᠦᠲᠦᠭᠡᠨ ᠪᠠᠢᠭᠤᠯᠤᠯᠲᠠ ᠵᠡᠷᠭᠡ ᠭᠣᠣᠯᠳᠠᠯᠭ᠎ᠠ ᠲᠠᠢ ᠠᠵᠢᠯ ᠢ᠋ ᠨᠠᠷᠢᠨ ᠣᠨᠣᠪᠴᠢᠲᠠᠢ ᠪᠠᠷ ᠶᠠᠪᠤᠭᠳᠠᠭᠤᠯᠤᠨ᠎ᠠ ᠃ ᠬᠣᠷᠢᠶᠠᠨ ᠳᠠᠷᠤᠭ᠎ᠠ ᠶᠠᠩ ᠽᠦᠩ ᠷᠧᠨ ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠶᠠᠷᠢᠶ᠎ᠠ ᠪᠠ ᠪᠦᠬᠦ ᠤᠯᠤᠰ ᠤ᠋ᠨ 《 ᠬᠣᠶᠠᠷ ᠬᠤᠷᠠᠯ 》  ᠤ᠋ᠨ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ ᠂ 《 ᠢᠷᠭᠡᠨ ᠦ᠌ ᠬᠠᠤᠯᠢ ᠶ᠋ᠢᠨ ᠪᠢᠴᠢᠭ 》  ᠢ᠋ ᠰᠤᠷᠤᠯᠴᠠᠬᠤ ᠥᠷᠨᠢᠯᠲᠡ ᠶ᠋ᠢ ᠭᠠᠷᠭᠠᠬᠤ ᠂ ᠲᠥᠪ ᠭᠣᠣᠯᠴᠢ ᠠᠷᠢᠭᠤᠨ ᠴᠢᠬᠡᠴᠢ ᠰᠢᠭᠦᠬᠦ ᠬᠣᠷᠢᠶᠠᠨ ᠤ᠋ ᠡᠩᠨᠡᠭᠡ ᠶ᠋ᠢ ᠪᠠᠢᠭᠤᠯᠬᠤ ᠂ 《 ᠬᠠᠮᠢᠶᠠᠷᠤᠯᠲᠠ ᠶ᠋ᠢᠨ ᠣᠨ ᠳ᠋ᠤ᠌ ᠰᠢᠨ᠎ᠡ ᠶ᠋ᠢ ᠡᠭᠦᠳᠬᠦ 》  ᠪᠠᠷ ᠳᠠᠮᠵᠢᠭᠤᠯᠤᠨ  ᠰᠢᠭᠦᠨ ᠲᠠᠰᠤᠯᠤᠯᠲᠠ ᠶ᠋ᠢᠨ ᠴᠢᠨᠠᠷ ᠦᠷ᠎ᠡ  ᠠᠰᠢᠭ ᠪᠦᠬᠦ ᠲᠠᠯ᠎ᠠ ᠪᠠᠷ  ᠳᠡᠭᠡᠭᠰᠢᠯᠡᠭᠦᠯᠬᠦ ᠵᠡᠷᠭᠡ ᠠᠵᠢᠯ ᠢ᠋ᠶ᠋ᠠᠷ ᠪᠠᠢᠷᠢᠯᠠᠭᠤᠯᠤᠯᠲᠠ ᠬᠢᠵᠡᠢ ᠃ ᠳᠡᠭᠡᠳᠦ ᠰᠤᠷᠭᠠᠭᠤᠯᠢ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠸᠠᠩ ᠸᠠᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠪᠡ ᠃
 ᠪᠤᠭᠤᠲᠤ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠬᠣᠷᠢᠶᠠᠨ ᠳᠠᠷᠤᠭ᠎ᠠ ᠹᠠᠨ ᠵᠢᠶᠦ᠋ᠨ ᠹᠧᠩ ᠪᠤᠭᠤᠲᠤ ᠬᠣᠲᠠ ᠶ᠋ᠢᠨ ᠬᠣᠶᠠᠷ ᠱᠠᠲᠤᠨ ᠤ᠋  ᠰᠢᠭᠦᠬᠦ ᠬᠣᠷᠢᠶ᠎ᠠ ᠶ᠋ᠢᠨ ᠳᠡᠭᠡᠷ᠎ᠡ ᠬᠠᠭᠠᠰ ᠵᠢᠯ ᠦ᠋ᠨ ᠪᠦᠬᠦᠯᠢ ᠠᠵᠢᠯ ᠤ᠋ᠨ ᠪᠠᠢᠳᠠᠯ ᠤ᠋ᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠬᠢᠵᠢᠭ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋  ᠪᠠᠢᠩᠭᠤᠴᠢᠯᠠᠬᠤ ᠣᠨᠴᠠᠭᠠᠢ ᠴᠠᠭ ᠦᠶ᠎ᠡ ᠳ᠋ᠦ᠍ ᠪᠤᠭᠤᠲᠤ ᠬᠣᠲᠠ ᠶ᠋ᠢᠨ  ᠰᠢᠭᠦᠬᠦ ᠬᠣᠷᠢᠶ᠎ᠠ ᠬᠢᠵᠢᠭ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠠᠷᠢᠭᠤᠴᠠᠯᠭ᠎ᠠ ᠶ᠋ᠢ ᠰᠠᠢᠲᠤᠷ ᠨᠠᠢᠳᠠᠪᠤᠷᠢᠵᠢᠭᠤᠯᠬᠤ ᠶ᠋ᠢ ᠲᠡᠷᠢᠭᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠵᠤ ᠂ ᠡᠯ᠎ᠡ ᠵᠦᠢᠯ ᠦ᠋ᠨ ᠵᠠᠷᠭᠤ ᠶ᠋ᠢᠨ ᠠᠵᠢᠯᠯᠠᠭ᠎ᠠ ᠶ᠋ᠢ ᠵᠣᠬᠢᠰᠲᠠᠢ ᠲᠣᠬᠢᠷᠠᠭᠤᠯᠤᠨ᠎ᠠ ᠃  ᠰᠢᠭᠦᠨ ᠲᠠᠰᠤᠯᠬᠤ ᠭᠦᠢᠴᠡᠳᠭᠡᠬᠦ ᠡᠯ᠎ᠡ ᠵᠦᠢᠯ ᠦ᠋ᠨ ᠠᠵᠢᠯ ᠢ᠋ ᠪᠥᠬᠥ ᠲᠠᠯ᠎ᠠ ᠪᠠᠷ ᠰᠠᠢᠲᠤᠷ ᠬᠢᠵᠦ ᠂ ᠬᠡᠷᠡᠭ ᠦ᠋ᠨ ᠴᠢᠨᠠᠷ ᠴᠢᠨᠰᠠᠭ᠎ᠠ ᠶ᠋ᠢ  ᠳᠡᠭᠡᠭᠰᠢᠯᠡᠭᠦᠯᠵᠦ᠂ 《 ᠵᠢᠷᠭᠤᠭᠠᠨ ᠲᠣᠭᠲᠠᠭᠤᠨ 》  ᠶ᠋ᠢᠨ ᠠᠵᠢᠯ ᠢ᠋ ᠰᠠᠢᠲᠤᠷ ᠬᠢᠵᠦ ᠂ 《 ᠵᠢᠷᠭᠤᠭᠠᠨ ᠪᠠᠲᠤᠯᠠᠭᠠᠲᠤ 》 ᠡᠭᠦᠷᠭᠡ ᠶ᠋ᠢ ᠨᠠᠢᠳᠠᠪᠤᠷᠢᠵᠢᠭᠤᠯᠤᠨ᠎ᠠ ᠃ ᠡᠷᠡᠭᠦᠦ ᠶ᠋ᠢᠨ ᠬᠡᠷᠡᠭ ᠬᠢᠭᠡᠳ ᠢᠷᠭᠡᠨ ᠦ᠌ ᠬᠡᠷᠡᠭ ᠂ ᠵᠠᠰᠠᠭ ᠵᠠᠬᠢᠷᠭᠠᠨ ᠤ᠋ ᠵᠢᠭᠤᠷᠠᠯᠳᠤᠭᠠᠨ ᠤ᠋ ᠵᠠᠭᠠᠭ ᠢ᠋ ᠣᠨᠣᠪᠴᠢᠲᠠᠢ  ᠡᠵᠡᠮᠰᠢᠵᠦ ᠂ ᠠᠵᠤ ᠠᠬᠤᠢᠯᠠᠯ ᠤ᠋ᠨ ᠬᠥᠮᠦᠨ ᠦ᠌ ᠪᠡᠶ᠎ᠡ ᠶ᠋ᠢᠨ ᠡᠷᠬᠡ ᠡᠳ᠋ ᠬᠥᠷᠥᠩᠭᠡ ᠶ᠋ᠢᠨ ᠡᠷᠬᠡ ᠶ᠋ᠢᠨ ᠬᠠᠮᠠᠭᠠᠯᠠᠯᠲᠠ ᠶ᠋ᠢ ᠴᠢᠩᠭᠠᠳᠭᠠᠪᠠ ᠃ ᠬᠢᠵᠢᠭ ᠦ᠋ᠨ ᠪᠠᠢᠳᠠᠯ ᠳ᠋ᠤ᠌ ᠨᠥᠯᠥᠭᠡᠯᠡᠭᠳᠡᠭᠰᠡᠨ ᠠᠵᠤ ᠠᠬᠤᠢᠯᠠᠯ ᠨᠢ ᠭᠦᠢᠴᠡᠳᠭᠡᠭᠳᠡᠭᠴᠢ ᠪᠣᠯᠤᠭᠰᠠᠨ ᠪᠠᠢᠪᠠᠯ ᠂ ᠬᠠᠤᠯᠢ ᠶᠣᠰᠣᠭᠠᠷ ᠠᠯᠪᠠᠲᠠᠨ ᠭᠦᠢᠴᠡᠳᠭᠡᠭᠦᠯᠬᠦ ᠠᠷᠭ᠎ᠠ ᠬᠡᠮᠵᠢᠶ᠎ᠡ ᠶ᠋ᠢ ᠪᠣᠯᠭᠣᠮᠵᠢᠲᠠᠢ ᠬᠡᠷᠡᠭᠯᠡᠬᠦ ᠬᠡᠷᠡᠭᠲᠡᠢ ᠃
 ᠣᠷᠣᠨ ᠠᠯᠤᠰᠯᠠᠨ ᠬᠡᠷᠡᠭ ᠪᠣᠯᠭᠠᠨ ᠳᠠᠩᠰᠠᠯᠠᠬᠤ ᠲᠤᠰᠭᠠᠢ ᠴᠣᠩᠬᠣ ᠭᠠᠷᠭᠠᠵᠤ ᠂ 《ᠣᠢᠷ᠎ᠠ ᠬᠠᠪᠢ ᠳ᠋ᠠᠭᠠᠨ ᠭᠤᠶᠤᠴᠢᠯᠠᠯ ᠢ᠋ ᠬᠦᠯᠢᠶᠡᠨ ᠠᠪᠴᠤ  ᠰᠢᠢᠳᠪᠦᠷᠢᠯᠡᠬᠦ ᠂ ᠬᠠᠷᠢᠶᠠᠯᠠᠬᠤ ᠡᠷᠬᠡ ᠶ᠋ᠢᠨ ᠬᠠᠷᠢᠶᠠᠯᠠᠯ ᠨᠢ ᠬᠤᠪᠢᠷᠠᠬᠤ ᠦᠭᠡᠢ ᠂ ᠲᠣᠭ᠎ᠠ ᠪᠠᠷᠢᠮᠲᠠ ᠶ᠋ᠢᠨ ᠰᠦᠯᠵᠢᠶ᠎ᠡ ᠪᠡᠷ ᠤᠯᠠᠮᠵᠢᠯᠠᠬᠤ》 ᠶ᠋ᠢᠨ ᠬᠠᠮᠲᠤᠷᠠᠨ ᠬᠥᠳᠡᠯᠦᠯᠴᠡᠬᠦ ᠭᠦᠢᠴᠡᠳᠭᠡᠬᠦ ᠲᠣᠭᠲᠠᠴᠠ ᠶ᠋ᠢ ᠪᠠᠢᠭᠤᠯᠪᠠ ᠃ ᠮᠠᠰᠢ ᠣᠯᠠᠨ  ᠰᠢᠭᠦᠬᠦ ᠬᠣᠷᠢᠶ᠎ᠠ ᠨᠢ ᠪᠤᠭᠤᠲᠤ ᠬᠣᠲᠠ ᠶ᠋ᠢᠨ ᠬᠠᠤᠯᠢ ᠶ᠋ᠢᠨ ᠤᠬᠠᠭᠠᠨ ᠤ᠋ ᠨᠡᠢᠭᠡᠮᠯᠢᠭ ᠦ᠋ᠨ ᠬᠤᠳᠠᠯᠳᠤᠭᠠᠨ ᠤ᠋ ᠶᠠᠪᠤᠳᠠᠯ ᠤ᠋ᠨ ᠬᠠᠤᠯᠢ ᠴᠠᠭᠠᠵᠠ ᠶ᠋ᠢᠨ ᠡᠶᠡᠳᠡᠭᠦᠯᠬᠦ ᠲᠥᠪ ᠲᠡᠢ ᠡᠶᠡᠳᠡᠭᠦᠯᠬᠦ ᠶ᠋ᠢ ᠵᠣᠯᠭᠠᠯᠳᠣᠭᠤᠯᠬᠤ ᠠᠵᠢᠯ ᠤ᠋ᠨ ᠲᠣᠭᠲᠠᠴᠠ ᠶ᠋ᠢ ᠪᠠᠢᠭᠤᠯᠵᠤ ᠂ ᠮᠥᠩᠭᠥᠨ ᠭᠦᠢᠯᠭᠡᠭᠡᠨ ᠦ᠌  ᠰᠢᠭᠦᠬᠦ ᠲᠢᠩᠬᠢᠮ ᠂ ᠮᠥᠩᠭᠥᠨ ᠭᠦᠢᠯᠭᠡᠭᠡᠨ ᠦ᠌ ᠵᠢᠭᠤᠷᠠᠯᠳᠤᠭᠠᠨ ᠢ᠋ ᠡᠶᠡᠳᠡᠭᠦᠯᠬᠦ ᠶ᠋ᠢ ᠵᠣᠯᠭᠠᠭᠤᠯᠬᠤ ᠲᠥᠪ ᠂ ᠠᠳᠠᠯ ᠠᠬᠤᠢ ᠶ᠋ᠢᠨ ᠵᠢᠭᠤᠷᠠᠯᠳᠤᠭᠠᠨ ᠢ᠋ ᠡᠶᠡᠳᠡᠭᠦᠯᠬᠦ ᠶ᠋ᠢ ᠵᠣᠯᠭᠠᠭᠤᠯᠬᠤ ᠲᠥᠪ ᠢ᠋ ᠪᠠᠢᠭᠤᠯᠪᠠ ᠃ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠢ᠋ ᠲᠡᠭᠦᠯᠳᠡᠷᠵᠢᠭᠦᠯᠵᠦ ᠂  ᠰᠢᠭᠦᠨ ᠲᠠᠰᠤᠯᠤᠯᠲᠠ ᠶ᠋ᠢᠨ ᠬᠢᠨᠠᠯᠲᠠ ᠬᠠᠮᠢᠶᠠᠷᠤᠯᠲᠠ ᠶ᠋ᠢ ᠴᠢᠩᠭᠠᠳᠭᠠᠵᠤ ᠂ ᠬᠠᠤᠯᠢ ᠴᠠᠭᠠᠵᠠ ᠶ᠋ᠢ ᠢᠯᠡ ᠪᠣᠯᠭᠠᠬᠤ ᠠᠵᠢᠯ ᠤ᠋ᠨ ᠲᠣᠭᠲᠠᠴᠠ ᠶ᠋ᠢ ᠪᠦᠷᠢᠨᠰᠢᠭᠦᠯᠦᠨ ᠲᠡᠭᠦᠯᠳᠡᠷᠵᠢᠭᠦᠯᠵᠦ ᠂  ᠰᠢᠭᠦᠨ ᠲᠠᠰᠤᠯᠬᠤ ᠭᠦᠢᠴᠡᠳᠭᠡᠬᠦ ᠠᠵᠢᠯ ᠤ᠋ᠨ ᠳᠤᠮᠳᠠᠬᠢ ᠬᠦᠴᠢᠷᠲᠡᠢ ᠠᠰᠠᠭᠤᠳᠠᠯ ᠢ᠋ ᠦᠨᠡᠨ ᠬᠦ᠌  ᠰᠢᠢᠳᠪᠦᠷᠢᠯᠡᠨ᠎ᠡ ᠃
 ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ   ᠰᠢᠭᠦᠬᠦ ᠬᠣᠷᠢᠶᠠᠨ ᠤ᠋ ᠳᠠᠷᠤᠭ᠎ᠠ ᠰᠦ᠍ ᠯᠢ ᠵᠢᠶᠦ᠋ᠨ ᠡᠨᠡ ᠵᠢᠯ ᠦ᠋ᠨ 1 ︱ 5 ᠰᠠᠷ᠎ᠠ ᠪᠣᠯᠲᠠᠯᠠᠬᠢ ᠬᠣᠶᠠᠷ ᠱᠠᠲᠤᠨ ᠤ᠋  ᠰᠢᠭᠦᠬᠦ ᠬᠣᠷᠢᠶᠠᠨ ᠤ᠋ ᠭᠣᠣᠯᠳᠠᠯᠭ᠎ᠠ ᠲᠠᠢ ᠠᠵᠢᠯ ᠤ᠋ᠨ ᠲᠣᠭᠣᠷᠢᠨ ᠳ᠋ᠤ᠌ ᠪᠠᠢᠴᠠᠭᠠᠨ ᠰᠤᠳᠤᠯᠬᠤ ᠳᠤᠭᠤᠢᠯᠠᠩ ᠳ᠋ᠤ᠌ ᠬᠠᠷᠢᠭᠤ ᠮᠡᠳᠡᠭᠦᠯᠦᠯᠲᠡ ᠬᠢᠵᠡᠢ᠃ ᠡᠨᠡ ᠵᠢᠯ ᠡᠴᠡ  ᠨᠠᠰᠢ᠂ ᠣᠷᠳᠣᠰ ᠬᠣᠲᠠ ᠶ᠋ᠢᠨ ᠬᠣᠶᠠᠷ ᠱᠠᠲᠤᠨ ᠤ᠋  ᠰᠢᠭᠦᠬᠦ ᠬᠣᠷᠢᠶ᠎ᠠ ᠬᠢᠵᠢᠭ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠ  ᠰᠢᠭᠦᠨ ᠲᠠᠰᠤᠯᠬᠤ ᠭᠦᠢᠴᠡᠳᠭᠡᠬᠦ ᠠᠵᠢᠯ ᠢ᠋ ᠬᠣᠶᠠᠷ ᠲᠠᠯ᠎ᠠ ᠪᠠᠷ ᠠᠳᠭᠤᠬᠤ ᠶ᠋ᠢ ᠪᠠᠷᠢᠮᠲᠠᠯᠠᠵᠤ᠂《ᠢᠨᠲ᠋ᠧᠷ ᠰᠦᠯᠵᠢᠶ᠎ᠡ+ᠵᠠᠷᠭᠤᠯᠳᠠᠭ᠎ᠠ ᠦᠢᠯᠡᠴᠢᠯᠡᠭᠡᠨ ᠤ᠋ ᠵᠠᠭᠪᠤᠷ》 ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠵᠠᠭᠪᠤᠷ ᠢ᠋ ᠡᠭᠦᠳᠴᠦ᠂ 《e ᠡᠶᠡᠳᠡᠭᠦᠯᠬᠦ 》᠂ ᠠᠷᠠᠳ ᠤ᠋ᠨ  ᠰᠢᠭᠦᠬᠦ ᠬᠣᠷᠢᠶᠠᠨ ᠤ᠋ ᠡᠶᠡᠳᠡᠭᠦᠯᠬᠦ ᠲᠠᠪᠴᠠᠩ ᠵᠡᠷᠭᠡ ᠳᠥᠭᠥᠮ ᠲᠦᠳᠡ ᠥᠨᠳᠥᠷ ᠪᠦᠲᠦᠮᠵᠢᠲᠡᠢ ᠰᠦᠯᠵᠢᠶᠡᠨ ᠳᠡᠭᠡᠷ᠎ᠡ ᠬᠡᠷᠡᠭ ᠢ᠋ ᠡᠶᠡᠳᠡᠭᠦᠯᠵᠦ᠂ ᠳᠡᠭᠡᠷ᠎ᠡ ᠭᠠᠷᠤᠭᠰᠠᠨ 《ᠡᠭᠦᠯᠡᠨ ᠵᠠᠪᠰᠠᠷ》 ᠤ᠋ᠨ ᠰᠦᠯᠵᠢᠶᠡᠨ ᠳᠡᠭᠡᠷᠡᠬᠢ ᠬᠠᠷᠠᠭᠠᠨ ᠳᠠᠪᠲᠠᠮᠵᠢ ᠶ᠋ᠢᠨ ᠲᠢᠩᠬᠢᠮ ᠦ᠋ᠨ  ᠰᠢᠭᠦᠯᠲᠡ ᠶ᠋ᠢᠨ  ᠰᠢᠰᠲ᠋ᠧᠮ ᠢ᠋ ᠪᠠᠢᠭᠤᠯᠵᠤ᠂ ᠣᠨᠴᠠᠭᠠᠢ ᠴᠠᠭ ᠦᠶ᠎ᠡ ᠶ᠋ᠢᠨ ᠲᠤᠬᠠᠢ ᠶ᠋ᠢᠨ ᠬᠥᠮᠦᠨ ᠦ᠌ ᠤᠲᠠᠰᠤ ᠶ᠋ᠢ ᠣᠷᠣᠭᠤᠯᠬᠤ ᠶ᠋ᠢ ᠪᠠᠲᠤᠯᠠᠨ᠎ᠠ᠃ 《 ᠵᠢᠷᠭᠤᠭᠠᠨ ᠲᠣᠭᠲᠠᠭᠤᠨ》 ᠤ᠋ ᠠᠵᠢᠯ ᠢ᠋ ᠰᠠᠢᠲᠤᠷ ᠬᠢᠵᠦ ᠂ 《 ᠵᠢᠷᠭᠤᠭᠠᠨ ᠪᠠᠲᠤᠯᠠᠭᠠᠲᠤ 》  ᠶ᠋ᠢᠨ ᠡᠭᠦᠷᠭᠡ ᠶ᠋ᠢ ᠨᠠᠢᠳᠠᠪᠤᠷᠢᠵᠢᠭᠤᠯᠵᠤ ᠂ 《 ᠠᠵᠤ ᠠᠬᠤᠢᠯᠠᠯ ᠤ᠋ᠨ ᠰᠢᠨ᠎ᠡ ᠲᠢᠲᠢᠮ ᠠᠭᠤᠰᠭᠢᠨ ᠦᠷᠪᠢᠰᠦᠯ ᠢ᠋ ᠠᠷᠭᠠᠴᠠᠬᠤ ᠳ᠋ᠤ᠌  ᠰᠢᠭᠦᠨ ᠲᠠᠰᠤᠯᠬᠤ ᠡᠭᠦᠷᠭᠡ ᠴᠢᠳᠠᠪᠤᠷᠢ ᠶ᠋ᠢ ᠪᠠᠳᠠᠷᠠᠭᠤᠯᠬᠤ ᠶ᠋ᠢ ᠳᠡᠮᠵᠢᠵᠦ ᠠᠵᠤ ᠠᠬᠤᠢᠯᠠᠯ ᠤ᠋ᠨ ᠡᠷᠡᠭᠦᠯ ᠢ᠋ᠶ᠋ᠡᠷ ᠬᠥᠭᠵᠢᠬᠦ ᠶ᠋ᠢ ᠪᠠᠲᠤᠯᠠᠬᠤ ᠲᠤᠬᠠᠢ ᠰᠠᠨᠠᠯ 》  ᠢ᠋ ᠲᠣᠭᠲᠠᠭᠠᠨ ᠨᠡᠢᠲᠡᠯᠡᠵᠦ ᠂ ᠠᠵᠤ ᠠᠬᠤᠢᠯᠠᠯ ᠤ᠋ᠨ ᠬᠥᠭᠵᠢᠯᠲᠡ ᠶ᠋ᠢᠨ ᠢᠲᠡᠭᠡᠯ ᠵᠣᠷᠢᠭ ᠢ᠋ ᠲᠣᠭᠲᠠᠪᠤᠷᠢᠵᠢᠭᠤᠯᠤᠨ᠎ᠠ ᠃
 《 ᠬᠣᠶᠠᠷ ᠨᠢᠭᠡ ᠥᠷᠲᠡᠭᠡᠨ ᠦ᠌ ᠬᠡᠯᠪᠡᠷᠢ》 ᠶ᠋ᠢᠨ ᠪᠠᠢᠭᠤᠯᠤᠯᠲᠠ ᠶ᠋ᠢ ᠠᠬᠢᠭᠤᠯᠵᠤ ᠂ 《 ᠵᠠᠷᠭᠤ ᠶ᠋ᠢᠨ ᠪᠤᠰᠤ ᠠᠵᠢᠯᠯᠠᠭ᠎ᠠ》 ᠶ᠋ᠢ ᠪᠠᠢᠢᠩᠭᠤᠵᠢᠭᠤᠯᠬᠤ ᠂ ᠣᠶᠤᠨᠴᠢᠯᠠᠬᠤ ᠂ ᠵᠢᠷᠤᠮᠵᠢᠭᠤᠯᠬᠤ ᠶ᠋ᠢ ᠢᠳᠡᠪᠬᠢᠲᠡᠢ ᠠᠬᠢᠭᠤᠯᠪᠠ ᠃ ᠣᠯᠠᠨ  ᠡᠰᠢᠲᠦ ᠡᠶᠡᠳᠡᠭᠦᠯᠬᠦ ᠲᠥᠪ ᠢ᠋ ᠪᠠᠢᠭᠤᠯᠤᠨ 《 ᠰᠠᠯᠭᠠᠵᠤ ᠡᠶᠡᠳᠡᠭᠦᠯᠬᠦ ᠬᠢᠨᠠᠬᠤ 》 ᠲᠣᠭᠲᠠᠴᠠ ᠶ᠋ᠢᠨ ᠥᠭᠡᠷᠡᠴᠢᠯᠡᠯᠲᠡ ᠶ᠋ᠢ ᠯᠠᠪᠳᠠᠭᠤᠨ ᠢ᠋ᠶ᠋ᠠᠷ ᠠᠬᠢᠭᠤᠯᠵᠤ ᠂ 《 ᠢᠷᠭᠡᠨ ᠦ᠌ ᠳᠥᠭᠥᠮ ᠬᠡᠷᠡᠭ ᠢ᠋ ᠲᠦᠷᠭᠡᠨ  ᠰᠢᠭᠦᠬᠦ ᠠᠵᠢᠯ ᠤ᠋ᠨ ᠲᠥᠰᠦᠯ 》 ᠢ᠋ ᠲᠣᠭᠲᠠᠭᠠᠵᠤ ᠂ 《ᠢᠷᠭᠡᠨ ᠦ᠌ ᠬᠡᠷᠡᠭ ᠦ᠋ᠨ ᠲᠦᠷᠭᠡᠨ  ᠰᠢᠭᠦᠯᠲᠡ ᠶ᠋ᠢᠨ ᠬᠡᠷᠡᠭ ᠢ᠋ ᠰᠠᠯᠭᠠᠬᠤ ᠠᠵᠢᠯ ᠤ᠋ᠨ ᠳᠦᠷᠢᠮ》 ᠢ᠋ ᠲᠣᠭᠲᠠᠭᠠᠵᠤ ᠂ ᠬᠡᠷᠡᠭ ᠪᠣᠯᠭᠠᠨ ᠳᠠᠩᠰᠠᠯᠠᠬᠤ ᠣᠶᠤᠨᠴᠢ ᠬᠡᠷᠡᠭ ᠪᠣᠯᠭᠠᠨ ᠳᠠᠩᠰᠠᠯᠠᠬᠤ  ᠶᠠᠷᠰᠢᠭ ᠲᠦᠪᠡᠭᠲᠡᠢ ᠨᠢ ᠬᠢᠯᠪᠠᠷ ᠳᠥᠭᠥᠮ ᠰᠠᠯᠭᠠᠬᠤ  ᠰᠢᠰᠲ᠋ᠧᠮ ᠪᠠ ᠰᠠᠯᠭᠠᠵᠤ ᠬᠢᠨᠠᠬᠤ  ᠰᠢᠰᠲ᠋ᠧᠮ ᠢ᠋ ᠲᠣᠭᠲᠠᠭᠠᠵᠤ ᠂ ᠳᠥᠭᠥᠮ ᠬᠡᠷᠡᠭ ᠢ᠋ ᠲᠦᠷᠭᠡᠨ ᠬᠢᠨᠠᠬᠤ ᠂ ᠪᠤᠳᠤᠯᠢᠶᠠᠨᠲᠠᠢ ᠬᠡᠷᠡᠭ ᠢ᠋ ᠨᠠᠷᠢᠯᠢᠭ  ᠰᠢᠭᠦᠬᠦ ᠶ᠋ᠢ ᠪᠡᠶᠡᠯᠡᠭᠦᠯᠪᠡ ᠃
 ᠪᠥᠬᠥ ᠤᠯᠤᠰ ᠤ᠋ᠨ 《ᠬᠣᠶᠠᠷ ᠬᠤᠷᠠᠯ》 ᠤ᠋ᠨ ᠵᠣᠷᠢᠭ ᠰᠠᠨᠠᠭ᠎ᠠ ᠪᠠᠷ ᠰᠢᠭᠦᠬᠦ ᠬᠣᠷᠢᠶᠠᠨ ᠤ᠋ ᠠᠵᠢᠯ ᠤ᠋ᠨ ᠬᠥᠭᠵᠢᠯᠲᠡ ᠶ᠋ᠢ ᠬᠥᠲᠥᠯᠦᠨ ᠳᠠᠭᠠᠭᠤᠯᠵᠤ ᠂ 《ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 2020 ᠣᠨ ᠤ᠋ ᠠᠵᠢᠯ ᠤ᠋ᠨ ᠭᠣᠣᠯ ᠠᠭᠤᠯᠭ᠎ᠠ ᠵᠢᠴᠢ 《 ᠰᠢᠨ᠎ᠡ ᠶ᠋ᠢ ᠡᠭᠦᠳᠬᠦ ᠬᠠᠮᠢᠶᠠᠷᠤᠯᠲᠠ ᠶ᠋ᠢᠨ ᠣᠨ》 ᠤ᠋ ᠠᠵᠢᠯᠯᠠᠭᠠᠨ ᠤ᠋ ᠠᠵᠢᠯ ᠤ᠋ᠨ ᠬᠠᠷᠠᠯᠲᠠ ᠡᠭᠦᠷᠭᠡ》 ᠶ᠋ᠢ ᠲᠣᠭᠲᠠᠭᠠᠨ ᠲᠠᠷᠬᠠᠭᠠᠵᠤ ᠂ ᠠᠭᠤᠯᠭ᠎ᠠ ᠨᠢ ᠤᠯᠤᠰ ᠲᠥᠷᠥ ᠶ᠋ᠢᠨ ᠪᠠᠢᠭᠤᠯᠤᠯᠲᠠ ᠂ ᠶᠡᠬᠡ ᠲᠠᠯ᠎ᠠ ᠳ᠋ᠤ᠌ ᠦᠢᠯᠡᠴᠢᠯᠡᠬᠦ ᠂ ᠭᠣᠣᠯ ᠠᠵᠢᠯ ᠂ ᠡᠩᠨᠡᠭᠡᠨ ᠦ᠌ ᠪᠠᠢᠭᠤᠯᠤᠯᠲᠠ ᠵᠡᠷᠭᠡ 6 ᠲᠠᠯ᠎ᠠ ᠶ᠋ᠢᠨ 123 ᠵᠦᠢᠯ ᠦ᠋ᠨ ᠪᠣᠳᠠᠲᠠᠢ ᠠᠵᠢᠯ ᠢ᠋ ᠠᠭᠤᠯᠭ᠎ᠠ ᠶ᠋ᠢ ᠬᠠᠮᠤᠷᠪᠠ ᠃
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )